ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ︽ᠣᠨᠣᠰᠢᠯᠠᠨ ᠡᠮᠨᠡᠬᠦ ᠮᠡᠳᠡᠭᠡ ᠵᠠᠩᠭᠢ ᠶᠢ ᠬᠠᠷᠢᠯᠴᠠᠨ ᠬᠤᠯᠪᠣᠭᠠᠯᠠᠵᠤ ᠬᠠᠮᠲᠤ ᠪᠠᠷ ᠡᠳ᠋ᠯᠡᠬᠦ︾᠎ ᠪᠠᠷ ᠬᠦᠴᠢᠷ ᠰᠢᠢᠳᠪᠥᠷᠢᠯᠡᠬᠦ ᠴᠡᠭ ᠪᠣᠯᠭᠠᠵᠤ ᠪᠦᠬᠦᠯᠢ ᠴᠣᠭᠴᠠ ᠶᠢᠨ ᠡᠮᠴᠢᠯᠡᠭᠡᠨ ᠤ ᠦᠢᠯᠡᠴᠢᠯᠡᠭᠡ ᠶᠢᠨ ᠬᠢᠷᠢ ᠲᠦᠪᠰᠢᠨ ᠢ ᠳᠡᠭᠡᠭᠰᠢᠯᠡᠭᠦᠯᠵᠦ ᠪᠠᠶᠢᠨ᠎ᠠ
ᠨᠡᠶᠢᠲᠡᠯᠡᠭᠰᠡᠨ ᠴᠠᠭ᠄
2023/5/19
    ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ︽ᠣᠨᠣᠰᠢᠯᠠᠨ ᠡᠮᠨᠡᠬᠦ ᠮᠡᠳᠡᠭᠡ ᠵᠠᠩᠭᠢ ᠶᠢ ᠬᠠᠷᠢᠯᠴᠠᠨ ᠬᠤᠯᠪᠣᠭᠠᠯᠠᠵᠤ ᠬᠠᠮᠲᠤ ᠪᠠᠷ ᠡᠳ᠋ᠯᠡᠬᠦ︾᠎ ᠪᠠᠷ ᠬᠦᠴᠢᠷ ᠰᠢᠢᠳᠪᠥᠷᠢᠯᠡᠬᠦ ᠴᠡᠭ ᠪᠣᠯᠭᠠᠵᠤ ᠪᠦᠬᠦᠯᠢ ᠴᠣᠭᠴᠠ ᠶᠢᠨ ᠡᠮᠴᠢᠯᠡᠭᠡᠨ ᠤ ᠦᠢᠯᠡᠴᠢᠯᠡᠭᠡ ᠶᠢᠨ ᠬᠢᠷᠢ ᠲᠦᠪᠰᠢᠨ ᠢ ᠳᠡᠭᠡᠭᠰᠢᠯᠡᠭᠦᠯᠵᠦ ᠪᠠᠶᠢᠨ᠎ᠠ ᠃ ᠡᠮᠴᠢᠯᠡᠭᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠪᠠᠷ ᠠᠵᠠ ᠲᠣᠬᠢᠶᠠᠯ ᠪᠣᠯᠭᠠᠵᠤ᠂ ᠡᠮᠴᠢᠯᠡᠭᠡᠨ ᠤ ᠬᠠᠮᠲᠤ ᠶᠢᠨ ᠴᠣᠭᠴᠠ ᠶᠢᠨ ᠣᠷᠣᠨ ᠪᠦᠰᠡ ᠶᠢᠨ ᠮᠡᠳᠡᠭᠡ ᠵᠠᠩᠭᠢᠵᠢᠯᠲᠠ ᠶᠢᠨ ᠲᠠᠪᠴᠠᠩ ᠢ ᠪᠣᠶ ᠪᠣᠯᠭᠠᠵᠤ᠂ ᠲᠠᠪᠴᠠᠩ ᠤᠨ ᠡᠭᠦᠯᠡᠨ HIS ᠰᠢᠰᠲ᠋ᠧᠮ᠂ ᠡᠭᠦᠯᠡᠨ PACS ᠰᠢᠰᠲ᠋ᠧᠮ᠂ ᠬᠠᠷᠠᠭᠠᠨ ᠳᠠᠪᠲᠠᠮᠵᠢ ᠶᠢᠨ ᠡᠭᠦᠯᠡᠨ ᠡᠮᠴᠢᠯᠡᠭᠡᠨ ᠤ ᠲᠠᠰᠤᠭ ᠵᠡᠷᠭᠡ ᠮᠡᠳᠡᠭᠡ ᠵᠠᠩᠭᠢ ᠶᠢᠨ ᠬᠠᠷᠢᠯᠴᠠᠨ ᠬᠤᠯᠪᠣᠭᠠᠯᠠᠬᠤ ᠴᠢᠳᠠᠮᠵᠢ ᠶᠢ ᠠᠰᠢᠭᠯᠠᠨ᠂ ᠬᠥᠳᠡᠭᠡ ᠲᠣᠰᠬᠤᠨ ᠤ ᠡᠷᠡᠭᠦᠯ ᠬᠠᠮᠠᠭᠠᠯᠠᠯ ᠤᠨ ᠬᠤᠷᠢᠶ᠎ᠠ᠂ ᠨᠡᠶᠢᠭᠡᠮ ᠲᠣᠭᠤᠷᠢᠭ ᠤᠨ ᠦᠢᠯᠡᠴᠢᠯᠡᠭᠡᠨ ᠤ ᠲᠥᠪ ᠲᠤ ᠴᠢᠳᠠᠮᠵᠢ ᠣᠯᠭᠤᠵᠤ᠂ ᠪᠥᠬᠦ  ᠲᠣᠭᠤᠷᠢᠭ ᠤᠨ ᠣᠨᠣᠰᠢᠯᠠᠨ ᠡᠮᠨᠡᠬᠦ ᠮᠡᠳᠡᠭᠡ ᠵᠠᠩᠭᠢ ᠶᠢ ᠬᠠᠮᠲᠤᠪᠠᠷ ᠭᠥᠷᠳᠡᠬᠦ ᠶᠢ ᠲᠦᠯᠬᠢᠨ ᠠᠬᠢᠭᠤᠯᠵᠤ᠂ ᠳᠠᠪᠬᠤᠷᠳᠠᠭᠤᠯᠤᠨ ᠪᠠᠶᠢᠴᠠᠭᠠᠵᠤ ᠣᠨᠣᠰᠢᠯᠠᠨ ᠡᠮᠨᠡᠬᠦ ᠦᠶᠯᠡ ᠠᠵᠢᠯᠯᠠᠭ᠎ᠠ ᠶᠢ ᠪᠠᠭᠠᠰᠬᠠᠨ᠂ ᠣᠯᠠᠨ ᠲᠦᠮᠡᠨ ᠤ ᠡᠪᠡᠳᠴᠢᠨ ᠦᠵᠡᠭᠦᠯᠬᠦ ᠳᠤ ︽ᠦᠨᠳᠦᠰᠦᠨ ᠱᠠᠲᠤᠨ ᠤ ᠪᠠᠶᠢᠴᠠᠭᠠᠯᠲᠠ᠂ ᠳᠡᠭᠡᠳᠦ ᠱᠠᠲᠤᠨ ᠤ ᠣᠨᠣᠰᠢᠯᠠᠯᠲᠠ᠂ ᠦᠢᠯᠡᠴᠢᠯᠡᠭᠡ ᠶᠢ ᠠᠳᠠᠯᠢ ᠶᠠᠰᠤ ᠴᠢᠨᠠᠷ ᠲᠠᠢ ᠪᠠᠶᠢᠯᠭᠠᠬᠤ︾᠎ ᠶᠢ ᠪᠡᠶᠡᠯᠡᠭᠦᠯᠵᠦ ᠪᠠᠶᠢᠨ᠎ᠠ ᠃ ᠣᠲᠣ ᠪᠣᠯᠲᠠᠯ᠎ᠠ᠂ ᠮᠡᠳᠡᠭᠡ ᠵᠠᠩᠭᠢ ᠶᠢᠨ ᠬᠠᠷᠢᠯᠴᠠᠨ ᠬᠤᠯᠪᠣᠭᠠᠯᠠᠬᠤ ᠲᠠᠪᠴᠠᠩ ᠢ 2 ᠪᠠᠶᠢᠭᠤᠯᠵᠤ᠂ ᠦᠨᠳᠦᠰᠦᠨ ᠱᠠᠲᠤᠨ ᠤ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠪᠠ ᠨᠡᠶᠢᠭᠡᠮ ᠲᠣᠭᠤᠷᠢᠭ ᠤᠨ ᠦᠢᠯᠡᠴᠢᠯᠡᠭᠡᠨ ᠤ ᠲᠥᠪ ᠢ 76 ᠪᠠᠶᠢᠭᠤᠯᠤᠭᠰᠠᠨ ᠪᠥᠭᠡᠳ ᠲᠠᠪᠴᠠᠩ ᠳᠤ ᠲᠦᠰᠢᠭᠯᠡᠨ ᠲᠣᠭᠤᠷᠢᠭ ᠤᠨ ᠱᠠᠲᠤᠨ ᠤ ᠡᠮᠨᠡᠯᠭᠡ ᠶᠢᠨ ᠬᠤᠷᠢᠶ᠎ᠠ ᠬᠢᠭᠡᠳ ᠦᠨᠳᠦᠰᠦᠨ ᠱᠠᠲᠤᠨ ᠤ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠠᠯᠤᠰ ᠠᠴᠠ ᠰᠡᠭᠦᠳᠡᠷ ᠢᠶᠠᠷ ᠣᠨᠣᠰᠢᠯᠠᠵᠤ ᠬᠠᠮᠲᠤᠷᠠᠨ ᠣᠨᠣᠰᠢᠯᠠᠬᠤ ᠶᠢ 2380 ᠤᠳᠠᠭ᠎ᠠ ᠥᠷᠨᠢᠭᠦᠯᠵᠦ᠂ ᠡᠭᠦᠳᠡᠨ ᠡᠮᠨᠡᠯᠭᠡ ᠪᠠ ᠡᠮᠨᠡᠯᠭᠡ ᠳᠤ ᠰᠠᠭᠤᠭᠰᠠᠨ ᠡᠪᠡᠳᠴᠢᠲᠡᠨ ᠢ 10185 ᠬᠥᠮᠥᠨ ᠤᠳᠠᠭ᠎ᠠ ᠬᠠᠷᠢᠯᠴᠠᠨ ᠰᠢᠯᠵᠢᠭᠦᠯᠪᠡ᠃ 
 
ᠢᠷᠡᠯᠲᠡ᠄ ᠶᠤᠸᠠᠨ ᠪᠣᠥ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠰᠥᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1