ᠭᠤᠷᠪᠠᠳᠤᠭᠠᠷ ᠪᠦᠯᠦᠭ ᠤᠰᠤ ᠠᠷᠪᠢᠯᠠᠨ ᠬᠡᠷᠡᠭᠯᠡᠬᠦ | ᠬᠤᠷᠢᠨ ᠨᠢᠭᠡᠳᠦᠭᠡᠷ ᠵᠦᠢᠯ ᠡᠯ᠎ᠡ ᠱᠠᠳᠤᠨ ᠤ ᠠᠷᠠᠳ ᠤᠨ ᠵᠠᠰᠠᠭ ᠤᠨ ᠤᠷᠳᠤᠨ ᠨᠢ ᠰᠡᠪᠡᠷᠡᠭᠦᠨ ᠤᠰᠤᠯᠠᠬᠤ᠂ | ᠰᠦᠷᠴᠢᠨ ᠤᠰᠤᠯᠠᠬᠤ᠂ ᠬᠤᠭᠤᠯᠠᠢ ᠪᠠᠷ ᠤᠰᠤ ᠲᠠᠮᠵᠢᠭᠤᠯᠬᠤ᠂ ᠤᠰᠤᠨ ᠰᠤᠪᠠᠭ ᠢᠶᠠᠷ ᠨᠡᠪᠴᠢᠬᠦ ᠶᠢ ᠰᠡᠷᠭᠡᠶᠢᠯᠡᠬᠦ | ᠵᠡᠷᠭᠡ ᠲᠠᠷᠢᠶᠠᠯᠠᠩ ᠤᠨ ᠤᠰᠤ ᠠᠷᠪᠢᠯᠠᠵᠤ ᠤᠰᠤᠯᠠᠬᠤ ᠮᠡᠷᠭᠡᠵᠢᠯ ᠢ ᠲᠡᠯᠭᠡᠷᠡᠭᠦᠯᠦᠨ ᠬᠡᠷᠡᠭᠵᠢᠭᠦᠯᠵᠦ᠂ ᠤᠰᠤ ᠬᠡᠷᠡᠭᠯᠡᠬᠦ | ᠠᠰᠢᠭᠯᠠᠮᠵᠢ ᠪᠠᠨ ᠲᠡᠭᠡᠭᠰᠢᠯᠡᠭᠦᠯᠬᠦ ᠬᠡᠷᠡᠭᠳᠠᠢ᠃ ᠲᠠᠷᠢᠶᠠᠯᠠᠩ ᠤᠨ ᠤᠰᠤ ᠬᠡᠷᠡᠭᠯᠡᠬᠦ ᠬᠠᠮᠢᠶᠠᠷᠤᠯᠳᠠ ᠪᠠ ᠪᠤᠳᠠᠳᠠᠢ ᠤᠰᠤ | ᠠᠷᠪᠢᠯᠠᠬᠤ ᠠᠷᠭ᠎ᠠ ᠬᠡᠮᠵᠢᠶ᠎ᠡ ᠶᠢ ︽ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠲᠠᠷᠢᠶᠠᠯᠠᠩ ᠤᠨ ᠤᠰᠤ | ᠠᠷᠪᠢᠯᠠᠵᠤ ᠤᠰᠤᠯᠠᠬᠤ ᠲᠦᠷᠢᠮ︾ ᠤᠨ ᠬᠤᠯᠪᠤᠭᠳᠠᠯ ᠪᠦᠬᠦᠢ ᠲᠤᠭᠳᠠᠭᠠᠯ ᠶᠤᠰᠤᠭᠠᠷ ᠬᠡᠷᠡᠭᠵᠢᠭᠦᠯᠦᠨ᠎ᠡ᠃ | ᠬᠤᠷᠢᠨ ᠬᠤᠶᠠᠳᠤᠭᠠᠷ ᠵᠦᠢᠯ ᠪᠦᠳᠦᠭᠡᠨ ᠪᠠᠶᠢᠭᠤᠯᠤᠯᠳᠠ ᠶᠢᠨ ᠲᠦᠷᠦᠯ ᠵᠦᠢᠯ ᠢ ᠰᠢᠨ᠎ᠡ ᠪᠠᠷ ᠪᠠᠶᠢᠭᠤᠯᠬᠤ᠂ | ᠦᠭᠡᠷᠡᠴᠢᠯᠡᠨ ᠪᠠᠶᠢᠭᠤᠯᠬᠤ᠂ ᠦᠷᠭᠡᠳᠭᠡᠨ ᠪᠠᠶᠢᠭᠤᠯᠬᠤ ᠳᠤ ᠤᠰᠤ ᠠᠷᠪᠢᠯᠠᠬᠤ ᠠᠷᠭ᠎ᠠ ᠬᠡᠮᠵᠢᠶ᠎ᠡ ᠶᠢᠨ ᠲᠦᠰᠦᠯ ᠢ | ᠲᠤᠭᠳᠠᠭᠠᠵᠤ᠂ ᠤᠰᠤ ᠠᠷᠪᠢᠯᠠᠬᠤ ᠪᠡᠯᠡᠳᠭᠡᠮᠵᠢ ᠶᠢ ᠲᠦᠭᠦᠷᠵᠢᠭᠦᠯᠦᠨ ᠪᠠᠶᠢᠭᠤᠯᠬᠤ ᠬᠡᠷᠡᠭᠳᠠᠢ᠃ ᠤᠰᠤ ᠠᠷᠪᠢᠯᠠᠬᠤ | ᠪᠡᠯᠡᠳᠭᠡᠮᠵᠢ ᠶᠢ ᠭᠤᠤᠯ ᠴᠤᠭᠴᠠᠳᠤ ᠪᠠᠷᠢᠯᠭ᠎ᠠ ᠲᠠᠢ ᠴᠤᠭ ᠲᠤᠨᠢ ᠵᠢᠷᠤᠵᠤ ᠲᠦᠯᠦᠪᠯᠡᠨ᠂ ᠴᠤᠭ ᠲᠤᠨᠢ ᠪᠠᠷᠢᠯᠭ᠎ᠠ | ᠡᠬᠢᠯᠡᠭᠦᠯᠵᠦ᠂ ᠴᠤᠭ ᠲᠤᠨᠢ ᠬᠡᠷᠡᠭᠯᠡᠯᠳᠡ ᠳᠤ ᠤᠷᠤᠭᠤᠯᠬᠤ ᠬᠡᠷᠡᠭᠳᠠᠢ᠃ ᠪᠦᠳᠦᠭᠡᠨ ᠪᠠᠶᠢᠭᠤᠯᠤᠯᠳᠠ ᠶᠢᠨ ᠲᠦᠷᠦᠯ | ᠵᠦᠢᠯ ᠤᠨ ᠪᠠᠷᠢᠯᠭ᠎ᠠ ᠲᠡᠭᠦᠰᠴᠤ᠂ ᠪᠦᠳᠦᠭᠡᠨ ᠪᠠᠶᠢᠭᠤᠯᠤᠯᠳᠠ ᠶᠢᠨ ᠨᠢᠭᠡᠴᠢ ᠠᠴᠠ ᠰᠢᠯᠭᠠᠨ ᠬᠤᠷᠢᠶᠠᠬᠤ ᠳᠤ ᠤᠰᠤ | ᠠᠷᠪᠢᠯᠠᠬᠤ ᠪᠡᠯᠡᠳᠭᠡᠮᠵᠢ ᠶᠢ ᠨᠢ ᠰᠢᠯᠭᠠᠨ ᠬᠤᠷᠢᠶᠠᠬᠤ ᠬᠡᠷᠡᠭᠳᠠᠢ︔ ᠰᠢᠯᠭᠠᠨ ᠬᠤᠷᠢᠶᠠᠬᠤ ᠶᠢ ᠲᠡᠮᠵᠢᠬᠰᠠᠨ ᠦᠭᠡᠢ | ᠪᠤᠶᠤ ᠰᠢᠯᠭᠠᠨ ᠬᠤᠷᠢᠶᠠᠬᠤ ᠳᠤ ᠬᠢᠷᠢ ᠲᠡᠩᠴᠡᠭᠰᠡᠨ ᠦᠭᠡᠢ ᠤᠰᠤ ᠠᠷᠪᠢᠯᠠᠬᠤ ᠪᠡᠯᠡᠳᠭᠡᠮᠵᠢ ᠶᠢ ᠬᠡᠷᠡᠭᠯᠡᠯᠳᠡ ᠳᠤ | ᠤᠷᠤᠭᠤᠯᠵᠤ ᠪᠤᠯᠬᠤ ᠦᠭᠡᠢ᠃ ᠤᠰᠤ ᠠᠷᠪᠢᠯᠠᠬᠤ ᠪᠡᠯᠡᠳᠭᠡᠮᠵᠢ ᠳᠤ ᠤᠰᠤ ᠠᠷᠪᠢᠯᠠᠬᠤ ᠰᠠᠪᠠ᠂ ᠤᠷᠠᠨ ᠮᠡᠷᠭᠡᠰᠢᠯ᠂ | ᠲᠦᠭᠦᠭᠡᠷᠤᠮᠵᠢ᠂ ᠬᠡᠮᠵᠢᠯᠳᠡ ᠶᠢᠨ ᠪᠡᠯᠡᠳᠭᠡᠮᠵᠢ᠂ ᠲᠠᠬᠢᠯᠳᠠ ᠤᠰᠤ ᠶᠢ ᠪᠤᠴᠠᠭᠠᠨ ᠠᠰᠢᠭᠯᠠᠬᠤ ᠰᠢᠰᠲ᠋ᠧᠮ ᠪᠠ | ᠪᠤᠷᠤᠭᠠᠨ ᠤ ᠤᠰᠤ ᠶᠢ ᠬᠤᠷᠢᠶᠠᠨ ᠠᠪᠴᠤ ᠠᠰᠢᠭᠯᠠᠬᠤ ᠰᠢᠰᠲ᠋ᠧᠮ ᠪᠠᠭᠳᠠᠨ᠎ᠠ᠃ | ᠬᠤᠷᠢᠨ ᠭᠤᠷᠪᠠᠳᠤᠭᠠᠷ ᠵᠦᠢᠯ ᠤᠰᠤ ᠠᠪᠬᠤ ᠨᠢᠭᠡᠴᠢ ᠪᠤᠶᠤ ᠬᠤᠪᠢ ᠬᠦᠮᠦᠨ ᠨᠢ ᠤᠰᠤ ᠠᠷᠪᠢᠯᠠᠬᠤ | ᠬᠡᠯᠪᠡᠷᠢ ᠶᠢᠨ ᠤᠷᠠᠨ ᠮᠡᠷᠭᠡᠰᠢᠯ᠂ ᠲᠦᠭᠦᠭᠡᠷᠤᠮᠵᠢ ᠪᠠ ᠪᠦᠳᠦᠭᠡᠭᠳᠡᠭᠦᠨ ᠢ ᠬᠡᠷᠡᠭᠯᠡᠬᠦ ᠬᠡᠷᠡᠭᠳᠠᠢ᠃ ᠤᠯᠤᠰ ᠠᠴᠠ | ᠨᠢᠭᠡᠨᠳᠡ ᠵᠠᠷ ᠵᠠᠷᠯᠢᠬ ᠢᠶᠠᠷ ᠰᠢᠭᠰᠢᠭᠰᠡᠨ ᠤᠰᠤᠨ ᠬᠤᠷᠤᠭᠳᠠᠯ ᠶᠡᠭᠡᠲᠠᠢ ᠤᠷᠠᠨ ᠮᠡᠷᠭᠡᠰᠢᠯ᠂ ᠲᠦᠭᠦᠭᠡᠷᠤᠮᠵᠢ ᠪᠠ | ᠪᠦᠳᠦᠭᠡᠭᠳᠡᠭᠦᠨ ᠢ ᠨᠢᠭᠡᠨᠳᠡ ᠤᠭᠰᠠᠷᠠᠭᠤᠯᠤᠭᠰᠠᠨ ᠪᠤᠯ ᠴᠠᠭ ᠲᠤᠬᠠᠢ ᠳᠤᠨᠢ ᠰᠤᠯᠢᠬᠤ ᠪᠤᠶᠤ ᠲᠡᠭᠦᠨ ᠳᠤ ᠤᠰᠤ | ᠠᠷᠪᠢᠯᠠᠬᠤ ᠦᠭᠡᠷᠡᠴᠢᠯᠡᠯᠳᠡ ᠬᠢᠬᠦ ᠬᠡᠷᠡᠭᠳᠠᠢ᠃ | ᠬᠤᠷᠢᠨ ᠲᠦᠷᠪᠡᠳᠦᠭᠡᠷ ᠵᠦᠢᠯ ᠬᠤᠰᠢᠭᠤ ᠰᠢᠶᠠᠨ ᠤ ᠱᠠᠳᠤᠨ ᠠᠴᠠ ᠲᠡᠭᠡᠭᠰᠢᠬᠢ ᠠᠷᠠᠳ ᠤᠨ ᠵᠠᠰᠠᠭ ᠤᠨ | ᠤᠷᠳᠤᠨ ᠨᠢ ᠲᠤᠰ ᠵᠠᠰᠠᠭ ᠵᠠᠬᠢᠷᠭᠠᠨ ᠤ ᠤᠷᠤᠨ ᠤ ᠠᠵᠤ ᠦᠢᠯᠡᠳᠪᠦᠷᠢ ᠶᠢᠨ ᠪᠠᠶᠢᠷᠢᠯᠠᠭᠤᠯᠤᠯᠳᠠ ᠪᠠ ᠠᠵᠤ | ᠦᠢᠯᠡᠰ ᠤᠨ ᠪᠦᠲᠦᠴᠡ ᠶᠢ ᠲᠤᠬᠠᠢ ᠶᠢᠨ ᠭᠠᠵᠠᠷ ᠤᠨ ᠢᠶᠠᠨ ᠤᠰᠤᠨ ᠤ ᠡᠬᠢ ᠪᠠᠶᠠᠯᠢᠬ ᠤᠨ ᠨᠦᠭᠦᠴᠡᠯ᠂ ᠤᠰᠤᠨ ᠤ | ᠤᠷᠴᠢᠨ ᠲᠤᠭᠤᠷᠢᠨ ᠤ ᠪᠠᠭᠳᠠᠭᠠᠮᠵᠢ ᠲᠠᠢ ᠵᠤᠬᠢᠴᠠᠭᠤᠯᠬᠤ ᠬᠡᠷᠡᠭᠳᠠᠢ᠃ ᠤᠰᠤᠨ ᠬᠤᠷᠤᠭᠳᠠᠯ ᠶᠡᠭᠡᠲᠠᠢ ᠠᠵᠤ | ᠦᠢᠯᠡᠳᠪᠦᠷᠢ ᠶᠢᠨ ᠲᠦᠷᠦᠯ ᠵᠦᠢᠯ ᠢ ᠰᠢᠨ᠎ᠡ ᠪᠠᠷ ᠪᠠᠶᠢᠭᠤᠯᠬᠤ᠂ ᠦᠭᠡᠷᠡᠴᠢᠯᠡᠨ ᠪᠠᠶᠢᠭᠤᠯᠬᠤ᠂ ᠦᠷᠭᠡᠳᠭᠡᠨ | ᠪᠠᠶᠢᠭᠤᠯᠬᠤ ᠳᠤ ᠭᠠᠵᠠᠷ ᠲᠤᠤᠷᠠᠬᠢ ᠤᠰᠤ ᠶᠢ ᠲᠤᠷ᠎ᠠ ᠪᠠᠷ ᠬᠡᠷᠡᠭᠯᠡᠬᠦ ᠶᠢ ᠴᠠᠭᠠᠵᠠᠯᠠᠨ᠎ᠠ᠃ ᠨᠢᠭᠡᠨᠳᠡ ᠪᠠᠶᠢᠭᠤᠯᠤᠭᠰᠠᠨ | ᠤᠰᠤᠨ ᠬᠤᠷᠤᠭᠳᠠᠯ ᠶᠡᠭᠡᠲᠠᠢ ᠠᠵᠤ ᠦᠢᠯᠡᠳᠪᠦᠷᠢ ᠶᠢᠨ ᠲᠦᠷᠦᠯ ᠵᠦᠢᠯ ᠳᠤ ᠬᠡᠷᠪᠡ ᠭᠠᠵᠠᠷ ᠲᠤᠤᠷᠠᠬᠢ ᠤᠰᠤ ᠶᠢ | ᠬᠡᠷᠡᠭᠯᠡᠭᠰᠡᠨ ᠪᠤᠯ ᠤᠰᠤ ᠠᠷᠪᠢᠯᠠᠬᠤ ᠠᠷᠭ᠎ᠠ ᠬᠡᠮᠵᠢᠶ᠎ᠡ ᠠᠪᠴᠤ᠂ ᠭᠠᠵᠠᠷ ᠲᠤᠤᠷᠠᠬᠢ ᠤᠰᠤ ᠶᠢ ᠨᠡᠭᠡᠭᠡᠨ | ᠠᠰᠢᠭᠯᠠᠬᠤ ᠶᠢ ᠠᠯᠬᠤᠮ ᠠᠯᠬᠤᠮ ᠢᠶᠠᠷ ᠪᠠᠭᠠᠰᠬᠠᠬᠤ ᠬᠡᠷᠡᠭᠳᠠᠢ᠃ ᠨᠦᠭᠦᠴᠡᠯ ᠲᠠᠢ ᠪᠤᠯ ᠭᠠᠵᠠᠷ ᠲᠤᠤᠷᠠᠬᠢ | ᠤᠰᠤᠨ ᠤ ᠰᠤᠷᠪᠤᠯᠵᠢ ᠶᠢ ᠬᠡᠪ ᠤᠨ ᠪᠤᠰᠤ ᠤᠰᠤᠨ ᠰᠤᠷᠪᠤᠯᠵᠢ ᠪᠤᠶᠤ ᠭᠠᠵᠠᠷ ᠲᠡᠭᠡᠷᠡᠬᠢ ᠤᠰᠤᠨ ᠰᠤᠷᠪᠤᠯᠵᠢ ᠪᠠᠷ | ᠤᠷᠤᠯᠠᠭᠤᠯᠬᠤ ᠬᠡᠷᠡᠭᠳᠠᠢ᠃ | ᠬᠤᠷᠢᠨ ᠲᠠᠪᠤᠳᠤᠭᠠᠷ ᠵᠦᠢᠯ ᠠᠵᠤ ᠦᠢᠯᠡᠰ ᠦᠢᠯᠡᠳᠪᠤᠷᠢ ᠶᠢᠨ ᠠᠵᠤ ᠠᠬᠤᠢᠢᠯᠠᠯ ᠨᠢ ᠤᠷᠴᠢᠯ ᠤᠰᠤ | ᠬᠡᠷᠡᠭᠯᠡᠬᠦ᠂ ᠴᠢᠨᠠᠷ ᠢᠯᠭᠠᠵᠤ ᠤᠰᠤ ᠬᠡᠷᠡᠭᠯᠡᠬᠦ ᠵᠢᠴᠢ ᠬᠠᠶᠠᠭᠳᠠᠮᠠᠯ ᠪᠤᠬᠢᠷᠳᠤᠯ ᠤᠰᠤ ᠶᠢ ᠪᠤᠴᠠᠭᠠᠨ ᠠᠰᠢᠭᠯᠠᠬᠤ ᠵᠡᠷᠭᠡ | ᠠᠷᠭ᠎ᠠ ᠬᠡᠮᠵᠢᠶ᠎ᠡ ᠪᠠᠷ ᠤᠰᠤ ᠬᠡᠷᠡᠭᠯᠡᠬᠦ ᠲᠠᠩ ᠬᠤᠷᠤᠭᠳᠠᠯ ᠢ ᠲᠤᠷᠤᠭᠰᠢᠯᠠᠭᠤᠯᠵᠤ᠂ ᠤᠰᠤ ᠶᠢ ᠲᠠᠬᠢᠨ ᠠᠰᠢᠭᠯᠠᠬᠤ | ᠨᠤᠷᠮ᠎ᠠ ᠶᠢ ᠲᠡᠭᠡᠭᠰᠢᠯᠡᠭᠦᠯᠵᠦ᠂ ᠬᠠᠶᠠᠭᠳᠠᠮᠠᠯ ᠪᠤᠬᠢᠷᠳᠤᠯ ᠤᠰᠤᠨ ᠤ ᠭᠠᠳᠠᠭᠰᠢᠯᠠᠯ ᠢ ᠪᠠᠭᠠᠰᠬᠠᠬᠤ ᠬᠡᠷᠡᠭᠳᠠᠢ᠃ ᠠᠵᠤ | ᠦᠢᠯᠡᠳᠪᠦᠷᠢ ᠶᠢᠨ ᠠᠵᠤ ᠠᠬᠤᠢᠢᠯᠠᠯ ᠤᠨ ᠲᠦᠭᠦᠭᠡᠷᠤᠮᠵᠢ ᠶᠢᠨ ᠬᠦᠷᠦᠭᠡᠯ ᠤᠰᠤ᠂ ᠠᠭᠠᠷ ᠲᠤᠬᠢᠷᠠᠭᠤᠯᠤᠭᠴᠢ ᠶᠢᠨ | ᠬᠦᠷᠦᠭᠡᠯ ᠤᠰᠤ᠂ ᠵᠤᠤᠬ᠎ᠠ ᠶᠢᠨ ᠴᠠᠷᠴᠠᠭᠠᠬᠤ ᠤᠰᠤ ᠶᠢ ᠤᠷᠴᠢᠨ ᠬᠡᠷᠡᠭᠯᠡᠬᠦ ᠪᠤᠶᠤ ᠬᠤᠷᠢᠶᠠᠨ ᠠᠪᠴᠤ ᠠᠰᠢᠭᠯᠠᠬᠤ | ᠬᠡᠷᠡᠭᠳᠠᠢ᠂ ᠰᠢᠭᠤᠳ ᠭᠠᠳᠠᠭᠰᠢᠯᠠᠭᠤᠯᠵᠤ ᠪᠤᠯᠬᠤ ᠦᠭᠡᠢ᠃ | ᠬᠤᠷᠢᠨ ᠵᠢᠷᠭᠤᠳᠤᠭᠠᠷ ᠵᠦᠢᠯ ᠴᠡᠪᠡᠷ ᠤᠰᠤ᠂ ᠷᠠᠰᠢᠶᠠᠨ ᠤᠰᠤ᠂ ᠤᠮᠳᠠᠭᠠᠨ᠂ ᠠᠷᠢᠭᠢ ᠶᠢᠨ ᠲᠦᠷᠦᠯ ᠵᠡᠷᠭᠡ | ᠦᠢᠯᠡᠳᠭᠦᠨ ᠢ ᠦᠢᠯᠡᠳᠪᠦᠷᠢᠯᠡᠬᠦ ᠠᠵᠤ ᠠᠬᠤᠢᠢᠯᠠᠯ ᠨᠢ ᠤᠰᠤ ᠠᠷᠪᠢᠯᠠᠬᠤ ᠠᠷᠭ᠎ᠠ ᠬᠡᠮᠵᠢᠶ᠎ᠡ ᠶᠢ ᠬᠡᠷᠡᠭᠯᠡᠵᠤ᠂ | ᠤᠰᠤᠨ ᠬᠤᠷᠤᠭᠳᠠᠯ ᠢ ᠪᠠᠭᠠᠰᠬᠠᠨ᠂ ᠤᠰᠤᠨ ᠤ ᠭᠠᠷᠭᠠᠮᠵᠢ ᠶᠢ ᠤᠯᠤᠰ ᠤᠨ ᠪᠠᠷᠢᠮᠵᠢᠶ᠎ᠠ ᠠᠴᠠ ᠲᠤᠤᠷ᠎ᠠ ᠪᠠᠶᠢᠯᠭᠠᠵᠤ | ᠪᠤᠯᠬᠤ ᠦᠭᠡᠢ︔ ᠰᠡᠭᠦᠯ ᠤᠨ ᠤᠰᠤ ᠶᠢ ᠬᠤᠷᠢᠶᠠᠨ ᠠᠪᠴᠤ ᠲᠠᠬᠢᠨ ᠠᠰᠢᠭᠯᠠᠬᠤ ᠬᠡᠷᠡᠭᠲᠠᠢ᠂ ᠰᠢᠭᠤᠳ | ᠭᠠᠳᠠᠭᠰᠢᠯᠠᠭᠤᠯᠵᠤ ᠪᠤᠯᠬᠤ ᠦᠭᠡᠢ᠃ | ᠬᠤᠷᠢᠨ ᠲᠤᠯᠤᠳᠤᠭᠠᠷ ᠵᠦᠢᠯ ᠠᠭᠤᠷᠬᠠᠢ ᠮᠠᠯᠳᠠᠬᠤ ᠠᠵᠤ ᠠᠬᠤᠢᠢᠯᠠᠯ ᠨᠢ ᠤᠰᠤ ᠠᠷᠪᠢᠯᠠᠬᠤ ᠲᠦᠰᠦᠯ | ᠲᠤᠭᠳᠠᠭᠠᠵᠤ᠂ ᠬᠡᠮᠵᠢᠯᠳᠡ ᠶᠢᠨ ᠪᠡᠯᠡᠳᠭᠡᠮᠵᠢ ᠤᠭᠰᠠᠷᠠᠭᠤᠯᠬᠤ ᠬᠡᠷᠡᠭᠳᠠᠢ᠃ ᠨᠦᠭᠦᠴᠡᠯ ᠲᠠᠢ ᠭᠠᠵᠠᠷ ᠤᠷᠤᠨ ᠨᠢ | ᠬᠠᠭᠤᠷᠠᠶᠢᠳᠠᠭᠤᠯᠬᠤ ᠪᠠᠷ ᠳᠠᠷᠬᠠᠭᠠᠭᠰᠠᠨ ᠤᠰᠤ ᠶᠢ ᠬᠤᠷᠢᠶᠠᠨ ᠠᠪᠴᠤ ᠲᠠᠬᠢᠨ ᠠᠰᠢᠭᠯᠠᠬᠤ ᠬᠡᠷᠡᠭᠳᠠᠢ᠃ ᠠᠭᠤᠷᠬᠠᠢ | ᠮᠠᠯᠳᠠᠬᠤ ᠠᠵᠤ ᠠᠬᠤᠢᠢᠯᠠᠯ ᠨᠢ ᠬᠠᠭᠤᠷᠠᠶᠢᠳᠠᠭᠤᠯᠬᠤ ᠪᠠᠷ ᠤᠰᠤ ᠭᠠᠳᠠᠭᠰᠢᠯᠠᠭᠤᠯᠬᠤ ᠠᠴᠠ ᠪᠤᠯᠵᠤ ᠭᠠᠵᠠᠷ ᠲᠤᠤᠷᠠᠬᠢ | ᠤᠰᠤᠨ ᠤ ᠲᠦᠪᠰᠢᠨ ᠢ ᠲᠤᠷᠤᠭᠰᠢᠯᠠᠭᠤᠯᠤᠭᠰᠠᠨ᠂ ᠤᠰᠤᠨ ᠰᠤᠷᠪᠤᠯᠵᠢ ᠰᠢᠷᠭᠢᠭᠰᠡᠨ ᠪᠤᠶᠤ ᠭᠠᠵᠠᠷ ᠤᠨ ᠭᠠᠳᠠᠷᠭᠤ | ᠨᠤᠷᠠᠭᠰᠠᠨ ᠪᠤᠯ ᠨᠦᠬᠦᠵᠤ ᠵᠠᠰᠠᠬᠤ ᠠᠷᠭ᠎ᠠ ᠬᠡᠮᠵᠢᠶ᠎ᠡ ᠠᠪᠬᠤ ᠬᠡᠷᠡᠭᠳᠠᠢ︔ ᠪᠤᠰᠤᠳ ᠬᠦᠮᠦᠨ ᠤ ᠠᠮᠢᠳᠤᠷᠠᠯ ᠪᠠ | ᠦᠢᠯᠡᠳᠪᠦᠷᠢᠯᠡᠯ ᠳᠤ ᠬᠤᠬᠢᠷᠠᠯ ᠤᠴᠠᠷᠠᠭᠤᠯᠤᠭᠰᠠᠨ ᠪᠤᠯ ᠬᠠᠤᠯᠢ ᠶᠤᠰᠤᠭᠠᠷ ᠲᠦᠯᠦᠪᠦᠷᠢ ᠦᠭᠬᠦ ᠬᠡᠷᠡᠭᠳᠠᠢ᠃ | ᠬᠤᠷᠢᠨ ᠨᠠᠢᠮᠠᠳᠤᠭᠠᠷ ᠵᠦᠢᠯ ᠪᠦᠳᠦᠭᠡᠨ ᠪᠠᠶᠢᠭᠤᠯᠤᠯᠳᠠ ᠶᠢᠨ ᠪᠠᠷᠢᠯᠭ᠎ᠠ ᠶᠢᠨ ᠨᠢᠭᠡᠴᠢ ᠨᠢ ᠢᠨᠵᠧᠨᠧᠷᠢᠩ ᠪᠠ | ᠮᠡᠷᠭᠡᠵᠢᠯ ᠤᠨ ᠠᠷᠭ᠎ᠠ ᠬᠡᠮᠵᠢᠶ᠎ᠡ ᠠᠪᠴᠤ᠂ ᠪᠠᠷᠢᠯᠭ᠎ᠠ ᠶᠢᠨ ᠤᠰᠤᠨ ᠭᠠᠳᠠᠭᠰᠢᠯᠠᠯ ᠢ ᠪᠠᠭᠠᠰᠬᠠᠬᠤ ᠬᠡᠷᠡᠭᠳᠠᠢ᠃ | ᠨᠦᠭᠦᠴᠡᠯ ᠲᠠᠢ ᠪᠤᠯ ᠪᠠᠷᠢᠯᠭ᠎ᠠ ᠶᠢᠨ ᠤᠰᠤᠨ ᠭᠠᠳᠠᠭᠰᠢᠯᠠᠯ ᠢ ᠬᠤᠷᠢᠶᠠᠨ ᠠᠪᠴᠤ ᠲᠠᠬᠢᠨ ᠠᠰᠢᠭᠯᠠᠬᠤ ᠬᠡᠷᠡᠭᠳᠠᠢ᠃ | ᠬᠤᠷᠢ ᠶᠢᠰᠦᠳᠦᠭᠡᠷ ᠵᠦᠢᠯ ᠤᠰᠤ ᠬᠡᠷᠡᠭᠯᠡᠬᠦ ᠠᠵᠤ ᠠᠬᠤᠢᠢᠯᠠᠯ ᠨᠢ ᠭᠤᠷᠪᠠ ᠠᠴᠠ ᠲᠠᠪᠤᠨ ᠵᠢᠯ ᠪᠦᠷᠢ ᠨᠢᠭᠡ | ᠤᠳᠠᠭ᠎ᠠ ᠤᠰᠤᠨ ᠲᠡᠩᠴᠡᠭᠦᠷᠢ ᠶᠢᠨ ᠰᠤᠷᠢᠯᠳᠠ ᠬᠢᠬᠦ ᠬᠡᠷᠡᠭᠳᠠᠢ᠃ ᠪᠦᠳᠦᠭᠡᠭᠳᠡᠭᠦᠨ ᠤ ᠪᠦᠳᠦᠴᠡ ᠪᠤᠶᠤ | ᠦᠢᠯᠡᠳᠪᠦᠷᠢᠯᠡᠬᠦ᠂ ᠤᠰᠤ ᠬᠡᠷᠡᠭᠯᠡᠬᠦ ᠤᠷᠠᠨ ᠮᠡᠷᠭᠡᠰᠢᠯ ᠨᠢ ᠬᠤᠪᠢᠷᠠᠯᠳᠠ ᠭᠠᠷᠪᠠᠯ᠂ ᠤᠰᠤ ᠬᠡᠷᠡᠭᠯᠡᠬᠦ ᠨᠢᠭᠡᠴᠢ ᠨᠢ | ᠬᠠᠭᠠᠰ ᠵᠢᠯ ᠤᠨ ᠲᠤᠳᠤᠷ᠎ᠠ ᠲᠠᠬᠢᠨ ᠰᠤᠷᠢᠯᠳᠠ ᠬᠢᠬᠦ ᠬᠡᠷᠡᠭᠳᠠᠢ᠃ ᠰᠤᠷᠢᠯᠳᠠ ᠬᠢᠭᠰᠡᠨ ᠦᠷ᠎ᠡ ᠳ᠋ᠦᠩ ᠢᠶᠠᠨ | ᠬᠠᠮᠢᠶᠠᠷᠬᠤ ᠡᠷᠬᠡ ᠲᠠᠢ ᠬᠤᠰᠢᠭᠤ ᠰᠢᠶᠠᠨ ᠤ ᠱᠠᠳᠤᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠤ | ᠤᠰᠤᠨ ᠤ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠲᠤ ᠮᠡᠳᠡᠭᠦᠯᠬᠦ ᠬᠡᠷᠡᠭᠳᠠᠢ᠃ | ᠭᠤᠴᠢᠳᠤᠭᠠᠷ ᠵᠦᠢᠯ ᠠᠵᠤ ᠦᠢᠯᠡᠳᠪᠦᠷᠢ ᠶᠢᠨ ᠬᠦᠷᠢᠶᠡᠯᠡᠩ ᠲᠤᠭᠤᠷᠢᠭ᠂ ᠠᠵᠤ ᠠᠬᠤᠢ ᠮᠡᠷᠭᠡᠵᠢᠯ ᠤᠨ | ᠨᠡᠬᠡᠬᠡᠯᠳᠡ ᠶᠢᠨ ᠤᠷᠤᠨ᠂ ᠲᠡᠭᠡᠳᠦ ᠰᠢᠨ᠎ᠡ ᠮᠡᠷᠭᠡᠵᠢᠯ ᠤᠨ ᠨᠡᠬᠡᠬᠡᠯᠳᠡ ᠶᠢᠨ ᠤᠷᠤᠨ ᠵᠡᠷᠭᠡ ᠡᠯ᠎ᠡ ᠲᠦᠷᠦᠯ ᠤᠨ | ᠨᠡᠬᠡᠬᠡᠯᠳᠡ ᠶᠢᠨ ᠤᠷᠤᠨ ᠨᠢ ᠤᠰᠤᠨ ᠤ ᠡᠬᠢ ᠪᠠᠶᠠᠯᠢᠬ ᠢ ᠲᠦᠯᠦᠪᠵᠢᠭᠦᠯᠬᠦ ᠨᠤᠳᠠᠯᠠᠯᠳᠠ ᠶᠢᠨ ᠮᠡᠳᠡᠭᠦᠯᠦᠯᠳᠡ ᠶᠢᠨ | ᠪᠢᠴᠢᠭ ᠪᠢᠴᠢᠵᠤ᠂ ᠤᠰᠤ ᠬᠠᠨᠭ᠍ᠭᠠᠬᠤ᠂ ᠤᠰᠤ ᠬᠡᠷᠡᠭᠯᠡᠬᠦ᠂ ᠤᠰᠤ ᠭᠠᠳᠠᠭᠰᠢᠯᠠᠭᠤᠯᠬᠤ ᠶᠢ ᠨᠢᠭᠡᠳᠦᠯᠳᠠᠢ ᠬᠠᠮᠢᠶᠠᠷᠬᠤ | ᠬᠡᠷᠡᠭᠳᠠᠢ᠃ | ᠭᠤᠴᠢᠨ ᠨᠢᠭᠡᠳᠦᠭᠡᠷ ᠵᠦᠢᠯ ᠦᠢᠯᠡᠴᠢᠯᠡᠭᠡᠨ ᠤ ᠦᠢᠯᠡᠰ ᠨᠢ ᠨᠢᠭᠡ ᠤᠰᠤ ᠶᠢ ᠤᠯᠠᠨ ᠬᠡᠷᠡᠭᠯᠡᠭᠡᠨ ᠳᠤ ᠬᠡᠷᠡᠭᠯᠡᠬᠦ᠂ | ᠤᠰᠤ ᠶᠢ ᠤᠷᠴᠢᠨ ᠬᠡᠷᠡᠭᠯᠡᠬᠦ ᠵᠡᠷᠭᠡ ᠤᠰᠤ ᠶᠢ ᠠᠷᠪᠢᠯᠠᠨ ᠬᠡᠷᠡᠭᠯᠡᠬᠦ ᠠᠷᠭ᠎ᠠ ᠬᠡᠮᠵᠢᠶ᠎ᠡ ᠶᠢ ᠠᠪᠬᠤ ᠬᠡᠷᠡᠭᠳᠠᠢ᠃ | ᠤᠰᠤᠨ ᠤ ᠡᠬᠢ ᠪᠠᠶᠠᠯᠢᠬ ᠢᠶᠠᠷ ᠲᠤᠳᠠᠮᠠᠬ ᠪᠤᠶᠤ ᠭᠠᠵᠠᠷ ᠲᠤᠤᠷᠠᠬᠢ ᠤᠰᠤ ᠶᠢ ᠬᠡᠳᠦᠷᠡᠭᠦᠯᠦᠨ ᠠᠰᠢᠭᠯᠠᠭᠰᠠᠨ | ᠤᠷᠤᠨ ᠳᠤ ᠤᠰᠤᠨ ᠬᠤᠷᠤᠭᠳᠠᠯ ᠶᠡᠭᠡᠲᠠᠢ ᠦᠢᠯᠡᠴᠢᠯᠡᠭᠡᠨ ᠤ ᠦᠢᠯᠡᠰ ᠤᠨ ᠲᠦᠷᠦᠯ ᠵᠦᠢᠯ ᠢ ᠬᠢᠵᠠᠭᠠᠷᠯᠠᠨ᠎ᠠ᠃ | ᠤᠬᠢᠶᠠᠯ᠂ ᠲᠡᠷᠬᠡ ᠤᠬᠢᠶᠠᠬᠤ᠂ ᠤᠰᠤᠨ ᠲᠡᠭᠡᠷᠡᠬᠢ ᠲᠤᠭᠯᠠᠭᠠᠮ᠂ ᠤᠮᠪᠠᠯᠳᠠ ᠶᠢᠨ ᠲᠠᠯᠠᠪᠦᠷ᠂ ᠭᠤᠯᠹ ᠪᠦᠮᠪᠦᠭᠡᠨ | ᠲᠠᠯᠠᠪᠦᠷ ᠪᠠ ᠬᠦᠮᠦᠨ ᠤ ᠬᠦᠴᠦᠨ ᠤ ᠴᠠᠰᠤᠨ ᠳᠤ ᠭᠤᠯᠭᠤᠬᠤ ᠲᠠᠯᠠᠪᠦᠷ ᠵᠡᠷᠭᠡ ᠡᠵᠡᠩᠨᠡᠯᠳᠡ ᠶᠢᠨ ᠲᠠᠯᠠᠪᠦᠷ ᠨᠢ | ᠤᠰᠤ ᠠᠷᠪᠢᠯᠠᠬᠤ ᠮᠡᠷᠭᠡᠵᠢᠯ ᠢ ᠬᠡᠷᠡᠭᠯᠡᠵᠤ᠂ ᠤᠰᠤ ᠠᠷᠪᠢᠯᠠᠬᠤ ᠪᠡᠯᠡᠳᠭᠡᠮᠵᠢ ᠶᠢ ᠤᠭᠰᠠᠷᠠᠭᠤᠯᠬᠤ ᠬᠡᠷᠡᠭᠳᠠᠢ᠃ | ᠭᠤᠴᠢᠨ ᠬᠤᠶᠠᠳᠤᠭᠠᠷ ᠵᠦᠢᠯ ᠲᠦᠭᠡᠭᠡᠭᠦᠷ ᠤᠰᠤ ᠬᠠᠨᠭ᠍ᠭᠠᠬᠤ ᠠᠵᠤ ᠠᠬᠤᠢᠢᠯᠠᠯ ᠪᠠ ᠤᠰᠤ ᠬᠠᠨᠭ᠍ᠭᠠᠬᠤ | ᠪᠡᠯᠡᠳᠭᠡᠮᠵᠢ ᠶᠢ ᠦᠪᠡᠷᠳᠡᠭᠡᠨ ᠪᠠᠶᠢᠭᠤᠯᠤᠭᠰᠠᠨ ᠠᠵᠤ ᠠᠬᠤᠢᠢᠯᠠᠯ ᠨᠢ ᠲᠡᠭᠦᠨ ᠤ ᠬᠠᠮᠢᠶᠠᠷᠴᠤ ᠪᠠᠶᠢᠭ᠎ᠠ ᠤᠰᠤ | ᠬᠠᠨᠭ᠍ᠭᠠᠯᠳᠠ ᠳᠤ ᠲᠤᠰᠬᠠᠢᠢᠯᠠᠨ ᠬᠡᠷᠡᠭᠯᠡᠬᠦ ᠤᠰᠤᠨ ᠴᠦᠬᠦᠷᠤᠮ᠂ ᠤᠰᠤ ᠲᠠᠳᠠᠬᠤ ᠰᠤᠪᠠᠭ᠂ ᠤᠰᠤ ᠠᠪᠬᠤ ᠠᠮᠠᠰᠠᠷ᠂ | ᠬᠦᠭᠡᠷᠭᠡ ᠶᠢᠨ ᠦᠷᠳᠡᠭᠡ᠂ ᠬᠤᠳᠳᠤᠭ᠂ ᠤᠰᠤ ᠲᠠᠮᠵᠢᠭᠤᠯᠬᠤ ︵ᠲᠤᠬᠢᠷᠠᠭᠤᠯᠬᠤ︶ ᠬᠤᠭᠤᠯᠠᠢ᠂ ᠡᠷᠦᠬᠡᠨ ᠳᠤ | ᠤᠷᠤᠬᠤ ᠤᠰᠤᠨ ᠴᠠᠭ᠂ ᠤᠰᠤ ᠴᠡᠪᠡᠷᠰᠢᠭᠦᠯᠬᠦ ︵ᠲᠤᠬᠢᠷᠠᠭᠤᠯᠬᠤ︶ ᠦᠢᠯᠡᠳᠪᠦᠷᠢ᠂ ᠨᠡᠶᠢᠳᠡ ᠬᠡᠷᠡᠭᠯᠡᠭᠡᠨ ᠤ | ᠤᠰᠤᠨ ᠦᠷᠳᠡᠭᠡ ᠵᠡᠷᠭᠡ ᠪᠡᠯᠡᠳᠭᠡᠮᠵᠢ ᠪᠠᠨ ᠲᠤᠭᠳᠠᠮᠠᠯ ᠬᠤᠭᠤᠴᠠᠭ᠎ᠠ ᠲᠠᠢ ᠪᠠᠷ ᠪᠠᠶᠢᠴᠠᠭᠠᠨ ᠰᠠᠯᠪᠢᠵᠤ᠂ ᠤᠰᠤ | ᠬᠠᠨᠭ᠍ᠭᠠᠬᠤ ᠪᠡᠯᠡᠳᠭᠡᠮᠵᠢ ᠶᠢᠨ ᠭᠤᠭᠤᠵᠢᠵᠤ ᠤᠷᠤᠰᠬᠤ ᠨᠤᠷᠮ᠎ᠠ ᠶᠢ ᠲᠤᠷᠤᠭᠰᠢᠯᠠᠭᠤᠯᠬᠤ ᠬᠡᠷᠡᠭᠳᠠᠢ᠃ | ᠭᠤᠴᠢᠨ ᠭᠤᠷᠪᠠᠳᠤᠭᠠᠷ ᠵᠦᠢᠯ ᠴᠡᠴᠡᠷᠯᠢᠭ ᠤᠨ ᠨᠤᠭᠤᠭᠠᠷᠠᠭᠤᠯᠤᠯᠳᠠ᠂ ᠤᠷᠴᠢᠨ ᠲᠤᠭᠤᠷᠢᠨ ᠤ ᠠᠷᠢᠭᠤᠨ | ᠴᠡᠪᠡᠷ᠂ ᠭᠠᠯ ᠰᠡᠷᠭᠡᠶᠢᠯᠡᠵᠤ ᠭᠠᠯ ᠤᠨᠳᠠᠷᠠᠭᠠᠵᠤ᠂ ᠪᠦᠳᠦᠭᠡᠨ ᠪᠠᠶᠢᠭᠤᠯᠬᠤ ᠪᠠᠷᠢᠯᠭ᠎ᠠ ᠶᠢᠨ ᠤᠰᠤ ᠬᠡᠷᠡᠭᠯᠡᠬᠦ ᠳᠤ | ᠲᠠᠬᠢᠯᠳᠠ ᠤᠰᠤ ᠬᠢᠭᠡᠳ ᠪᠤᠷᠤᠭᠠᠨ ᠪᠠ ᠦᠶᠡᠷ ᠤᠨ ᠤᠰᠤ ᠶᠢ ᠤᠷᠢᠳ ᠢᠶᠠᠷ ᠬᠡᠷᠡᠭᠯᠡᠬᠦ ᠬᠡᠷᠡᠭᠳᠠᠢ᠃ ᠴᠡᠴᠡᠷᠯᠢᠭ ᠤᠨ | ᠨᠤᠭᠤᠭᠠᠷᠠᠭᠤᠯᠤᠯᠳᠠ ᠳᠤ ᠲᠤᠬᠠᠢ ᠶᠢᠨ ᠭᠠᠵᠠᠷ ᠤᠨ ᠢᠶᠠᠨ ᠴᠠᠭ ᠠᠭᠤᠷ ᠤᠨ ᠨᠦᠭᠦᠴᠡᠯ ᠳᠤ ᠵᠤᠬᠢᠴᠠᠭᠰᠠᠨ ᠭᠠᠨᠭ᠍ᠰᠠᠭ | ᠮᠤᠳᠤ᠂ ᠴᠡᠴᠡᠭ ᠡᠪᠡᠰᠤ ᠶᠢ ᠰᠤᠩᠭᠤᠵᠦ᠂ ᠰᠦᠷᠴᠢᠨ ᠤᠰᠤᠯᠠᠬᠤ᠂ ᠰᠡᠪᠡᠷᠡᠭᠦᠨ ᠤᠰᠤᠯᠠᠬᠤ ᠵᠡᠷᠭᠡ ᠤᠰᠤ | ᠠᠷᠪᠢᠯᠠᠵᠤ ᠤᠰᠤᠯᠠᠬᠤ ᠬᠡᠯᠪᠡᠷᠢ ᠶᠢ ᠲᠡᠯᠭᠡᠷᠡᠭᠦᠯᠦᠨ ᠬᠡᠷᠡᠭᠯᠡᠬᠦ ᠬᠡᠷᠡᠭᠳᠠᠢ᠂ ᠦᠶᠡᠷᠯᠡᠭᠦᠯᠦᠨ ᠤᠰᠤᠯᠠᠬᠤ ᠵᠡᠷᠭᠡ ᠤᠰᠤᠨ | ᠬᠤᠷᠤᠭᠳᠠᠯ ᠶᠡᠬᠡᠲᠠᠢ ᠤᠰᠤᠯᠠᠯᠳᠠ ᠶᠢᠨ ᠬᠡᠯᠪᠡᠷᠢ ᠶᠢ ᠬᠡᠷᠡᠭᠯᠡᠵᠤ ᠪᠤᠯᠬᠤ ᠦᠭᠡᠢ᠃ ᠭᠠᠵᠠᠷ ᠲᠤᠤᠷᠠᠬᠢ ᠤᠰᠤ᠂ | ᠲᠦᠭᠡᠭᠡᠭᠦᠷ ᠤᠰᠤ ᠶᠢ ᠦᠵᠡᠮᠵᠢᠳᠤ ᠭᠤᠤᠯ᠂ ᠬᠦᠮᠦᠨ ᠤ ᠬᠦᠴᠦᠨ ᠤ ᠨᠠᠭᠤᠷ ᠤᠨ ᠬᠡᠷᠡᠭᠯᠡᠬᠦ ᠤᠰᠤ ᠪᠤᠯᠭᠠᠬᠤ ᠶᠢ | ᠴᠠᠭᠠᠵᠠᠯᠠᠨ᠎ᠠ᠃ | ᠭᠤᠴᠢᠨ ᠲᠦᠷᠪᠡᠳᠦᠭᠡᠷ ᠵᠦᠢᠯ ᠵᠤᠴᠢᠳ ᠤᠨ ᠪᠠᠭᠤᠳᠠᠯ᠂ ᠬᠤᠭᠤᠯᠠᠨ ᠭᠡᠷ᠂ ᠰᠠᠭᠤᠭᠠᠯᠢ ᠠᠷᠠᠳ ᠤᠨ | ᠲᠤᠭᠤᠷᠢᠭ᠂ ᠰᠤᠷᠭᠠᠭᠤᠯᠢ᠂ ᠠᠵᠤ ᠠᠬᠤᠢᠢᠯᠠᠯ ᠠᠵᠤ ᠦᠢᠯᠡᠰ ᠤᠨ ᠨᠢᠭᠡᠴᠢ ᠪᠠ ᠲᠦᠷᠦ ᠶᠢᠨ | ᠪᠠᠶᠢᠭᠤᠯᠭ᠎ᠠ ᠨᠤᠭᠤᠳ ᠨᠢ ᠲᠤᠮᠳᠠ ᠵᠡᠷᠭᠡ ᠶᠢᠨ ᠤᠰᠤ ᠶᠢ ᠪᠤᠴᠠᠭᠠᠨ ᠠᠰᠢᠭᠯᠠᠬᠤ ᠰᠢᠰᠲ᠋ᠧᠮ ᠪᠠ ᠪᠤᠷᠤᠭᠠᠨ ᠤ | ᠤᠰᠤ ᠶᠢ ᠬᠤᠷᠢᠶᠠᠨ ᠬᠠᠳᠠᠭᠠᠯᠠᠵᠤ ᠠᠰᠢᠭᠯᠠᠬᠤ ᠪᠡᠯᠡᠳᠭᠡᠮᠵᠢ ᠶᠢ ᠠᠯᠬᠤᠮ ᠠᠯᠬᠤᠮ ᠢᠶᠠᠷ ᠪᠠᠶᠢᠭᠤᠯᠬᠤ ᠬᠡᠷᠡᠭᠳᠠᠢ᠃ | ᠤᠰᠤ ᠬᠡᠷᠡᠭᠯᠡᠬᠦ ᠨᠢᠭᠡᠴᠢ ᠪᠠ ᠬᠤᠪᠢ ᠬᠦᠮᠦᠨ ᠨᠢ ᠤᠰᠤ ᠬᠡᠷᠡᠭᠯᠡᠬᠦ ᠲᠦᠭᠦᠭᠡᠷᠤᠮᠵᠢ ᠶᠢ ᠰᠡᠯᠪᠢᠨ ᠵᠠᠰᠠᠵᠤ | ᠠᠷᠠᠴᠢᠯᠠᠬᠤ ᠪᠠᠨ ᠴᠢᠩᠭᠠᠳᠬᠠᠵᠤ᠂ ᠤᠰᠤ ᠭᠤᠭᠤᠵᠢᠵᠤ ᠤᠷᠤᠰᠬᠤ ᠶᠢ ᠰᠡᠷᠭᠡᠶᠢᠯᠡᠬᠦ ᠬᠡᠷᠡᠭᠳᠠᠢ᠃ | ᠭᠤᠴᠢᠨ ᠲᠠᠪᠤᠳᠤᠭᠠᠷ ᠵᠦᠢᠯ ᠬᠤᠰᠢᠭᠤ ᠰᠢᠶᠠᠨ ᠤ ᠱᠠᠳᠤᠨ ᠠᠴᠠ ᠲᠡᠭᠡᠭᠰᠢᠬᠢ ᠠᠷᠠᠳ ᠤᠨ ᠵᠠᠰᠠᠭ ᠤᠨ | ᠤᠷᠳᠤᠨ ᠨᠢ ᠬᠤᠳᠠ ᠪᠠᠯᠭᠠᠰᠤᠨ ᠤ ᠪᠤᠬᠢᠷᠳᠤᠯ ᠤᠰᠤ ᠶᠢ ᠰᠢᠢᠳᠪᠦᠷᠢᠯᠡᠬᠦ ᠪᠠ ᠲᠠᠬᠢᠯᠳᠠ ᠤᠰᠤ ᠶᠢ ᠠᠰᠢᠭᠯᠠᠬᠤ | ᠪᠡᠯᠡᠳᠭᠡᠮᠵᠢ ᠶᠢᠨ ᠪᠠᠶᠢᠭᠤᠯᠤᠯᠳᠠ ᠪᠠᠨ ᠴᠢᠩᠭᠠᠳᠬᠠᠵᠤ᠂ ᠤᠯᠠᠨ ᠨᠡᠶᠢᠳᠡ ᠶᠢᠨ ᠲᠠᠬᠢᠯᠳᠠ ᠤᠰᠤ ᠶᠢ ᠪᠤᠴᠠᠭᠠᠨ | ᠠᠰᠢᠭᠯᠠᠬᠤ ᠬᠤᠭᠤᠯᠠᠢ ᠲᠤᠤᠷ ᠤᠨ ᠪᠠᠶᠢᠭᠤᠯᠤᠯᠳᠠ ᠪᠠᠨ ᠲᠡᠭᠦᠯᠳᠡᠷᠵᠢᠭᠦᠯᠵᠦ᠂ ᠠᠳᠠᠯᠢ ᠪᠤᠰᠤ ᠤᠰᠤ ᠬᠡᠷᠡᠭᠯᠡᠬᠦ | ᠬᠡᠷᠡᠭᠴᠡᠭᠡ ᠶᠢ ᠦᠨᠳᠦᠰᠦᠯᠡᠨ᠂ ᠴᠢᠨᠠᠷ ᠢᠯᠭᠠᠵᠤ ᠤᠰᠤ ᠬᠠᠨᠭ᠍ᠭᠠᠬᠤ ᠶᠢ ᠠᠯᠬᠤᠮ ᠠᠯᠬᠤᠮ ᠢᠶᠠᠷ ᠬᠡᠷᠡᠭᠵᠢᠭᠦᠯᠬᠦ | ᠬᠡᠷᠡᠭᠳᠠᠢ᠃ ᠬᠤᠳᠠ ᠪᠠᠯᠭᠠᠰᠤᠨ ᠤ ᠰᠢᠨ᠎ᠡ ᠲᠤᠭᠤᠷᠢᠭ ᠢ ᠪᠠᠶᠢᠭᠤᠯᠬᠤ᠂ ᠬᠠᠭᠤᠴᠢᠨ ᠬᠤᠳᠠ ᠶᠢ ᠦᠭᠡᠷᠡᠴᠢᠯᠡᠨ | ᠪᠠᠶᠢᠭᠤᠯᠬᠤ᠂ ᠬᠤᠳᠠ ᠶᠢᠨ ᠶᠠᠪᠤᠳᠠᠯ ᠤᠨ ᠰᠠᠭᠤᠷᠢ ᠪᠡᠯᠡᠳᠭᠡᠮᠵᠢ ᠶᠢ ᠪᠦᠳᠦᠭᠡᠨ ᠪᠠᠶᠢᠭᠤᠯᠬᠤ ᠳᠤ᠂ ᠤᠰᠤ ᠨᠠᠪᠴᠢᠭᠦ | ᠭᠠᠵᠠᠷ ᠤᠨ ᠭᠠᠳᠠᠷᠭᠤ ᠪᠠ ᠪᠤᠷᠤᠭᠠᠨ ᠤ ᠤᠰᠤ ᠶᠢ ᠬᠤᠷᠢᠶᠠᠨ ᠬᠠᠳᠠᠭᠠᠯᠠᠵᠤ ᠠᠰᠢᠭᠯᠠᠬᠤ ᠪᠡᠯᠡᠳᠭᠡᠮᠵᠢ ᠶᠢ | ᠪᠠᠶᠢᠭᠤᠯᠬᠤ ᠬᠡᠷᠡᠭᠳᠠᠢ᠃ | ᠭᠤᠴᠢᠨ ᠵᠢᠷᠭᠤᠳᠤᠭᠠᠷ ᠵᠦᠢᠯ ᠦᠪᠡᠷᠳᠡᠭᠡᠨ ᠵᠠᠰᠠᠬᠤ ᠤᠷᠤᠨ ᠠᠴᠠ ᠠᠵᠤ ᠠᠬᠤᠢᠢᠯᠠᠯ ᠠᠵᠢᠯ ᠦᠢᠯᠡᠰ ᠤᠨ | ᠨᠢᠭᠡᠴᠢ ᠪᠠ ᠬᠤᠪᠢ ᠬᠦᠮᠦᠨ ᠤ ᠪᠡᠯᠡ ᠤᠷᠤᠭᠤᠯᠵᠤ ᠪᠤᠬᠢᠷᠳᠤᠯ ᠤᠰᠤ ᠶᠢ ᠰᠢᠢᠳᠪᠦᠷᠢᠯᠡᠬᠦ᠂ ᠲᠠᠬᠢᠯᠳᠠ ᠤᠰᠤ ᠶᠢ | ᠠᠰᠢᠭᠯᠠᠬᠤ᠂ ᠠᠭᠤᠷᠬᠠᠢ ᠶᠢᠨ ᠤᠷᠤᠨ ᠤ ᠬᠠᠭᠤᠷᠠᠶᠢᠳᠠᠭᠤᠯᠬᠤ ᠪᠠᠷ ᠲᠠᠷᠬᠠᠭᠠᠭᠰᠠᠨ ᠤᠰᠤ ᠶᠢ ᠠᠰᠢᠭᠯᠠᠬᠤ᠂ | ᠪᠠᠷᠢᠯᠭ᠎ᠠ ᠶᠢᠨ ᠭᠠᠳᠠᠭᠰᠢᠯᠠᠯ ᠤᠰᠤ ᠶᠢ ᠠᠰᠢᠭᠯᠠᠬᠤ ᠪᠠ ᠪᠤᠷᠤᠭᠠᠨ ᠤ ᠤᠰᠤ ᠶᠢ ᠬᠤᠷᠢᠶᠠᠨ ᠬᠠᠳᠠᠭᠠᠯᠠᠵᠤ ᠠᠰᠢᠭᠯᠠᠬᠤ | ᠢᠨᠵᠧᠨᠧᠷᠢᠩ ᠳᠤ ᠪᠡᠯᠡ ᠤᠷᠤᠭᠤᠯᠵᠦ ᠪᠠᠶᠢᠭᠤᠯᠬᠤ ᠶᠢ ᠵᠤᠷᠢᠬᠵᠢᠭᠤᠯᠤᠨ ᠲᠡᠮᠵᠢᠵᠦ᠂ ᠬᠡᠪ ᠤᠨ ᠪᠤᠰᠤ ᠤᠰᠤᠨ | ᠰᠤᠷᠪᠤᠯᠵᠢ ᠶᠢ ᠠᠰᠢᠭᠯᠠᠬᠤ ᠨᠤᠷᠮ᠎ᠠ ᠶᠢ ᠲᠡᠭᠡᠭᠰᠢᠯᠡᠭᠦᠯᠦᠨ᠎ᠡ᠃ | ᠭᠤᠴᠢᠨ ᠲᠤᠯᠤᠳᠤᠭᠠᠷ ᠵᠦᠢᠯ ᠦᠪᠡᠷᠳᠡᠭᠡᠨ ᠵᠠᠰᠠᠬᠤ ᠤᠷᠤᠨ ᠠᠴᠠ ᠤᠰᠤ ᠠᠪᠬᠤ ᠡᠷᠬᠡ ᠶᠢ ᠬᠠᠤᠯᠢ ᠶᠤᠰᠤᠭᠠᠷ | ᠤᠯᠤᠭᠰᠠᠨ ᠨᠢᠭᠡᠴᠢ ᠪᠠ ᠬᠤᠪᠢ ᠬᠦᠮᠦᠨ ᠤ ᠠᠵᠤ ᠦᠢᠯᠡᠰ᠂ ᠪᠦᠳᠦᠭᠡᠭᠳᠡᠭᠦᠨ ᠤ ᠪᠦᠳᠦᠴᠡ ᠪᠠᠨ ᠲᠤᠬᠢᠷᠠᠭᠤᠯᠬᠤ | ᠪᠠ ᠤᠷᠠᠨ ᠮᠡᠷᠭᠡᠰᠢᠯ ᠢᠶᠠᠨ ᠦᠭᠡᠷᠡᠴᠢᠯᠡᠬᠦ ᠵᠡᠷᠭᠡ ᠤᠰᠤ ᠠᠷᠪᠢᠯᠠᠬᠤ ᠠᠷᠭ᠎ᠠ ᠬᠡᠮᠵᠢᠶ᠎ᠡ ᠪᠠᠷ ᠳᠠᠮᠵᠢᠭᠤᠯᠤᠨ ᠤᠰᠤᠨ ᠤ | ᠡᠬᠢ ᠪᠠᠶᠠᠯᠢᠬ ᠢ ᠠᠷᠪᠢᠯᠠᠬᠤ ᠶᠢ ᠵᠤᠷᠢᠬᠵᠢᠭᠤᠯᠬᠤ ᠶᠢᠨ ᠬᠠᠮᠳᠤ ᠤᠰᠤ ᠬᠡᠷᠡᠭᠯᠡᠬᠦ ᠡᠷᠬᠡ ᠶᠢ ᠬᠠᠤᠯᠢ ᠶᠤᠰᠤᠭᠠᠷ | ᠲᠦᠯᠦᠪᠦᠷᠢ ᠲᠠᠢ ᠪᠠᠷ ᠰᠢᠯᠵᠢᠭᠦᠯᠬᠦ ᠶᠢ ᠬᠡᠷᠡᠭᠵᠢᠭᠦᠯᠦᠨ᠎ᠡ᠃ | |