ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠤᠰᠤ ᠠᠷᠪᠢᠯᠠᠨ ᠬᠡᠷᠡᠭᠯᠡᠬᠦ ᠲᠦᠷᠢᠮ ︵ᠨᠢᠭᠡ︶
ᠨᠡᠶᠢᠲᠡᠯᠡᠭᠰᠡᠨ ᠴᠠᠭ᠄
2023/5/20
    ᠨᠢᠭᠡᠳᠦᠭᠡᠷ ᠪᠦᠯᠦᠭ ᠶᠡᠷᠦᠩᠬᠡᠢ ᠲᠦᠷᠢᠮ          ᠨᠢᠭᠡᠳᠦᠭᠡᠷ ᠵᠦᠢᠯ ᠤᠰᠤ ᠠᠷᠪᠢᠯᠠᠨ ᠬᠡᠷᠡᠭᠯᠡᠬᠦ ᠬᠠᠮᠢᠶᠠᠷᠤᠯᠳᠠ ᠶᠢ ᠴᠢᠩᠭᠠᠳᠬᠠᠵᠤ᠂ ᠤᠰᠤᠨ ᠤ ᠡᠬᠢ ᠪᠠᠶᠠᠯᠢᠬ ᠢ ᠰᠢᠨᠵᠢᠯᠡᠬᠦ ᠤᠬᠠᠭᠠᠨᠴᠢ ᠵᠤᠬᠢᠰᠳᠠᠢ ᠪᠠᠷ ᠠᠰᠢᠭᠯᠠᠵᠤ᠂ ᠠᠵᠤ ᠠᠬᠤᠢ ᠨᠡᠶᠢᠭᠡᠮ ᠤᠨ ᠦᠷᠭᠦᠯᠵᠢᠯᠡᠨ ᠬᠦᠭᠵᠢᠬᠦ ᠶᠢ ᠪᠠᠳᠤᠯᠠᠨ ᠠᠬᠢᠭᠤᠯᠬᠤ ᠶᠢᠨ ᠲᠦᠯᠦᠭᠡ᠂ ︽ᠪᠦᠭᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠤᠰᠤᠨ ᠤ ᠬᠠᠤᠯᠢ︾ ᠪᠠ ᠤᠯᠤᠰ ᠤᠨ ᠬᠤᠯᠪᠤᠭᠳᠠᠯ ᠪᠦᠬᠦᠢ ᠬᠠᠤᠯᠢ ᠴᠠᠭᠠᠵᠠ᠂ ᠬᠠᠤᠯᠢ ᠲᠤᠭᠳᠠᠭᠠᠯ ᠢ  ᠦᠨᠳᠦᠰᠦᠯᠡᠨ᠂ ᠦᠪᠡᠷᠳᠡᠭᠡᠨ ᠵᠠᠰᠠᠬᠤ ᠤᠷᠤᠨ ᠤ ᠪᠤᠳᠠᠳᠠᠢ ᠲᠠᠢ ᠤᠶᠠᠯᠳᠤᠭᠤᠯᠵᠤ᠂ ᠲᠤᠰ ᠲᠦᠷᠢᠮ ᠢ ᠲᠤᠭᠳᠠᠭᠠᠪᠠ᠃          ᠬᠤᠶᠠᠳᠤᠭᠠᠷ ᠵᠦᠢᠯ ᠦᠪᠡᠷᠳᠡᠭᠡᠨ ᠵᠠᠰᠠᠬᠤ ᠤᠷᠤᠨ ᠤ ᠵᠠᠰᠠᠭ ᠵᠠᠬᠢᠷᠭᠠᠨ ᠤ ᠤᠷᠤᠨ ᠲᠤᠳᠤᠷᠠᠬᠢ ᠤᠰᠤ ᠠᠷᠪᠢᠯᠠᠨ ᠬᠡᠷᠡᠭᠯᠡᠬᠦ ᠵᠢᠴᠢ ᠬᠢᠨᠠᠯᠳᠠ ᠲᠠᠯᠪᠢᠵᠤ ᠬᠠᠮᠢᠶᠠᠷᠬᠤ ᠠᠵᠢᠯᠯᠠᠭ᠎ᠠ ᠳᠤ ᠲᠤᠰ ᠲᠦᠷᠢᠮ ᠢ ᠬᠡᠷᠡᠭᠯᠡᠨ᠎ᠡ᠃          ᠭᠤᠷᠪᠠᠳᠤᠭᠠᠷ ᠵᠦᠢᠯ ᠤᠰᠤ ᠠᠷᠪᠢᠯᠠᠨ ᠬᠡᠷᠡᠭᠯᠡᠬᠦ ᠳᠤ ᠨᠢᠭᠡᠳᠦᠯᠳᠠᠢ ᠲᠦᠯᠦᠪᠵᠢᠭᠦᠯᠬᠦ᠂ ᠨᠢᠭᠡᠳᠦᠯᠲᠠᠢ ᠲᠥᠯᠦᠪᠯᠡᠵᠦ ᠨᠡᠶᠢᠳᠡ ᠳᠤᠨᠢ ᠬᠠᠷᠠᠭᠠᠯᠵᠠᠬᠤ᠂ ᠵᠤᠬᠢᠰᠳᠠᠢ ᠲᠤᠬᠢᠷᠠᠭᠤᠯᠬᠤ᠂ ᠦᠨᠳᠦᠷ ᠪᠦᠳᠦᠮᠵᠢᠳᠠᠢ ᠪᠠᠷ ᠠᠰᠢᠭᠯᠠᠬᠤ ᠵᠠᠷᠴᠢᠮ ᠢ ᠪᠠᠷᠢᠮᠳᠠᠯᠠᠵᠤ᠂ ᠶᠡᠷᠦᠩᠬᠡᠢ ᠬᠡᠮᠵᠢᠶ᠎ᠡ ᠶᠢ ᠡᠵᠡᠮᠰᠢᠬᠦ ᠪᠠ ᠤᠷᠮᠠᠴᠢᠯᠠᠨ ᠬᠠᠮᠢᠶᠠᠷᠬᠤ ᠶᠢ ᠤᠶᠠᠯᠳᠤᠭᠤᠯᠬᠤ ᠲᠦᠷᠢᠮ ᠢ ᠬᠡᠷᠡᠭᠵᠢᠭᠦᠯᠦᠨ᠎ᠡ᠃          ᠲᠦᠷᠪᠡᠳᠦᠭᠡᠷ ᠵᠦᠢᠯ ᠬᠤᠰᠢᠭᠤ ᠰᠢᠶᠠᠨ ᠤ ᠱᠠᠳᠤᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠨᠢ ᠤᠰᠤ ᠠᠷᠪᠢᠯᠠᠨ ᠬᠡᠷᠡᠭᠯᠡᠬᠦ ᠠᠵᠢᠯ ᠢ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠦᠭᠵᠢᠯᠳᠡ ᠶᠢᠨ ᠲᠦᠯᠦᠪᠵᠢᠭᠦᠯᠭᠡ ᠳᠡᠭᠡᠨ ᠤᠷᠤᠭᠤᠯᠵᠤ᠂ ᠤᠰᠤ ᠠᠷᠪᠢᠯᠠᠨ ᠬᠡᠷᠡᠭᠯᠡᠬᠦ ᠨᠡᠶᠢᠭᠡᠮᠴᠢᠯᠡᠭᠰᠡᠨ ᠦᠢᠯᠡᠴᠢᠯᠡᠭᠡᠨ ᠤ ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠵᠦ᠂ ᠤᠰᠤ ᠠᠷᠪᠢᠯᠠᠨ ᠬᠡᠷᠡᠭᠯᠡᠬᠦ ᠮᠡᠷᠭᠡᠵᠢᠯ ᠢ ᠰᠤᠳᠤᠯᠵᠤ ᠲᠡᠯᠭᠡᠷᠡᠭᠦᠯᠬᠦ ᠶᠢ ᠲᠡᠮᠵᠢᠵᠤ᠂ ᠤᠰᠤ ᠠᠷᠪᠢᠯᠠᠬᠤ ᠠᠵᠤ ᠦᠢᠯᠡᠰ ᠢ ᠪᠤᠶᠢᠵᠢᠭᠤᠯᠤᠨ ᠬᠦᠭᠵᠢᠭᠦᠯᠵᠦ᠂ ᠳᠠᠬᠢᠯᠲᠠ ᠤᠰᠤ᠂ ᠪᠤᠷᠤᠭᠠᠨ ᠪᠠ ᠦᠶᠡᠷ ᠤᠨ ᠤᠰᠤ᠂ ᠠᠭᠤᠷᠬᠠᠢ ᠶᠢᠨ ᠤᠷᠤᠨ ᠤ ᠬᠠᠭᠤᠷᠠᠶᠢᠳᠠᠭᠤᠯᠬᠤ ᠪᠠᠷ ᠳᠠᠷᠬᠠᠭᠠᠭᠰᠠᠨ ᠤᠰᠤ᠂ ᠪᠠᠷᠢᠯᠭ᠎ᠠ ᠶᠢᠨ ᠲᠠᠳᠠᠵᠤ ᠭᠠᠳᠠᠭᠰᠢᠯᠠᠭᠤᠯᠬᠤ ᠤᠰᠤ ᠵᠡᠷᠭᠡ ᠬᠡᠪ ᠤᠨ ᠪᠤᠰᠤ ᠤᠰᠤᠨ ᠰᠤᠷᠪᠤᠯᠵᠢ ᠶᠢ ᠨᠡᠭᠡᠭᠡᠨ ᠠᠰᠢᠭᠯᠠᠬᠤ ᠶᠢ ᠵᠤᠷᠢᠬᠵᠢᠭᠤᠯᠵᠤ ᠂ ᠤᠰᠤᠨ ᠬᠤᠷᠤᠭᠳᠠᠯ ᠢᠶᠠᠷ ᠦᠨᠳᠦᠷ ᠲᠦᠷᠦᠯ ᠵᠦᠢᠯ ᠢ ᠬᠢᠵᠠᠭᠠᠷᠯᠠᠨ᠂ ᠤᠰᠤ ᠠᠷᠪᠢᠯᠠᠬᠤ ᠬᠡᠯᠪᠡᠷᠢ ᠶᠢᠨ ᠨᠡᠶᠢᠭᠡᠮ ᠢ ᠪᠠᠶᠢᠭᠤᠯᠬᠤ ᠬᠡᠷᠡᠭᠳᠠᠢ᠃ ᠤᠯᠤᠰ ᠠᠷᠠᠳ ᠤᠨ ᠠᠵᠤ ᠠᠬᠤᠢ ᠪᠤᠯᠤᠨ ᠨᠡᠶᠢᠭᠡᠮ ᠤᠨ ᠬᠦᠭᠵᠢᠯᠳᠡ ᠶᠢᠨ ᠲᠦᠯᠦᠪᠵᠢᠭᠦᠯᠭᠡ᠂ ᠬᠤᠳᠠ ᠶᠢᠨ ᠶᠡᠷᠦᠩᠬᠡᠢ ᠲᠦᠯᠦᠪᠵᠢᠭᠦᠯᠭᠡ᠂ ᠴᠢᠬᠤᠯᠠ ᠶᠡᠭᠡ ᠪᠦᠳᠦᠭᠡᠨ ᠪᠠᠶᠢᠭᠤᠯᠤᠯᠳᠠ ᠶᠢᠨ ᠲᠦᠷᠦᠯ ᠵᠦᠢᠯ ᠤᠨ ᠪᠠᠶᠢᠷᠢᠯᠠᠭᠤᠯᠤᠯᠳᠠ ᠨᠢ ᠲᠤᠬᠠᠢ ᠶᠢᠨ ᠭᠠᠵᠠᠷ ᠤᠨ ᠢᠶᠠᠨ ᠤᠰᠤᠨ ᠤ ᠡᠬᠢ ᠪᠠᠶᠠᠯᠢᠬ ᠤᠨ ᠪᠠᠶᠢᠳᠠᠯ ᠠᠴᠠ ᠭᠠᠷᠳᠠᠵᠤ᠂ ᠲᠤᠬᠠᠢ ᠶᠢᠨ ᠭᠠᠵᠠᠷ ᠤᠨ ᠢᠶᠠᠨ ᠤᠰᠤᠨ ᠤ ᠡᠬᠢ ᠪᠠᠶᠠᠯᠢᠬ ᠤᠨ ᠨᠦᠭᠦᠴᠡᠯ ᠲᠠᠢ ᠪᠠᠨ ᠵᠤᠬᠢᠴᠠᠬᠤ ᠬᠡᠷᠡᠭᠳᠠᠢ᠃          ᠲᠠᠪᠤᠳᠤᠭᠠᠷ ᠵᠦᠢᠯ ᠬᠤᠰᠢᠭᠤ ᠰᠢᠶᠠᠨ ᠤ ᠱᠠᠳᠤᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠤ ᠤᠰᠤᠨ ᠤ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠨᠢ ᠲᠤᠰ ᠵᠠᠰᠠᠭ ᠵᠠᠬᠢᠷᠭᠠᠨ ᠤ ᠤᠷᠤᠨ ᠲᠤᠳᠤᠷᠠᠬᠢ ᠤᠰᠤ ᠠᠷᠪᠢᠯᠠᠨ ᠬᠡᠷᠡᠭᠯᠡᠬᠦ ᠳᠤ ᠬᠢᠨᠠᠯᠳᠠ ᠲᠠᠯᠪᠢᠵᠤ ᠬᠠᠮᠢᠶᠠᠷᠬᠤ ᠠᠵᠢᠯ ᠢ ᠬᠠᠷᠢᠭᠤᠴᠠᠨ᠎ᠠ᠃ ᠤᠷᠤᠨ ᠰᠠᠭᠤᠴᠠ ᠪᠠ ᠬᠤᠳᠠ ᠬᠦᠳᠡᠭᠡ ᠶᠢᠨ ᠪᠦᠳᠦᠭᠡᠨ ᠪᠠᠶᠢᠭᠤᠯᠤᠯᠳᠠ᠂ ᠬᠦᠭᠵᠢᠭᠦᠯᠦᠯᠳᠡ ᠪᠠ ᠦᠭᠡᠷᠡᠴᠢᠯᠡᠯᠳᠡ᠂ ᠶᠠᠰᠤ ᠴᠢᠨᠠᠷ ᠮᠡᠷᠭᠡᠵᠢᠯ ᠳᠤ ᠬᠢᠨᠠᠯᠳᠠ ᠲᠠᠯᠪᠢᠬᠤ᠂ ᠠᠵᠤ ᠠᠬᠤᠢ ᠪᠠ ᠰᠤᠷᠠᠭ ᠵᠠᠩᠭᠢᠴᠢᠯᠠᠯᠳᠠ᠂ ᠤᠷᠴᠢᠨ ᠲᠤᠭᠤᠷᠢᠨ ᠤ ᠬᠠᠮᠠᠭᠠᠯᠠᠯᠳᠠ ᠵᠡᠷᠭᠡ ᠰᠠᠯᠠᠭ᠎ᠠ ᠮᠦᠴᠢᠷ ᠨᠢ ᠲᠤᠰ ᠲᠤᠰ ᠤᠨ ᠲᠤᠰᠢᠶᠠᠯ ᠬᠠᠷᠢᠭᠤᠴᠠᠯᠭ᠎ᠠ ᠶᠤᠰᠤᠭᠠᠷ ᠤᠰᠤ ᠠᠷᠪᠢᠯᠠᠨ ᠬᠡᠷᠡᠭᠯᠡᠬᠦ ᠬᠠᠮᠢᠶ᠎ᠠ ᠪᠦᠬᠦᠢ ᠠᠵᠢᠯ ᠢ ᠬᠠᠷᠢᠭᠤᠴᠠᠨ᠎ᠠ᠃ ᠰᠤᠮᠤ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠤᠷᠳᠤᠨ ᠪᠠ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠨᠢ ᠲᠤᠰ ᠬᠠᠷᠢᠶ᠎ᠠ ᠤᠷᠤᠨ ᠤ ᠪᠠᠨ ᠤᠰᠤ ᠠᠷᠪᠢᠯᠠᠨ ᠬᠡᠷᠡᠭᠯᠡᠬᠦ ᠠᠵᠢᠯ ᠢ ᠰᠠᠶᠢᠳᠤᠷ ᠬᠢᠬᠦ ᠬᠡᠷᠡᠭᠳᠠᠢ᠃    ᠵᠢᠷᠭᠤᠳᠤᠭᠠᠷ ᠵᠦᠢᠯ ᠬᠤᠰᠢᠭᠤ ᠰᠢᠶᠠᠨ ᠤ ᠱᠠᠳᠤᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠵᠢᠴᠢ ᠲᠡᠭᠦᠨ ᠤ ᠬᠤᠯᠪᠤᠭᠳᠠᠯ ᠪᠦᠬᠦᠢ ᠰᠠᠯᠠᠭ᠎ᠠ ᠮᠦᠴᠢᠷ ᠨᠢ ᠤᠰᠤ ᠠᠷᠪᠢᠯᠠᠬᠤ ᠤᠬᠠᠭᠤᠯᠭ᠎ᠠ ᠬᠦᠮᠦᠵᠢᠯ ᠢᠶᠠᠨ ᠴᠢᠩᠭᠠᠳᠬᠠᠵᠤ᠂ ᠤᠰᠤ ᠠᠷᠪᠢᠯᠠᠬᠤ ᠬᠦᠮᠦᠵᠢᠯ ᠢ ᠤᠯᠤᠰ ᠠᠷᠠᠳ ᠤᠨ ᠬᠡᠪ ᠪᠤᠯᠪᠠᠰᠤᠷᠠᠯ ᠤᠨ ᠬᠦᠮᠦᠵᠢᠯ ᠤᠨ ᠰᠢᠰᠲ᠋ᠧᠮ ᠳᠤ ᠤᠷᠤᠭᠤᠯᠤᠨ᠂ ᠤᠰᠤ ᠠᠷᠪᠢᠯᠠᠨ ᠬᠡᠷᠡᠭᠯᠡᠬᠦ ᠨᠡᠶᠢᠳᠡ ᠶᠢᠨ ᠠᠰᠠᠷᠠᠮᠵᠢ ᠶᠢᠨ ᠴᠢᠨᠠᠷᠳᠠᠢ ᠤᠬᠠᠭᠤᠯᠭ᠎ᠠ ᠶᠢᠨ ᠲᠦᠯᠦᠪᠯᠡᠭᠡ ᠶᠢ ᠲᠤᠭᠳᠠᠭᠠᠵᠤ᠂ ᠲᠤᠭᠳᠠᠮᠠᠯ ᠬᠤᠭᠤᠴᠠᠭ᠎ᠠ ᠲᠠᠢ ᠪᠠᠷ ᠤᠬᠠᠭᠤᠯᠭ᠎ᠠ ᠶᠢᠨ ᠠᠵᠢᠯᠯᠠᠭ᠎ᠠ ᠶᠢ ᠦᠷᠨᠢᠭᠦᠯᠦᠨ᠂ ᠪᠦᠬᠦ ᠠᠷᠠᠳ ᠤᠨ ᠤᠰᠤ ᠠᠷᠪᠢᠯᠠᠬᠤ ᠤᠬᠠᠮᠰᠠᠷ ᠢ ᠲᠡᠭᠡᠭᠰᠢᠯᠡᠭᠦᠯᠬᠦ ᠬᠡᠷᠡᠭᠳᠠᠢ᠃ ᠰᠤᠨᠢᠨ ᠮᠡᠳᠡᠭᠡᠨ ᠤ ᠵᠠᠭᠤᠴᠢᠯᠠᠭᠤᠷ ᠨᠢ ᠤᠰᠤ ᠠᠷᠪᠢᠯᠠᠨ ᠬᠡᠷᠡᠭᠯᠡᠬᠦ ᠤᠬᠠᠭᠤᠯᠭ᠎ᠠ ᠶᠢ ᠨᠡᠶᠢᠳᠡ ᠶᠢᠨ ᠠᠰᠠᠷᠠᠮᠵᠢ ᠶᠢᠨ ᠴᠢᠨᠠᠷᠳᠠᠢ ᠤᠬᠠᠭᠤᠯᠭ᠎ᠠ ᠶᠢᠨ ᠬᠡᠪᠴᠢᠶᠡᠨ ᠳᠤ ᠤᠷᠤᠭᠤᠯᠤᠨ᠂ ᠤᠰᠤᠨ ᠤ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠲᠠᠢ ᠬᠠᠮᠵᠢᠯᠴᠠᠨ᠂ ᠤᠰᠤ ᠠᠷᠪᠢᠯᠠᠨ ᠬᠡᠷᠡᠭᠯᠡᠬᠦ ᠨᠡᠶᠢᠳᠡ ᠶᠢᠨ ᠠᠰᠠᠷᠠᠮᠵᠢ ᠶᠢᠨ ᠤᠬᠠᠭᠤᠯᠭ᠎ᠠ ᠶᠢ ᠦᠷᠨᠢᠭᠦᠯᠵᠦ᠂ ᠤᠰᠤ ᠪᠦᠷᠢᠯᠭᠡᠨ ᠬᠡᠷᠡᠭᠯᠡᠬᠦ ᠠᠵᠢᠯᠯᠠᠭ᠎ᠠ ᠳᠤ ᠶᠠᠷᠢᠶ᠎ᠠ ᠬᠡᠯᠡᠯᠴᠡᠭᠡᠨ ᠤ ᠬᠢᠨᠠᠯᠳᠠ ᠬᠢᠬᠦ ᠬᠡᠷᠡᠭᠳᠠᠢ᠃          ᠲᠤᠯᠤᠳᠤᠭᠠᠷ ᠵᠦᠢᠯ ᠶᠠᠮᠠᠷᠪᠠ ᠨᠢᠭᠡᠴᠢ ᠪᠠ ᠬᠤᠪᠢ ᠬᠦᠮᠦᠨ ᠭᠡᠳ ᠪᠦᠷ ᠤᠰᠤ ᠠᠷᠪᠢᠯᠠᠨ ᠬᠡᠷᠡᠭᠯᠡᠬᠦ ᠡᠭᠦᠷᠭᠡ ᠲᠠᠢ᠂ ᠤᠰᠤ ᠪᠦᠷᠢᠯᠭᠡᠨ ᠬᠡᠷᠡᠭᠯᠡᠬᠦ ᠠᠵᠢᠯᠯᠠᠭ᠎ᠠ ᠶᠢ ᠵᠤᠭᠰᠤᠭᠠᠬᠤ ᠪᠤᠶᠤ ᠢᠯᠡᠴᠢᠯᠡᠨ ᠵᠠᠭᠠᠯᠳᠤᠬᠤ ᠡᠷᠬᠡ ᠲᠠᠢ     ᠨᠠᠢᠮᠠᠳᠤᠭᠠᠷ ᠵᠦᠢᠯ ᠬᠤᠰᠢᠭᠤ ᠰᠢᠶᠠᠨ ᠤ ᠱᠠᠳᠤᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠨᠢ ᠤᠰᠤ ᠠᠷᠪᠢᠯᠠᠨ ᠬᠡᠷᠡᠭᠯᠡᠬᠦ ᠳᠤ ᠲᠤᠪᠤᠶᠢᠮ᠎ᠠ ᠬᠤᠪᠢ ᠨᠡᠮᠡᠷᠢ ᠦᠵᠡᠭᠦᠯᠦᠭᠰᠡᠨ ᠨᠢᠭᠡᠴᠢ ᠪᠠ ᠬᠤᠪᠢ ᠬᠦᠮᠦᠨ ᠢ ᠵᠤᠷᠢᠬᠵᠢᠭᠤᠯᠤᠨ ᠬᠦᠬᠢᠭᠦᠯᠬᠦ ᠬᠡᠷᠡᠭᠳᠠᠢ᠃    ᠬᠤᠶᠠᠳᠤᠭᠠᠷ ᠪᠦᠯᠦᠭ ᠲᠦᠯᠦᠪᠯᠡᠭᠡ ᠲᠠᠢ ᠪᠠᠷ ᠤᠰᠤ ᠬᠡᠷᠡᠭᠯᠡᠬᠦ          ᠶᠢᠰᠦᠳᠦᠭᠡᠷ ᠵᠦᠢᠯ ᠬᠤᠰᠢᠭᠤ ᠰᠢᠶᠠᠨ ᠤ ᠱᠠᠳᠤᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠤ ᠤᠰᠤᠨ ᠤ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠨᠢ ᠲᠡᠭᠡᠷ᠎ᠡ ᠨᠢᠭᠡ ᠱᠠᠳᠤᠨ ᠤ ᠤᠰᠤ ᠠᠷᠪᠢᠯᠠᠨ ᠬᠡᠷᠡᠭᠯᠡᠬᠦ ᠲᠦᠯᠦᠪᠵᠢᠭᠦᠯᠭᠡ ᠪᠠ ᠲᠤᠰ ᠵᠠᠰᠠᠭ ᠵᠠᠬᠢᠷᠭᠠᠨ ᠤ ᠤᠷᠤᠨ ᠤ ᠤᠰᠤᠨ ᠤ ᠡᠬᠢ ᠪᠠᠶᠠᠯᠢᠬ ᠤᠨ ᠪᠠᠶᠢᠳᠠᠯ ᠢ ᠦᠨᠳᠦᠰᠦᠯᠡᠵᠤ᠂ ᠲᠤᠰ ᠵᠠᠰᠠᠭ ᠵᠠᠬᠢᠷᠭᠠᠨ ᠤ ᠤᠷᠤᠨ ᠤ ᠤᠰᠤ ᠠᠷᠪᠢᠯᠠᠨ ᠬᠡᠷᠡᠭᠯᠡᠬᠦ ᠲᠦᠯᠦᠪᠵᠢᠭᠦᠯᠭᠡ ᠶᠢ ᠨᠠᠶᠢᠷᠠᠭᠤᠯᠵᠤ᠂ ᠠᠳᠠᠯᠢ ᠱᠠᠳᠤᠨ ᠤ ᠬᠦᠭᠵᠢᠭᠦᠯᠦᠯᠳᠡ ᠪᠠ ᠦᠭᠡᠷᠡᠴᠢᠯᠡᠯᠳᠡ᠂ ᠤᠷᠤᠨ ᠰᠠᠭᠤᠴᠠ ᠪᠠ ᠬᠤᠳᠠ ᠬᠦᠳᠡᠭᠡ ᠶᠢᠨ ᠪᠦᠳᠦᠭᠡᠨ ᠪᠠᠶᠢᠭᠤᠯᠤᠯᠳᠠ᠂ ᠠᠵᠤ ᠠᠬᠤᠢ ᠪᠠ ᠰᠤᠷᠠᠭ ᠵᠠᠩᠭᠢᠴᠢᠯᠠᠯᠳᠠ ᠵᠡᠷᠭᠡ ᠰᠠᠯᠠᠭ᠎ᠠ ᠮᠦᠴᠢᠷ ᠤᠨ ᠰᠠᠨᠠᠯ ᠢ ᠬᠤᠷᠢᠶᠠᠭᠰᠠᠨ ᠤ ᠲᠠᠷᠠᠭ᠎ᠠ ᠲᠤᠰ ᠱᠠᠳᠤᠨ ᠤ ᠠᠷᠠᠳ ᠤᠨ ᠵᠠᠰᠠᠭ ᠤᠨ ᠤᠷᠳᠤᠨ ᠳᠤ ᠮᠡᠳᠡᠭᠦᠯᠦᠨ ᠵᠦᠪᠰᠢᠶᠡᠷᠡᠭᠦᠯᠦᠭᠡᠳ ᠨᠠᠶᠢᠳᠡᠯᠡᠨ ᠬᠡᠷᠡᠭᠵᠢᠭᠦᠯᠬᠦ ᠬᠡᠷᠡᠭᠳᠠᠢ᠃          ᠠᠷᠪᠠᠳᠤᠭᠠᠷ ᠵᠦᠢᠯ ᠦᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠤᠰᠤᠨ ᠤ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠪᠠ ᠠᠶᠢᠮᠠᠭ ᠤᠨ ᠵᠠᠬᠢᠷᠭ᠎ᠠ᠂ ᠲᠤᠭᠤᠷᠢᠭ ᠲᠠᠢ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠤᠰᠤᠨ ᠤ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠨᠢ ᠲᠡᠭᠡᠷ᠎ᠡ ᠨᠢᠭᠡ ᠱᠠᠳᠤᠨ ᠤ ᠤᠰᠤᠨ ᠬᠡᠮᠵᠢᠶᠡᠨ ᠤ ᠬᠤᠪᠢᠶᠠᠷᠢᠯᠠᠯᠳᠠ ᠶᠢᠨ ᠲᠦᠰᠦᠯ ᠢ ᠦᠨᠳᠦᠰᠦᠯᠡᠵᠤ᠂ ᠲᠤᠰ ᠵᠠᠰᠠᠭ ᠵᠠᠬᠢᠷᠭᠠᠨ ᠤ ᠤᠷᠤᠨ ᠤ ᠤᠰᠤᠨ ᠬᠡᠮᠵᠢᠶ᠎ᠡ ᠶᠢᠨ ᠬᠤᠪᠢᠶᠠᠷᠢᠯᠠᠯᠳᠠ ᠶᠢᠨ ᠲᠦᠰᠦᠯ ᠢ ᠲᠤᠭᠳᠠᠭᠠᠵᠤ᠂ ᠲᠤᠰ ᠱᠠᠳᠤᠨ ᠤ ᠠᠷᠠᠳ ᠤᠨ ᠵᠠᠰᠠᠭ ᠤᠨ ᠤᠷᠳᠤᠨ ᠳᠤ ᠮᠡᠳᠡᠭᠦᠯᠦᠨ ᠵᠦᠪᠰᠢᠶᠡᠷᠡᠭᠦᠯᠦᠭᠰᠡᠨ ᠤ ᠲᠠᠷᠠᠭ᠎ᠠ ᠬᠡᠷᠡᠭᠵᠢᠭᠦᠯᠬᠦ ᠬᠡᠷᠡᠭᠳᠠᠢ᠃          ᠠᠷᠪᠠᠨ ᠨᠢᠭᠡᠳᠦᠭᠡᠷ ᠵᠦᠢᠯ ᠦᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠬᠤᠯᠪᠤᠭᠳᠠᠯ ᠪᠦᠬᠦᠢ ᠠᠵᠢᠯ ᠲᠦᠷᠦᠯ ᠤᠨ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠨᠢ ᠲᠤᠰ ᠠᠵᠢᠯ ᠲᠦᠷᠦᠯ ᠤᠨ ᠢᠶᠠᠨ ᠤᠰᠤ ᠬᠡᠷᠡᠭᠯᠡᠬᠦ ᠲᠤᠭᠳᠠᠭᠰᠠᠨ ᠨᠤᠷᠮ᠎ᠠ ᠶᠢ ᠲᠤᠭᠳᠠᠭᠠᠵᠤ᠂ ᠦᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠤᠰᠤᠨ ᠤ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠪᠠ ᠶᠠᠰᠤ ᠴᠢᠨᠠᠷ ᠮᠡᠷᠭᠡᠵᠢᠯ ᠳᠤ ᠬᠢᠨᠠᠯᠳᠠ ᠲᠠᠯᠪᠢᠬᠤ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠢᠶᠠᠷ ᠬᠢᠨᠠᠨ ᠬᠠᠷᠭᠤᠭᠤᠯᠵᠤ ᠵᠦᠪᠰᠢᠶᠡᠷᠡᠭᠦᠯᠦᠭᠰᠡᠨ ᠤ ᠲᠠᠷᠠᠭ᠎ᠠ ᠦᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠠᠴᠠ ᠨᠡᠶᠢᠳᠡᠯᠡᠨ ᠬᠡᠷᠡᠭᠵᠢᠭᠦᠯᠬᠦ ᠶᠢᠨ ᠬᠠᠮᠳᠤ ᠲᠦᠷᠦ ᠶᠢᠨ ᠶᠠᠪᠤᠳᠠᠯ ᠤᠨ ᠬᠤᠷᠢᠶᠠᠨ ᠤ ᠤᠰᠤᠨ ᠤ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠪᠠ ᠲᠦᠷᠦ ᠶᠢᠨ ᠶᠠᠪᠤᠳᠠᠯ ᠤᠨ ᠬᠤᠷᠢᠶᠠᠨ ᠤ ᠶᠠᠰᠤ ᠴᠢᠨᠠᠷ ᠲᠤ ᠬᠢᠨᠠᠯᠳᠠ ᠲᠠᠯᠪᠢᠵᠤ ᠬᠢᠨᠠᠨ ᠪᠠᠶᠢᠴᠠᠭᠠᠬᠤ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠲᠤ ᠮᠡᠳᠡᠭᠦᠯᠵᠦ ᠲᠠᠩᠰᠠᠯᠠᠭᠤᠯᠬᠤ ᠬᠡᠷᠡᠭᠳᠠᠢ᠃ ᠠᠵᠢᠯ ᠲᠦᠷᠦᠯ ᠤᠨ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠪᠠᠶᠢᠬᠤ ᠦᠭᠡᠢ ᠭᠠᠵᠠᠷ ᠤᠨ ᠤᠰᠤ ᠬᠡᠷᠡᠭᠯᠡᠬᠦ ᠲᠤᠭᠳᠠᠭᠰᠠᠨ ᠨᠤᠷᠮ᠎ᠠ ᠶᠢ ᠦᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠤᠰᠤᠨ ᠤ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠨᠢ ᠬᠤᠯᠪᠤᠭᠳᠠᠯ ᠪᠦᠬᠦᠢ ᠰᠠᠯᠠᠭ᠎ᠠ ᠮᠦᠴᠢᠷ ᠲᠠᠢ ᠬᠠᠮᠳᠤᠪᠡᠷ ᠲᠤᠭᠳᠠᠭᠠᠵᠤ᠂ ᠦᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠠᠴᠠ ᠨᠡᠶᠢᠳᠡᠯᠡᠨ ᠬᠡᠷᠡᠭᠵᠢᠭᠦᠯᠬᠦ ᠶᠢᠨ ᠬᠠᠮᠳᠤ ᠲᠦᠷᠦ ᠶᠢᠨ ᠶᠠᠪᠤᠳᠠᠯ ᠤᠨ ᠬᠤᠷᠢᠶᠠᠨ ᠤ ᠤᠰᠤᠨ ᠤ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠪᠠ ᠲᠦᠷᠦ ᠶᠢᠨ ᠶᠠᠪᠤᠳᠠᠯ ᠤᠨ ᠬᠤᠷᠢᠶᠠᠨ ᠤ ᠶᠠᠰᠤ ᠴᠢᠨᠠᠷ ᠲᠤ ᠬᠢᠨᠠᠯᠳᠠ ᠲᠠᠯᠪᠢᠵᠤ ᠬᠢᠨᠠᠨ ᠪᠠᠶᠢᠴᠠᠭᠠᠬᠤ ᠶᠢ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠲᠤ ᠮᠡᠳᠡᠭᠦᠯᠵᠦ ᠲᠠᠩᠰᠠᠯᠠᠭᠤᠯᠤᠨ᠎ᠠ᠃ ᠠᠵᠢᠯ ᠲᠦᠷᠦᠯ ᠤᠨ ᠤᠰᠤ ᠬᠡᠷᠡᠭᠯᠡᠬᠦ ᠲᠤᠭᠳᠠᠭᠰᠠᠨ ᠨᠤᠷᠮ᠎ᠠ ᠶᠢ ᠤᠰᠤᠨ ᠤ ᠡᠬᠢ ᠪᠠᠶᠠᠯᠢᠬ ᠤᠨ ᠪᠠᠶᠢᠳᠠᠯ ᠪᠠ ᠠᠵᠤ ᠠᠬᠤᠢ ᠨᠡᠶᠢᠭᠡᠮ ᠤᠨ ᠬᠦᠭᠵᠢᠯᠳᠡ ᠶᠢᠨ ᠬᠢᠷᠢ ᠬᠡᠮᠵᠢᠶ᠎ᠡ ᠶᠢ ᠦᠨᠳᠦᠰᠦᠯᠡᠵᠤ᠂ ᠴᠠᠭ ᠲᠤᠬᠠᠢ ᠳᠤᠨᠢ ᠵᠠᠰᠠᠨ ᠲᠤᠭᠳᠠᠭᠠᠬᠤ ᠬᠡᠷᠡᠭᠳᠠᠢ᠃          ᠠᠷᠪᠠᠨ ᠬᠤᠶᠠᠳᠤᠭᠠᠷ ᠵᠦᠢᠯ ᠬᠤᠰᠢᠭᠤ ᠰᠢᠶᠠᠨ ᠤ ᠱᠠᠳᠤᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠤ ᠬᠦᠭᠵᠢᠭᠦᠯᠦᠯᠳᠡ ᠪᠠ ᠦᠭᠡᠷᠡᠴᠢᠯᠡᠯᠳᠡ ᠶᠢᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠨᠢ ᠠᠳᠠᠯᠢ ᠱᠠᠳᠤᠨ ᠤ ᠤᠰᠤᠨ ᠤ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠲᠠᠢ ᠬᠠᠮᠳᠤᠪᠡᠷ ᠠᠵᠢᠯ ᠲᠦᠷᠦᠯ ᠤᠨ ᠤᠰᠤ ᠬᠡᠷᠡᠭᠯᠡᠬᠦ ᠲᠤᠭᠳᠠᠭᠰᠠᠨ ᠨᠤᠷᠮ᠎ᠠ᠂ ᠠᠵᠤ ᠠᠬᠤᠢ ᠮᠡᠷᠭᠡᠵᠢᠯ ᠤᠨ ᠨᠦᠭᠦᠴᠡᠯ ᠵᠢᠴᠢ ᠤᠰᠤᠨ ᠬᠡᠮᠵᠢᠶ᠎ᠡ ᠶᠢᠨ ᠬᠤᠪᠢᠶᠠᠷᠢᠯᠠᠯᠳᠠ ᠶᠢᠨ ᠲᠦᠰᠦᠯ ᠳᠤ ᠲᠤᠭᠳᠠᠭᠠᠭᠰᠠᠨ ᠲᠤᠰ ᠵᠠᠰᠠᠭ ᠵᠠᠬᠢᠷᠭᠠᠨ ᠤ ᠤᠷᠤᠨ ᠳᠤ ᠬᠡᠷᠡᠭᠯᠡᠬᠦ ᠤᠰᠤᠨ ᠬᠡᠮᠵᠢᠶ᠎ᠡ ᠶᠢ ᠦᠨᠳᠦᠰᠦᠯᠡᠵᠤ᠂ ᠤᠨ ᠤ ᠤᠰᠤ ᠬᠡᠷᠡᠭᠯᠡᠬᠦ ᠲᠦᠯᠦᠪᠯᠡᠭᠡ ᠶᠢ ᠲᠤᠭᠳᠠᠭᠠᠬᠤ᠂ ᠲᠤᠰ ᠵᠠᠰᠠᠭ ᠵᠠᠬᠢᠷᠭᠠᠨ ᠤ ᠤᠷᠤᠨ ᠲᠤᠳᠤᠷᠠᠬᠢ ᠤᠨ ᠤ ᠤᠰᠤ ᠬᠡᠷᠡᠭᠯᠡᠬᠦ ᠶᠡᠷᠦᠩᠬᠡᠢ ᠬᠡᠮᠵᠢᠶ᠎ᠡ ᠶᠢ ᠡᠵᠡᠮᠳᠡᠨ᠎ᠡ᠃      ᠠᠷᠪᠠᠨ ᠭᠤᠷᠪᠠᠳᠤᠭᠠᠷ ᠵᠦᠢ᠊ᠯ ᠤᠰᠤ ᠠᠪᠬᠤ ᠵᠦᠪᠰᠢᠶᠡᠷᠡᠯ ᠢ ᠤᠯᠤᠭᠰᠠᠨ ᠨᠢᠭᠡᠴᠢ ᠪᠠ ᠬᠤᠪᠢ ᠬᠦᠮᠦᠨ ᠨᠢ ᠵᠢᠯ ᠪᠦᠷᠢ ᠶᠢᠨ 12 ᠰᠠᠷ᠎ᠠ ᠶᠢᠨ 31᠎ ᠤ ᠡᠳᠦᠷ ᠠᠴᠠ ᠡᠮᠤᠨ᠎ᠡ ᠬᠠᠮᠢᠶᠠᠷᠬᠤ ᠡᠷᠬᠡ ᠲᠠᠢ ᠬᠤᠰᠢᠭᠤ ᠰᠢᠶᠠᠨ ᠤ ᠱᠠᠳᠤᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠤ ᠤᠰᠤᠨ ᠤ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠲᠤ ᠤᠨ ᠤ ᠤᠰᠤ ᠠᠪᠤᠭᠰᠠᠨ ᠪᠠᠶᠢᠳᠠᠯ ᠪᠠ ᠳᠠᠷᠠᠭ᠎ᠠ ᠨᠢᠭᠡ ᠵᠢᠯ ᠤᠨ ᠢᠶᠠᠨ ᠤᠰᠤ ᠠᠪᠬᠤ ᠲᠦᠯᠦᠪᠯᠡᠭᠡ ᠶᠢᠨ ᠰᠠᠨᠠᠭᠤᠯᠭ᠎ᠠ ᠪᠠᠨ ᠮᠡᠳᠡᠭᠦᠯᠬᠦ ᠬᠡᠷᠡᠭᠳᠠᠢ᠃ ᠬᠠᠮᠢᠶᠠᠷᠬᠤ ᠡᠷᠬᠡ ᠲᠠᠢ ᠬᠤᠰᠢᠭᠤ ᠰᠢᠶᠠᠨ ᠤ ᠱᠠᠳᠤᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠤ ᠤᠰᠤᠨ ᠤ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠨᠢ ᠤᠰᠤ ᠠᠪᠬᠤ ᠵᠦᠪᠰᠢᠶᠡᠷᠡᠯ ᠤᠨ ᠬᠡᠮᠵᠢᠶ᠎ᠡ᠂ ᠠᠵᠢᠯ ᠲᠦᠷᠦᠯ ᠤᠨ ᠤᠰᠤ ᠬᠡᠷᠡᠭᠯᠡᠬᠦ ᠲᠤᠭᠳᠠᠭᠰᠠᠨ ᠨᠤᠷᠮ᠎ᠠ᠂ ᠤᠰᠤ ᠠᠪᠬᠤ ᠨᠢᠭᠡᠴᠢ ᠪᠤᠶᠤ ᠬᠤᠪᠢ ᠬᠦᠮᠦᠨ ᠤ ᠭᠤᠶᠤᠴᠢᠯᠠᠯ ᠪᠠ ᠲᠤᠰ ᠵᠠᠰᠠᠭ ᠵᠠᠬᠢᠷᠭᠠᠨ ᠤ ᠤᠷᠤᠨ ᠤ ᠤᠨ ᠤ ᠤᠰᠤ ᠬᠡᠷᠡᠭᠯᠡᠬᠦ ᠲᠦᠯᠦᠪᠯᠡᠭᠡ ᠵᠡᠷᠭᠡ ᠡᠯᠧᠮᠧᠨ᠋ᠲ ᠢ ᠦᠨᠳᠦᠰᠦᠯᠡᠵᠤ᠂ ᠤᠰᠤ ᠠᠪᠬᠤ ᠨᠢᠭᠡᠴᠢ ᠪᠤᠶᠤ ᠬᠤᠪᠢ ᠬᠦᠮᠦᠨ ᠤ ᠤᠨ ᠤ ᠤᠰᠤ ᠠᠪᠬᠤ ᠲᠦᠯᠦᠪᠯᠡᠭᠡ ᠶᠢ ᠬᠢᠨᠠᠨ ᠲᠤᠭᠳᠠᠭᠠᠬᠤ ᠶᠢᠨ ᠬᠠᠮᠳᠤ ᠵᠢᠯ ᠪᠦᠷᠢ ᠶᠢᠨ 1 ᠰᠠᠷ᠎ᠠ ᠶᠢᠨ 31᠎ ᠤ ᠡᠳᠦᠷ ᠠᠴᠠ ᠡᠮᠤᠨ᠎ᠡ ᠲᠤᠰ ᠵᠢᠯ ᠤᠨ ᠢᠶᠠᠨ ᠤᠰᠤ ᠠᠪᠬᠤ ᠲᠦᠯᠦᠪᠯᠡᠭᠡ ᠪᠠᠨ ᠲᠤᠷᠤᠭᠰᠢ ᠪᠠᠭᠤᠯᠭᠠᠬᠤ ᠬᠡᠷᠡᠭᠳᠠᠢ᠃          ᠠᠷᠪᠠᠨ ᠲᠦᠷᠪᠡᠳᠦᠭᠡᠷ ᠵᠦᠢᠯ ᠤᠰᠤ ᠠᠪᠬᠤ ᠨᠢᠭᠡᠴᠢ ᠪᠤᠶᠤ ᠬᠤᠪᠢ ᠬᠦᠮᠦᠨ ᠨᠢ ᠬᠢᠨᠠᠨ ᠲᠤᠭᠳᠠᠭᠠᠭᠰᠠᠨ ᠤᠨ ᠤ ᠤᠰᠤ ᠠᠪᠬᠤ ᠲᠦᠯᠦᠪᠯᠡᠭᠡ ᠶᠤᠰᠤᠭᠠᠷ ᠤᠰᠤ ᠠᠪᠴᠤ ᠬᠡᠷᠡᠭᠯᠡᠬᠦ ᠬᠡᠷᠡᠭᠳᠠᠢ᠃ ᠤᠨᠴᠠᠭᠠᠢ ᠰᠢᠯᠳᠠᠭᠠᠨ ᠠᠴᠠ ᠪᠤᠯᠵᠤ ᠤᠨ ᠤ ᠤᠰᠤ ᠬᠡᠷᠡᠭᠯᠡᠬᠦ ᠲᠦᠯᠦᠪᠯᠡᠭᠡ ᠳᠤ ᠲᠤᠬᠢᠷᠠᠭᠤᠯᠤᠯᠳᠠ ᠬᠢᠬᠦ ᠴᠢᠬᠤᠯᠠᠳᠠᠢ ᠪᠤᠯ ᠤᠰᠤ ᠠᠪᠬᠤ ᠨᠢᠭᠡᠴᠢ ᠪᠤᠶᠤ ᠬᠤᠪᠢ ᠬᠦᠮᠦᠨ ᠨᠢ ᠤᠤᠯ ᠤᠨ ᠬᠢᠨᠠᠨ ᠵᠦᠪᠰᠢᠶᠡᠷᠡᠭᠦᠯᠦᠭᠰᠡᠨ ᠪᠠᠶᠢᠭᠤᠯᠭ᠎ᠠ ᠪᠠᠷ ᠵᠦᠪᠰᠢᠶᠡᠷᠡᠭᠦᠯᠬᠦ ᠬᠡᠷᠡᠭᠳᠠᠢ᠃          ᠠᠷᠪᠠᠨ ᠲᠠᠪᠤᠳᠤᠭᠠᠷ ᠵᠦᠢ᠊ᠯ ᠪᠠᠷᠢᠯᠭ᠎ᠠ ᠪᠠᠷᠢᠬᠤ ᠵᠡᠷᠭᠡ ᠠᠴᠠ ᠪᠤᠯᠵᠤ ᠠᠮᠢᠳᠤᠷᠠᠯ ᠳᠤ ᠬᠡᠷᠡᠭᠯᠡᠬᠦ ᠪᠤᠰᠤ ᠤᠰᠤ ᠶᠢ ᠲᠦᠷ ᠴᠠᠭ ᠠᠪᠬᠤ ᠳᠤ᠂ ᠪᠦᠳᠦᠭᠡᠨ ᠪᠠᠶᠢᠭᠤᠯᠤᠯᠳᠠ ᠶᠢᠨ ᠨᠢᠭᠡᠴᠢ ᠨᠢ ᠭᠤᠴᠢᠨ ᠡᠳᠦᠷ ᠤᠨ ᠡᠮᠤᠨ᠎ᠡ ᠬᠠᠮᠢᠶᠠᠷᠬᠤ ᠡᠷᠬᠡ ᠲᠠᠢ ᠬᠤᠰᠢᠭᠤ ᠰᠢᠶᠠᠨ ᠤ ᠱᠠᠳᠤᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠤ ᠤᠰᠤᠨ ᠤ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠲᠤ ᠲᠦᠷ ᠴᠠᠭ ᠤᠰᠤ ᠠᠪᠬᠤ ᠭᠤᠶᠤᠴᠢᠯᠠᠯ ᠲᠡᠪᠰᠢᠭᠦᠯᠦᠨ᠎ᠡ ᠂ ᠪᠠᠷᠢᠯᠭ᠎ᠠ ᠪᠠᠷᠢᠬᠤ ᠠᠴᠠ ᠪᠤᠯᠵᠤ ᠦᠨᠡᠨ ᠭᠦ ᠤᠰᠤ ᠲᠠᠳᠠᠵᠤ ᠭᠠᠳᠠᠭᠰᠢᠯᠠᠭᠤᠯᠬᠤ ᠴᠢᠬᠤᠯᠠᠳᠠᠢ ᠪᠤᠯ ᠪᠠᠷᠢᠯᠭ᠎ᠠ ᠶᠢᠨ ᠤᠰᠤ ᠲᠠᠳᠠᠵᠤ ᠭᠠᠳᠠᠭᠰᠢᠯᠠᠭᠤᠯᠬᠤ ᠲᠦᠰᠦᠯ ᠨᠠᠶᠢᠷᠠᠭᠤᠯᠤᠨ᠂ ᠵᠦᠪᠰᠢᠶᠡᠷᠡᠭᠦᠯᠦᠭᠰᠡᠨ ᠲᠦᠰᠦᠯ ᠪᠠ ᠲᠦᠯᠦᠪᠯᠡᠭᠡ ᠶᠤᠰᠤᠭᠠᠷ ᠤᠰᠤ ᠠᠪᠬᠤ ᠬᠡᠷᠡᠭᠳᠠᠢ ᠪᠦᠭᠡᠳ ᠤᠰᠤᠨ ᠤ ᠡᠬᠢ ᠪᠠᠶᠠᠯᠢᠬ ᠤᠨ ᠰᠦᠢᠳᠭᠡᠯ ᠲᠤᠰᠢᠶᠠᠬᠤ ᠬᠡᠷᠡᠭᠳᠠᠢ᠃     ᠠᠷᠪᠠᠨ ᠵᠢᠷᠭᠤᠳᠤᠭᠠᠷ ᠵᠦᠢᠯ ᠬᠤᠰᠢᠭᠤ ᠰᠢᠶᠠᠨ ᠤ ᠱᠠᠳᠤᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠤ ᠤᠰᠤᠨ ᠤ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠨᠢ ᠬᠡᠪ ᠤᠨ ᠪᠤᠰᠤ ᠤᠰᠤᠨ ᠰᠤᠷᠪᠤᠯᠵᠢ ᠶᠢ ᠨᠡᠬᠡᠬᠡᠨ ᠠᠰᠢᠭᠯᠠᠬᠤ ᠶᠢ ᠤᠰᠤ ᠠᠷᠪᠢᠯᠠᠨ ᠬᠡᠷᠡᠭᠯᠡᠬᠦ ᠲᠦᠯᠦᠪᠵᠢᠭᠦᠯᠭᠡ ᠳᠡᠭᠡᠨ ᠤᠷᠤᠭᠤᠯᠵᠤ᠂ ᠤᠰᠤᠨ ᠤ ᠡᠬᠢ ᠪᠠᠶᠠᠯᠢᠬ ᠢ ᠨᠢᠭᠡᠳᠦᠯᠳᠠᠢ ᠲᠤᠬᠢᠷᠠᠭᠤᠯᠬᠤ ᠬᠡᠷᠡᠭᠳᠠᠢ᠃          ᠠᠷᠪᠠᠨ ᠲᠤᠯᠤᠳᠤᠭᠠᠷ ᠵᠦᠢᠯ ᠤᠰᠤ ᠠᠪᠬᠤ ᠨᠢᠭᠡᠴᠢ ᠪᠤᠶᠤ ᠬᠤᠪᠢ ᠬᠦᠮᠦᠨ ᠨᠢ ᠤᠰᠤᠨ ᠤ ᠡᠬᠢ ᠪᠠᠶᠠᠯᠢᠬ ᠤᠨ ᠰᠦᠢᠳᠭᠡᠯ ᠲᠤᠰᠢᠶᠠᠬᠤ ᠬᠡᠷᠡᠭᠳᠠᠢ᠃ ᠲᠦᠯᠦᠪᠯᠡᠭᠡ ᠪᠤᠶᠤ ᠲᠤᠭᠳᠠᠭᠰᠠᠨ ᠨᠤᠷᠮ᠎ᠠ ᠠᠴᠠ ᠬᠡᠳᠦᠷᠡᠭᠦᠯᠦᠨ ᠤᠰᠤ ᠠᠪᠤᠭᠰᠠᠨ ᠪᠤᠯ ᠲᠦᠯᠦᠪᠯᠡᠭᠡ ᠪᠤᠶᠤ ᠲᠤᠭᠳᠠᠭᠰᠠᠨ ᠨᠤᠷᠮ᠎ᠠ ᠠᠴᠠ ᠬᠡᠳᠦᠷᠡᠭᠦᠯᠦᠭᠰᠡᠨ ᠬᠡᠰᠡᠭ ᠤᠨ ᠤᠰᠤᠨ ᠤ ᠡᠬᠢ ᠪᠠᠶᠠᠯᠢᠬ ᠤᠨ ᠰᠦᠢᠳᠭᠡᠯ ᠢ ᠠᠬᠢᠭᠤᠯᠤᠨ ᠪᠤᠳᠤᠨ᠎ᠠ᠃ ᠶᠠᠮᠠᠷᠪᠠ ᠨᠢᠭᠡᠴᠢ ᠪᠠ ᠬᠤᠪᠢ ᠬᠦᠮᠦᠨ ᠭᠡᠳ ᠲᠤᠷ᠎ᠠ ᠪᠠᠷ ᠤᠰᠤᠨ ᠤ ᠡᠬᠢ ᠪᠠᠶᠠᠯᠢᠬ ᠤᠨ ᠰᠦᠢᠳᠭᠡᠯ ᠢ ᠬᠠᠰᠤᠨ ᠬᠡᠯᠳᠦᠷᠢᠭᠦᠯᠬᠦ᠂ ᠠᠯᠭᠤᠷᠯᠠᠨ ᠲᠠᠳᠠᠪᠦᠷᠢᠯᠠᠬᠤ ᠪᠤᠶᠤ ᠲᠠᠳᠠᠪᠦᠷᠢᠯᠠᠬᠤ ᠪᠠᠨ ᠵᠤᠭᠰᠤᠭᠠᠵᠤ ᠪᠤᠯᠬᠤ ᠦᠭᠡᠢ᠃ ᠤᠰᠤᠨ ᠤ ᠡᠬᠢ ᠪᠠᠶᠠᠯᠢᠬ ᠤᠨ ᠰᠦᠢᠳᠭᠡᠯ ᠢ ᠬᠤᠷᠢᠶᠠᠬᠤ ᠪᠠᠷᠢᠮᠵᠢᠶ᠎ᠠ ᠶᠢ ᠤᠯᠤᠰ ᠪᠠ ᠦᠪᠡᠷᠳᠡᠭᠡᠨ ᠵᠠᠰᠠᠬᠤ ᠤᠷᠤᠨ ᠤ ᠬᠤᠯᠪᠤᠭᠳᠠᠯ ᠪᠦᠬᠦᠢ ᠲᠤᠭᠳᠠᠭᠠᠯ ᠶᠤᠰᠤᠭᠠᠷ ᠬᠡᠷᠡᠭᠵᠢᠭᠦᠯᠦᠨ᠎ᠡ᠃        ᠠᠷᠪᠠᠨ ᠨᠠᠢᠮᠠᠳᠤᠭᠠᠷ ᠵᠦᠢᠯ ᠤᠰᠤ ᠬᠡᠷᠡᠭᠯᠡᠬᠦ ᠳᠤ ᠬᠡᠮᠵᠢᠯᠳᠡ ᠪᠠᠷ ᠰᠦᠢᠳᠭᠡᠯ ᠬᠤᠷᠢᠶᠠᠬᠤ ᠶᠢ ᠬᠡᠷᠡᠭᠵᠢᠭᠦᠯᠵᠦ ᠂ ᠰᠦᠢᠳᠭᠡᠯ ᠲᠠᠭᠠᠭᠠᠴᠢᠯᠠᠬᠤ ᠲᠦᠷᠢᠮ ᠬᠡᠷᠡᠭᠵᠢᠭᠦᠯᠬᠦ ᠶᠢ ᠴᠠᠭᠠᠵᠠᠯᠠᠨ᠎ᠠ᠃ ᠰᠠᠭᠤᠭᠠᠯᠢ ᠠᠷᠠᠳ ᠤᠨ ᠠᠮᠢᠳᠤᠷᠠᠯ ᠳᠤ ᠬᠡᠷᠡᠭᠯᠡᠬᠦ ᠤᠰᠤᠨ ᠳᠤ ᠱᠠᠳᠤᠯᠢᠬ ᠬᠡᠯᠪᠡᠷᠢ ᠶᠢᠨ ᠤᠰᠤᠨ ᠤ ᠦᠨ᠎ᠡ ᠬᠠᠩᠰᠢ ᠶᠢᠨ ᠲᠦᠷᠢᠮ ᠢ ᠬᠡᠷᠡᠭᠵᠢᠭᠦᠯᠵᠦ᠂ ᠰᠠᠭᠤᠭᠠᠯᠢ ᠠᠷᠠᠳ ᠤᠨ ᠠᠮᠢᠳᠤᠷᠠᠯ ᠳᠤ ᠬᠡᠷᠡᠭᠯᠡᠬᠦ ᠪᠤᠰᠤ ᠤᠰᠤ ᠨᠢ ᠲᠦᠯᠦᠪᠯᠡᠭᠡ᠂ ᠲᠤᠭᠳᠠᠭᠠᠭᠰᠠᠨ ᠨᠤᠷᠮ᠎ᠠ ᠠᠴᠠ ᠬᠡᠳᠦᠷᠡᠭᠰᠡᠨ ᠪᠤᠯ ᠠᠬᠢᠭᠤᠯᠤᠨ ᠪᠤᠳᠤᠵᠤ ᠦᠨ᠎ᠡ ᠨᠡᠮᠡᠬᠦ ᠲᠦᠷᠢᠮ ᠢ ᠬᠡᠷᠡᠭᠵᠢᠭᠦᠯᠦᠨ᠎ᠡ᠃ ᠰᠠᠭᠤᠭᠠᠯᠢ ᠠᠷᠠᠳ ᠤᠨ ᠠᠮᠢᠳᠤᠷᠠᠯ ᠳᠤ ᠬᠡᠷᠡᠭᠯᠡᠬᠦ ᠤᠰᠤ ᠶᠢᠨ ᠱᠠᠳᠤᠯᠢᠬ ᠬᠡᠯᠪᠡᠷᠢ ᠶᠢᠨ ᠤᠰᠤᠨ ᠤ ᠦᠨ᠎ᠡ ᠬᠠᠩᠰᠢ ᠶᠢᠨ ᠪᠠᠷᠢᠮᠵᠢᠶ᠎ᠠ ᠶᠢ ᠦᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠦᠨ᠎ᠡ ᠬᠠᠨᠭ᠍ᠰᠢ ᠶᠢᠨ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠪᠠ ᠠᠶᠢᠮᠠᠭ ᠤᠨ ᠵᠠᠬᠢᠷᠭ᠎ᠠ᠂ ᠲᠤᠭᠤᠷᠢᠭ ᠲᠠᠢ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠦᠨ᠎ᠡ ᠬᠠᠨᠭ᠍ᠰᠢ ᠶᠢᠨ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠲᠤᠭᠳᠠᠭᠰᠠᠨ ᠡᠷᠬᠡ ᠶᠢᠨ ᠬᠢᠵᠠᠭᠠᠷ ᠪᠠ ᠲᠠᠷᠠᠭᠠᠯᠠᠯ ᠶᠤᠰᠤᠭᠠᠷ ᠲᠤᠭᠳᠠᠭᠠᠨ᠎ᠠ︔ ᠰᠠᠭᠤᠭᠠᠯᠢ ᠠᠷᠠᠳ ᠤᠨ ᠠᠮᠢᠳᠤᠷᠠᠯ ᠳᠤ ᠬᠡᠷᠡᠭᠯᠡᠬᠦ ᠪᠤᠰᠤ ᠤᠰᠤ ᠨᠢ ᠲᠦᠯᠦᠪᠯᠡᠭᠡ ᠪᠠ ᠲᠤᠭᠳᠠᠭᠰᠠᠨ ᠨᠤᠷᠮ᠎ᠠ ᠠᠴᠠ ᠬᠡᠳᠦᠷᠡᠭᠰᠡᠨ ᠪᠤᠯ ᠠᠬᠢᠭᠤᠯᠤᠨ ᠪᠤᠳᠤᠵᠤ ᠦᠨ᠎ᠡ ᠨᠡᠮᠡᠬᠦ ᠪᠠᠷᠢᠮᠵᠢᠶ᠎ᠠ ᠶᠢ ᠦᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠦᠨ᠎ᠡ ᠬᠠᠨᠭ᠍ᠰᠢ ᠶᠢᠨ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠲᠤᠭᠳᠠᠭᠰᠠᠨ ᠡᠷᠬᠡ ᠶᠢᠨ ᠬᠢᠵᠠᠭᠠᠷ ᠪᠠ ᠲᠠᠷᠠᠭᠠᠯᠠᠯ ᠶᠤᠰᠤᠭᠠᠷ ᠲᠤᠭᠳᠠᠭᠠᠨ᠎ᠠ᠃    ᠠᠷᠪᠠ ᠶᠢᠰᠦᠳᠦᠭᠡᠷ ᠵᠦᠢᠯ ᠦᠪᠡᠷᠳᠡᠭᠡᠨ ᠵᠠᠰᠠᠬᠤ ᠤᠷᠤᠨ ᠬᠡᠪ ᠤᠨ ᠪᠤᠰᠤ ᠤᠰᠤᠨ ᠰᠤᠷᠪᠤᠯᠵᠢ ᠶᠢ ᠠᠰᠢᠭᠯᠠᠬᠤ ᠲᠦᠷᠦᠯ ᠵᠦᠢᠯ ᠳᠤ ᠤᠰᠤᠨ ᠤ ᠡᠬᠢ ᠪᠠᠶᠠᠯᠢᠬ ᠤᠨ ᠰᠦᠢᠳᠭᠡᠯ ᠪᠠ ᠤᠰᠤᠨ ᠤ ᠦᠨ᠎ᠡ ᠬᠠᠩᠰᠢ ᠳᠤ ᠬᠠᠷᠠᠭᠠᠯᠵᠠᠯ ᠦᠵᠡᠭᠦᠯᠬᠦ ᠲᠦᠷᠦ ᠶᠢᠨ ᠪᠤᠳᠤᠯᠭ᠎ᠠ ᠶᠢ ᠬᠡᠷᠡᠭᠵᠢᠭᠦᠯᠦᠨ᠎ᠡ᠃          ᠬᠤᠷᠢᠳᠤᠭᠠᠷ ᠵᠦᠢᠯ ᠬᠤᠰᠢᠭᠤ ᠰᠢᠶᠠᠨ ᠤ ᠱᠠᠳᠤᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠤ ᠤᠰᠤᠨ ᠤ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠨᠢ ᠤᠰᠤ ᠬᠡᠷᠡᠭᠯᠡᠭᠰᠡᠨ ᠪᠠᠶᠢᠳᠠᠯ ᠢ ᠵᠠᠷᠯᠠᠬᠤ ᠲᠦᠷᠢᠮ ᠢ ᠪᠠᠶᠢᠭᠤᠯᠵᠤ᠂ ᠤᠷᠤᠨ ᠲᠤᠭᠤᠷᠢᠭ ᠪᠠ ᠠᠵᠢᠯ ᠲᠦᠷᠦᠯ ᠤᠨ ᠤᠰᠤ ᠬᠡᠷᠡᠭᠯᠡᠭᠰᠡᠨ ᠪᠠᠶᠢᠳᠠᠯ ᠢ ᠲᠤᠭᠳᠠᠮᠠᠯ ᠬᠤᠭᠤᠴᠠᠭ᠎ᠠ ᠲᠠᠢ ᠪᠠᠷ ᠨᠡᠶᠢᠳᠡᠯᠡᠵᠤ᠂ ᠠᠵᠤ ᠠᠬᠤᠢᠢᠯᠠᠯ ᠠᠵᠤ ᠦᠢᠯᠡᠰ ᠤᠨ ᠨᠢᠭᠡᠴᠢ ᠪᠠ ᠨᠡᠶᠢᠭᠡᠮ ᠤᠨ ᠤᠰᠤ ᠠᠷᠪᠢᠯᠠᠨ ᠬᠡᠷᠡᠭᠯᠡᠬᠦ ᠶᠢ ᠵᠢᠯᠤᠭᠤᠳᠤᠨ ᠲᠠᠭᠠᠭᠤᠯᠬᠤ ᠬᠡᠷᠡᠭᠳᠠᠢ᠃ 
 
ᠢᠷᠡᠯᠲᠡ᠄ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠤᠰᠤᠨ ᠠᠰᠢᠭᠯᠠᠯᠲᠠ ᠶᠢᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1