ᠴᠢᠩ ᠱᠠᠨ ᠲᠣᠰᠬᠤᠨ᠄ ᠵᠡᠮᠳᠡᠭᠴᠦᠳ ᠎ ᠢ ᠬᠠᠶᠢᠷᠠᠯᠠᠨ ᠬᠠᠯᠠᠮᠵᠢᠯᠠᠵᠤ ᠬᠦᠮᠦᠰ ᠤᠨ ᠰᠡᠳᠬᠢᠯ ᠢ ᠪᠠᠶᠠᠰᠬᠠᠨ᠎ᠠ
ᠨᠡᠶᠢᠲᠡᠯᠡᠭᠰᠡᠨ ᠴᠠᠭ᠄
2023/5/19
    ᠵᠡᠮᠳᠡᠭᠴᠦᠳ ᠪᠣᠯ ᠨᠡᠶᠢᠭᠡᠮ ᠤᠨ ᠶᠡᠭᠡ ᠭᠡᠷ ᠪᠦᠯᠢ ᠶᠢᠨ ᠨᠢᠭᠡᠨ ᠪᠦᠷᠢᠯᠳᠥᠭᠦᠨ ᠮᠥᠨ᠂ ᠪᠥᠬᠦ ᠨᠡᠶᠢᠭᠡᠮ ᠢᠶᠠᠷ ᠢᠶᠠᠨ ᠨᠠᠩ ᠢᠯᠡᠭᠦᠦ ᠬᠠᠯᠠᠮᠵᠢᠯᠠᠯ ᠪᠠ ᠬᠠᠪᠰᠤᠷᠤᠯᠭ᠎ᠠ  ᠥᠵᠡᠭᠦᠯᠬᠦ ᠴᠢᠬᠤᠯᠠᠲᠠᠢ ᠣᠨᠴᠠᠭᠠᠶ ᠡᠲᠡᠭᠡᠳ ᠮᠥᠨ᠃ ᠲᠤᠰ ᠤᠳᠠᠭᠠᠨ ᠤ ᠲᠣᠬᠤᠨᠢᠭᠤᠯᠬᠤ ᠠᠵᠢᠯᠯᠠᠭ᠎ᠠ ᠪᠠᠷ ᠳᠡᠮᠵᠢᠨ᠂ ᠭᠠᠴᠠᠭᠠᠨ ᠤ ᠠᠷᠠᠳ ᠤᠨ ᠵᠥᠪᠯᠡᠯ ᠤᠨ ᠺᠠᠳ᠋ᠷ ᠪᠣᠳᠠᠲᠤ ᠠᠵᠢᠯᠯᠠᠭ᠎ᠠ ᠪᠠᠷ ᠢᠶᠠᠨ ᠵᠡᠮᠳᠡᠭᠴᠦᠳ ᠢ ᠬᠦᠨᠳᠦᠳᠬᠡᠵᠦ᠂ ᠬᠠᠯᠠᠮᠵᠢᠯᠠᠵᠤ᠂ ᠬᠠᠪᠰᠤᠷᠴᠤ᠂ ᠵᠡᠮᠳᠡᠭᠴᠦᠳ ᠤᠨ ᠥᠪᠡᠷ ᠢ ᠪᠠᠨ ᠢᠲᠡᠭᠡᠬᠦ᠂ ᠪᠡᠶ᠎ᠡ ᠪᠠᠨ ᠳᠠᠭᠠᠭᠠᠬᠤ᠂ ᠥᠪᠡᠷ ᠢ ᠪᠠᠨ ᠬᠦᠴᠦᠷᠬᠡᠭᠵᠢᠭᠦᠯᠬᠦ ᠢᠲᠡᠭᠡᠯ ᠵᠣᠷᠢᠭ ᠢ ᠨᠡᠮᠡᠭᠳᠡᠭᠦᠯᠦᠨ ᠂ ᠵᠡᠮᠳᠡᠭᠴᠦᠳ ᠲᠤ ᠨᠠᠮ ᠪᠣᠯᠣᠨ ᠵᠠᠰᠠᠭ ᠤᠨ ᠣᠷᠳᠣᠨ ᠤ ᠬᠠᠶᠢᠷ᠎ᠠ ᠬᠠᠯᠠᠮᠵᠢ ᠶᠢ ᠬᠥᠷᠲᠡᠭᠡᠭᠰᠡᠨ ᠢᠶᠠᠷ ᠪᠠᠷᠠᠬᠤ ᠦᠭᠡᠢ᠂ ᠪᠠᠰᠠ ᠳᠤᠮᠳᠠᠳᠤ ᠶᠢᠨ ᠦᠨᠳᠦᠰᠦᠲᠡᠨ ᠤ ᠪᠠᠭᠤᠷᠠᠢ ᠶᠢ ᠲᠡᠳᠬᠦᠵᠦ ᠵᠡᠮᠳᠡᠭᠴᠦᠳ ᠢ ᠲᠤᠰᠠᠯᠠᠬᠤ ᠤᠯᠠᠮᠵᠢᠯᠠᠯᠲᠤ ᠬᠡᠪ ᠰᠤᠷᠲᠠᠯ ᠢ ᠤᠯᠠᠮ ᠴᠢᠨᠠᠭᠰᠢᠳᠠ ᠪᠠᠳᠠᠷᠠᠭᠤᠯᠵᠤ᠂ ᠪᠦᠬᠦ ᠨᠡᠶᠢᠭᠡᠮ ᠢᠶᠠᠷ ᠢᠶᠠᠨ ᠵᠡᠮᠳᠡᠭᠴᠦᠳ ᠢ ᠬᠦᠨᠳᠦᠳᠬᠡᠬᠦ ᠂ ᠣᠶᠢᠯᠠᠭᠠᠬᠤ ᠂ ᠬᠠᠯᠠᠮᠵᠢᠯᠠᠬᠤ ᠂ ᠬᠠᠪᠰᠤᠷᠬᠤ ᠭᠦᠨ ᠵᠤᠵᠠᠭᠠᠨ ᠨᠡᠶᠢᠭᠡᠮ ᠤᠨ ᠠᠭᠤᠷ ᠠᠮᠢᠰᠬᠤᠯ ᠢ ᠪᠤᠢ ᠪᠣᠯᠭᠠᠪᠠ ᠃    ᠴᠢᠶᠠᠨ ᠸᠧᠨ ᠪᠥᠸᠧ ᠪᠣᠯ ᠴᠢᠩ ᠱᠠᠨ ᠲᠣᠰᠬᠤᠨ ᠤ ᠭᠤᠷᠪᠠᠳᠤᠭᠠᠷ ᠳᠤᠭᠤᠶᠢᠯᠠᠩ ᠤᠨ ᠠᠷᠠᠳ ᠴᠢᠶᠠᠨ ᠭᠤᠸᠠᠩ ᠱᠧᠩ ᠤᠨ ᠣᠮᠪᠣᠯᠣ ᠬᠦᠦ ᠪᠣᠯᠣᠨ᠎ᠠ ᠂ ᠭᠤᠷᠪᠠᠨ ᠨᠠᠰᠤ ᠬᠦᠷᠦᠭᠡᠳᠦᠢ ᠪᠠᠶᠢᠬᠤ ᠳᠤ ᠨᠢ ᠠᠪᠤ ᠨᠢ ᠲᠡᠷᠭᠡᠨ ᠠᠳᠡᠯ ᠢᠶᠠᠷ ᠨᠠᠰᠤ ᠪᠠᠷᠠᠵᠤ ᠂ ᠡᠪᠦᠭᠡ ᠡᠮᠡᠭᠡ ᠲᠠᠢ ᠪᠠᠨ ᠬᠠᠮᠲᠤ ᠠᠮᠢᠳᠤᠷᠠᠵᠠᠢ᠂ ᠭᠡᠷ ᠪᠦᠯᠢ ᠶᠢᠨ ᠬᠤᠪᠢᠷᠠᠯᠲᠠ ᠶᠢᠨ ᠰᠢᠯᠲᠠᠭᠠᠨ ᠠᠴᠠ ᠡᠨᠡ ᠬᠡᠥᠬᠡᠳ ᠬᠠᠷᠠᠬᠠᠨ ᠪᠠᠭ᠎ᠠ ᠠᠴᠠ ᠪᠠᠨ ᠵᠣᠵᠢᠭ ᠡᠪᠡᠳᠴᠢᠨ ᠲᠠᠢ ᠪᠣᠯᠵᠤ᠂ ᠬᠥᠮᠥᠨ ᠲᠠᠢ ᠬᠠᠷᠢᠯᠴᠠᠬᠤ ᠳᠤ ᠬᠦᠴᠢᠷᠲᠡᠢ ᠪᠠᠶᠢᠪᠠ ᠃    5 ᠰᠠᠷ᠎ᠠ ᠶᠢᠨ 3 ᠎ ᠤ ᠠᠮᠠᠷᠠᠯᠲᠠ ᠶᠢᠨ ᠡᠳᠥᠷ᠂ ᠴᠢᠩ ᠱᠠᠨ ᠲᠣᠰᠬᠤᠨ ᠤ ᠠᠷᠠᠳ ᠤᠨ ᠵᠥᠪᠯᠡᠯ ᠤᠨ ᠬᠢᠨ ᠡᠩ ᠤᠨ ᠬᠡᠦᠬᠡᠳ ᠎ ᠤᠳ ᠪᠦᠷ ᠠᠪᠤ ᠡᠵᠢ  ᠎ ᠨᠢ ᠬᠠᠨᠢ ᠪᠣᠯᠤᠨ ᠵᠤᠭᠠᠴᠠᠨ ᠨᠠᠭᠠᠳᠴᠤ᠂ ᠴᠢᠶᠠᠨ ᠸᠧᠨ ᠪᠥᠸᠧ ᠶᠢᠨ ᠡᠪᠦᠭᠡ ᠡᠮᠡᠭᠡ ᠨᠢ ᠨᠠᠰᠤ ᠠᠬᠠᠰᠢᠷᠠᠭᠰᠠᠨ ᠠᠴᠠ ᠲᠡᠭᠦᠨ ᠳᠤ ᠬᠠᠨᠢ ᠪᠣᠯᠵᠤ ᠨᠠᠭᠠᠳᠬᠤ ᠪᠠᠷ ᠭᠠᠷᠴᠤ ᠴᠢᠳᠠᠬᠤ ᠦᠭᠡᠢ ᠪᠠᠶᠢᠳᠠᠯ ᠢ ᠪᠤᠳᠤᠭᠠᠳ ᠂ ᠲᠣᠰᠬᠤᠨ ᠤ ᠠᠷᠠᠳ ᠤᠨ ᠵᠥᠪᠯᠡᠯ ᠤᠨ ᠭᠡᠰᠢᠭᠦᠨ ᠯᠢ ᠶᠢᠨ ᠪᠥᠸᠧ ᠪᠣᠯᠣᠨ ᠠᠨ ᠮᠢᠩ ᠰᠢᠶᠠ ᠶᠢ ᠭᠡᠷ ᠎ ᠲᠤ ᠨᠢ ᠲᠣᠮᠢᠯᠠᠨ ᠣᠴᠢᠭᠤᠯᠵᠤ ᠴᠢᠶᠠᠨ ᠸᠧᠨ ᠪᠥᠸᠧ ᠳᠤ ᠦᠯᠢᠭᠡᠷ ᠶᠠᠷᠢᠭᠤᠯᠤᠨ᠂ ᠰᠡᠳᠬᠢᠯ ᠰᠠᠨᠠᠭᠠᠨ ᠤ ᠲᠠᠯ᠎ᠠ ᠪᠠᠷ ᠵᠢᠯᠣᠭᠤᠳᠤᠯᠭ᠎ᠠ ᠬᠢᠯᠭᠡᠵᠦ᠂ ᠴᠢᠶᠠᠨ ᠸᠧᠨ ᠪᠥᠸᠧ ᠳᠤ ᠨᠡᠩ ᠤᠯᠠᠨ ᠵᠥᠢᠯ ᠢ ᠣᠶᠢᠯᠠᠭᠠᠭᠤᠯᠵᠤ ᠮᠡᠳᠡᠭᠦᠯᠥᠭᠰᠡᠨ ᠪᠠᠶᠢᠨ᠎ᠠ᠃    ᠨᠢᠭᠡ ᠪᠦᠯᠦᠭ ᠪᠠᠭᠠᠴᠤᠳ ᠤᠨ ᠵᠣᠷᠢᠭᠵᠢᠭᠤᠯᠤᠯ ᠤᠨ ᠦᠯᠢᠭᠡᠷ ᠪᠠ ᠰᠡᠳᠬᠢᠴᠡ ᠶᠢᠨ ᠵᠢᠯᠣᠭᠤᠳᠤᠯᠭ᠎ᠠ ᠪᠠᠷ ᠳᠡᠮᠵᠢᠨ᠂ ᠵᠡᠮᠳᠡᠭ ᠬᠡᠥᠬᠡᠳ ᠴᠢᠶᠠᠨ ᠸᠧᠨ ᠪᠥᠸᠧ ᠶᠢ ᠪᠠᠶᠠᠷᠯᠠᠭᠤᠯᠤᠨ ᠳᠡᠪᠬᠡᠴᠡᠭᠦᠯᠵᠦ᠂ ︽ᠪᠠᠶᠠᠷᠯᠠᠯ᠎ᠠ᠂ ᠪᠠᠶᠠᠷᠯᠠᠯ᠎ᠠ ︾ ᠭᠡᠵᠦ ᠨᠢᠭᠡ ᠯᠡ ᠬᠥᠭ ᠢᠶᠠᠷ ᠬᠡᠯᠡᠨ᠎ᠡ᠃ ᠲᠡᠭᠦᠨ ᠤ ᠡᠮᠡᠭᠡ ᠴᠧᠨ ᠢᠦᠢ ᠰᠢᠶᠠ ᠴᠤ ᠬᠡᠬᠦᠳᠡᠭ ᠳᠦᠭᠦᠷᠡᠩ ᠲᠠᠯᠠᠷᠬᠠᠯ ᠤᠨ ᠰᠡᠳᠬᠢᠯᠭᠡ ᠪᠠᠷ ᠲᠠ ᠨᠠᠷ ᠳᠠᠷᠠᠭᠠᠴᠢ ᠪᠠᠷ ᠦᠷᠭᠦᠯᠵᠢ ᠢᠷᠡᠬᠦ ᠶᠢ ᠬᠦᠰᠡᠵᠦ ᠪᠠᠶᠢᠨ᠎ᠠ ᠭᠡᠪᠡ᠃    ᠪᠢᠳᠡ ᠵᠡᠮᠳᠡᠭᠴᠦᠳ ᠎ ᠢ ᠬᠠᠪᠰᠤᠷᠤᠨ ᠲᠡᠳᠬᠦᠬᠦ ᠠᠵᠢᠯ ᠢ ᠦᠷᠭᠦᠯᠵᠢᠯᠡᠨ ᠰᠠᠶᠢᠲᠤᠷ ᠬᠢᠬᠦ ᠪᠠᠷ ᠵᠣᠷᠢᠭ ᠰᠢᠭᠤᠳᠴᠤ ᠂ ᠵᠡᠮᠳᠡᠭᠴᠦᠳ ᠢ ᠬᠠᠯᠠᠮᠵᠢᠯᠠᠬᠤ ᠂ ᠵᠡᠮᠳᠡᠭᠴᠦᠳ ᠢ ᠬᠠᠪᠰᠤᠷᠬᠤ ᠰᠠᠶᠢᠨ ᠰᠠᠶᠢᠬᠠᠨ ᠠᠭᠤᠷ ᠠᠮᠢᠰᠬᠤᠯ ᠢ ᠪᠦᠬᠦ ᠬᠦᠴᠦᠨ ᠢᠶᠠᠷ ᠢᠶᠠᠨ ᠪᠤᠢ ᠪᠣᠯᠭᠠᠵᠤ ᠂ ᠨᠡᠩ ᠤᠯᠠᠨ ᠵᠡᠮᠳᠡᠭᠴᠦᠳ ᠢ ᠨᠡᠶᠢᠭᠡᠮ ᠳᠤ ᠨᠡᠩ ᠰᠠᠶᠢᠨ  ᠠᠭᠤᠰᠤᠯᠴᠠᠭᠤᠯᠤᠨ᠂ ᠲᠡᠳᠡᠨ ᠳᠤ ᠨᠠᠮ ᠪᠠ ᠵᠠᠰᠠᠭ ᠤᠨ ᠣᠷᠳᠣᠨ ᠤ ᠬᠠᠶᠢᠷ᠎ᠠ ᠬᠠᠯᠠᠮᠵᠢ ᠶᠢ ᠥᠨᠡᠨ ᠬᠦ ᠬᠦᠷᠲᠡᠭᠡᠨ᠎ᠡ ᠃
 
ᠢᠷᠡᠯᠲᠡ᠄ ︽ᠪᠠᠭ᠋ᠠᠷᠤᠮ᠎ᠠ ᠰᠠᠶᠢᠬᠠᠨ ᠮᠣᠬᠤᠷ ᠭᠤᠣᠯ ᠪᠠᠯᠭᠠᠰᠤ ︾ ᠸᠢᠴᠠᠲ ᠨᠡᠶᠢᠲᠡ ᠶᠢᠨ ᠲᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1