ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠤᠰᠤ ᠠᠷᠪᠢᠯᠠᠨ ᠬᠡᠷᠡᠭᠯᠡᠬᠦ ᠲᠦᠷᠢᠮ ︵ᠭᠤᠷᠪᠠ
ᠨᠡᠶᠢᠲᠡᠯᠡᠭᠰᠡᠨ ᠴᠠᠭ᠄
2023/5/20
    ᠲᠦᠷᠪᠡᠳᠦᠭᠡᠷ ᠪᠦᠯᠦᠭ ᠪᠠᠳᠤᠯᠠᠭ᠎ᠠ ᠶᠢᠨ ᠠᠷᠭ᠎ᠠ ᠬᠡᠮᠵᠢᠶ᠎ᠡ          ᠭᠤᠴᠢᠨ ᠨᠠᠢᠮᠠᠳᠤᠭᠠᠷ ᠵᠦᠢᠯ ᠬᠤᠰᠢᠭᠤ ᠰᠢᠶᠠᠨ ᠤ ᠱᠠᠳᠤᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠨᠢ ᠤᠰᠤ ᠠᠷᠪᠢᠯᠠᠨ ᠬᠡᠷᠡᠭᠯᠡᠬᠦ ᠠᠵᠢᠯ ᠢ ᠵᠠᠰᠠᠭ ᠤᠨ ᠤᠷᠳᠤᠨ ᠤ ᠠᠵᠢᠯ ᠤᠨ ᠬᠠᠷᠠᠯᠳᠠᠳᠤ ᠬᠠᠷᠢᠭᠤᠴᠠᠯᠭ᠎ᠠ ᠶᠢᠨ ᠲᠦᠷᠢᠮ ᠳᠤ ᠤᠷᠤᠭᠤᠯᠤᠨ᠂ ᠠᠵᠢᠯ ᠤᠨ ᠬᠠᠷᠢᠭᠤᠴᠠᠯᠭ᠎ᠠ ᠶᠢ ᠱᠠᠳᠤ ᠪᠠ ᠰᠠᠯᠠᠭ᠎ᠠ ᠮᠦᠴᠢᠷ ᠲᠠᠷᠠᠭᠠᠯᠠᠨ ᠨᠠᠶᠢᠳᠠᠪᠦᠷᠢᠵᠢᠭᠤᠯᠬᠤ ᠬᠡᠷᠡᠭᠳᠠᠢ᠃          ᠭᠤᠴᠢ ᠶᠢᠰᠦᠳᠦᠭᠡᠷ ᠵᠦᠢᠯ ᠬᠤᠰᠢᠭᠤ ᠰᠢᠶᠠᠨ ᠤ ᠱᠠᠳᠤᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠨᠢ ᠤᠰᠤ ᠠᠷᠪᠢᠯᠠᠵᠤ ᠬᠡᠷᠡᠭᠯᠡᠬᠦ ᠳᠠᠬᠢ ᠤᠷᠤᠭᠤᠯᠤᠯᠳᠠ ᠶᠢᠨ ᠬᠦᠴᠦᠯᠡᠴᠡ ᠪᠠᠨ ᠨᠡᠮᠡᠭᠳᠡᠭᠦᠯᠵᠦ᠂ ᠤᠰᠤ ᠠᠷᠪᠢᠯᠠᠵᠤ ᠬᠡᠷᠡᠭᠯᠡᠬᠦ ᠳᠠᠬᠢ ᠤᠷᠤᠭᠤᠯᠤᠯᠳᠠ ᠶᠢᠨ ᠲᠤᠭᠳᠠᠴᠠ ᠶᠢ  ᠪᠠᠶᠢᠭᠤᠯᠤᠨ ᠲᠡᠭᠦᠯᠳᠡᠷᠵᠢᠭᠦᠯᠵᠦ᠂ ᠵᠠᠰᠠᠭ ᠤᠨ ᠤᠷᠳᠤᠨ᠂ ᠠᠵᠤ ᠠᠬᠤᠢᠢᠯᠠᠯ᠂ ᠨᠡᠶᠢᠭᠡᠮ ᠤᠨ ᠤᠯᠠᠨ ᠡᠰᠢᠵᠢᠭᠰᠡᠨ ᠪᠡᠯᠡ ᠤᠷᠤᠭᠤᠯᠵᠤ ᠪᠡᠯᠡ ᠨᠡᠶᠢᠯᠡᠭᠦᠯᠬᠦ ᠠᠷᠭ᠎ᠠ ᠵᠠᠮ ᠢ ᠲᠡᠭᠦᠯᠳᠡᠷᠵᠢᠭᠦᠯᠵᠦ᠂ ᠨᠡᠶᠢᠭᠡᠮ ᠤᠨ ᠪᠡᠯᠡ ᠮᠦᠡᠭᠬᠦ᠂ ᠠᠷᠠᠳ ᠤᠨ ᠬᠦᠷᠦᠩᠭᠡ ᠶᠢ ᠤᠰᠤ ᠠᠷᠪᠢᠯᠠᠬᠤ ᠠᠵᠤ ᠦᠢᠯᠡᠰ ᠲᠤ ᠤᠷᠤᠭᠤᠯᠬᠤ ᠶᠢ ᠵᠢᠯᠤᠭᠤᠳᠤᠨ ᠵᠤᠷᠢᠬᠵᠢᠭᠤᠯᠬᠤ ᠬᠡᠷᠡᠭᠳᠠᠢ᠃ ᠬᠤᠰᠢᠭᠤ ᠰᠢᠶᠠᠨ ᠤ ᠱᠠᠳᠤᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠨᠢ ᠤᠰᠤ ᠠᠷᠪᠢᠯᠠᠬᠤ ᠮᠡᠷᠭᠡᠵᠢᠯ ᠢ ᠰᠤᠳᠤᠯᠤᠨ ᠨᠡᠭᠡᠭᠡᠬᠦ᠂ ᠤᠰᠤ ᠠᠷᠪᠢᠯᠠᠬᠤ ᠮᠡᠷᠭᠡᠵᠢᠯ ᠪᠠ ᠪᠦᠳᠦᠭᠡᠭᠳᠡᠭᠦᠨ ᠢ ᠲᠡᠯᠭᠡᠷᠡᠭᠦᠯᠦᠨ ᠬᠡᠷᠡᠭᠯᠡᠬᠦ ᠶᠢ ᠵᠤᠷᠢᠬᠵᠢᠭᠤᠯᠤᠨ ᠲᠡᠮᠵᠢᠬᠦ ᠬᠡᠷᠡᠭᠳᠠᠢ᠃          ᠲᠦᠴᠢᠳᠦᠭᠡᠷ ᠵᠦᠢᠯ ᠬᠤᠰᠢᠭᠤ ᠰᠢᠶᠠᠨ ᠤ ᠱᠠᠳᠤᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠨᠢ ᠬᠡᠪ ᠤᠨ ᠪᠤᠰᠤ ᠤᠰᠤᠨ ᠰᠤᠷᠪᠤᠯᠵᠢ ᠶᠢ ᠠᠰᠢᠭᠯᠠᠬᠤ ᠲᠦᠷᠦᠯ ᠵᠦᠢᠯ ᠢ ᠤᠷᠢᠳ ᠢᠶᠠᠷ ᠰᠡᠳᠦᠪ ᠲᠤᠭᠳᠠᠭᠠᠬᠤ ᠬᠡᠷᠡᠭᠳᠠᠢ᠃ ᠲᠠᠬᠢᠯᠳᠠ ᠤᠰᠤ ᠵᠡᠷᠭᠡ ᠡᠬᠢ ᠪᠠᠶᠠᠯᠢᠬ ᠢ ᠶᠡᠷᠦᠩᠬᠡᠶᠢᠯᠡᠨ ᠠᠰᠢᠭᠯᠠᠭᠰᠠᠨ ᠦᠢᠯᠡᠳᠭᠦᠨ ᠢ ᠪᠤᠷᠤᠯᠠᠭᠤᠯᠬᠤ ᠳᠤ ᠤᠯᠤᠰ ᠤᠨ ᠲᠤᠭᠳᠠᠭᠠᠯ ᠶᠤᠰᠤᠭᠠᠷ ᠦᠷᠳᠡᠭ ᠤᠨ ᠨᠡᠮᠡᠭᠳᠡᠯ ᠭᠠᠶᠢᠯᠢ ᠶᠢᠨ ᠬᠠᠷᠠᠭᠠᠯᠵᠠᠯ ᠤᠨ ᠲᠦᠷᠦ ᠶᠢᠨ ᠪᠤᠳᠤᠯᠭ᠎ᠠ ᠶᠢ ᠬᠦᠷᠳᠡᠨ᠎ᠡ︔ ᠠᠵᠤ ᠠᠬᠤᠢᠢᠯᠠᠯ ᠤᠨ ᠨᠦᠭᠦᠴᠡᠯ ᠳᠤ ᠨᠡᠶᠢᠴᠡᠭᠰᠡᠨ ᠤᠰᠤ ᠠᠷᠪᠢᠯᠠᠬᠤ ᠲᠦᠷᠦᠯ ᠵᠦᠢᠯ ᠢ ᠡᠵᠡᠩᠨᠡᠭᠰᠡᠨ ᠤᠷᠤᠯᠭ᠎ᠠ ᠵᠢᠴᠢ ᠤᠰᠤ ᠠᠷᠪᠢᠯᠠᠬᠤ ᠳᠤ ᠲᠤᠰᠬᠠᠢᠢᠯᠠᠨ ᠬᠡᠷᠡᠭᠯᠡᠬᠦ ᠲᠦᠭᠦᠭᠡᠷᠤᠮᠵᠢ ᠳᠤ ᠤᠷᠤᠭᠤᠯᠤᠭᠰᠠᠨ ᠪᠡᠯᠡ ᠤᠷᠤᠭᠤᠯᠤᠯᠳᠠ ᠨᠢ ᠠᠵᠤ ᠠᠬᠤᠢᠢᠯᠠᠯ ᠤᠨ ᠤᠯᠵᠠᠪᠦᠷᠢ ᠶᠢᠨ ᠭᠠᠶᠢᠯᠢ ᠶᠢᠨ ᠬᠠᠷᠠᠭᠠᠯᠵᠠᠯ ᠤᠨ ᠲᠦᠷᠦ ᠶᠢᠨ ᠪᠤᠳᠤᠯᠭ᠎ᠠ ᠶᠢ ᠬᠠᠤᠯᠢ ᠶᠤᠰᠤᠭᠠᠷ ᠬᠦᠷᠳᠡᠨ᠎ᠡ᠃          ᠲᠦᠴᠢᠨ ᠨᠢᠭᠡᠳᠦᠭᠡᠷ ᠵᠦᠢᠯ ᠬᠤᠰᠢᠭᠤ ᠰᠢᠶᠠᠨ ᠤ ᠱᠠᠳᠤᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠨᠢ ᠲᠤᠰ ᠵᠠᠰᠠᠭ ᠵᠠᠬᠢᠷᠭᠠᠨ ᠤ ᠤᠷᠤᠨ ᠤ ᠪᠤᠳᠠᠳᠠᠢ ᠪᠠᠶᠢᠳᠠᠯ ᠢ ᠦᠨᠳᠦᠰᠦᠯᠡᠵᠤ᠂ ᠲᠠᠷᠢᠶᠠᠯᠠᠩ ᠮᠠᠯ ᠠᠵᠤ ᠠᠬᠤᠢ ᠶᠢᠨ ᠤᠰᠤ ᠠᠷᠪᠢᠯᠠᠬᠤ ᠲᠦᠷᠦᠯ ᠵᠦᠢᠯ ᠪᠠ ᠠᠵᠤ ᠦᠢᠯᠡᠳᠪᠦᠷᠢ ᠶᠢᠨ ᠤᠰᠤ ᠠᠷᠪᠢᠯᠠᠬᠤ ᠲᠦᠷᠦᠯ ᠵᠦᠢᠯ ᠤᠨ ᠵᠢᠭᠡᠯᠡᠯᠭᠡ ᠳᠤ ᠡᠳ᠋ ᠤᠨ ᠵᠠᠰᠠᠭ ᠠᠴᠠ ᠲᠡᠮ ᠬᠦᠤ ᠮᠦᠡᠭᠬᠦ ᠦᠭᠬᠦ ᠬᠡᠷᠡᠭᠳᠠᠢ᠃ ᠮᠦᠡᠭᠭᠦᠨ ᠭᠦᠢᠯᠭᠡᠭᠡᠨ ᠤ ᠪᠠᠶᠢᠭᠤᠯᠤᠮᠵᠢ ᠨᠢ ᠵᠢᠭᠡᠯᠡᠯᠭᠡ ᠠᠪᠬᠤ ᠨᠦᠭᠦᠴᠡᠯ ᠳᠤ ᠨᠡᠶᠢᠴᠡᠵᠤ᠂ ᠵᠢᠭᠡᠯᠡᠯᠭᠡ ᠲᠦᠯᠦᠬᠦ ᠴᠢᠳᠠᠪᠦᠷᠢ ᠲᠠᠢ ᠤᠰᠤ ᠠᠷᠪᠢᠯᠠᠬᠤ ᠲᠦᠷᠦᠯ ᠵᠦᠢᠯ ᠳᠤ ᠤᠯᠤᠰ ᠪᠠ ᠦᠪᠡᠷᠳᠡᠭᠡᠨ ᠵᠠᠰᠠᠬᠤ ᠤᠷᠤᠨ ᠤ ᠬᠠᠮᠢᠶ᠎ᠠ ᠪᠦᠬᠦᠢ ᠲᠤᠭᠳᠠᠭᠠᠯ ᠶᠤᠰᠤᠭᠠᠷ ᠵᠢᠭᠡᠯᠡᠯᠭᠡ ᠶᠢ ᠤᠷᠢᠳ ᠢᠶᠠᠷ ᠦᠭᠬᠦ ᠬᠡᠷᠡᠭᠳᠠᠢ᠃          ᠲᠦᠴᠢᠨ ᠬᠤᠶᠠᠳᠤᠭᠠᠷ ᠵᠦᠢᠯ ᠬᠤᠰᠢᠭᠤ ᠰᠢᠶᠠᠨ ᠤ ᠱᠠᠳᠤᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠨᠢ ᠲᠠᠷᠢᠶᠠᠴᠢᠨ ᠤ ᠤᠰᠤᠯᠠᠯᠳᠠ ᠶᠢᠨ ᠤᠷᠤᠨ ᠤ ᠬᠠᠮᠢᠶᠠᠷᠤᠯᠳᠠ ᠳᠤ ᠤᠷᠤᠯᠴᠠᠬᠤ ᠳᠤ ᠵᠤᠷᠢᠬᠵᠢᠭᠤᠯᠵᠤ᠂ ᠲᠠᠷᠢᠶᠠᠴᠢᠨ ᠤᠰᠤ ᠬᠡᠷᠡᠭᠯᠡᠭᠴᠢᠳ ᠤᠨ ᠨᠡᠶᠢᠭᠡᠮᠯᠢᠭ ᠢ ᠪᠠᠶᠢᠭᠤᠯᠵᠤ᠂ ᠵᠠᠰᠠᠭ ᠤᠨ ᠤᠷᠳᠤᠨ ᠠᠴᠠ ᠲᠡᠮᠵᠢᠭᠰᠡᠨ᠂  ᠲᠠᠷᠢᠶᠠᠴᠢᠨ ᠤᠷᠤᠯᠴᠠᠭᠰᠠᠨ ᠲᠠᠷᠢᠶᠠᠯᠠᠩ ᠤᠨ ᠤᠰᠤ ᠬᠠᠨᠭ᠍ᠭᠠᠵᠤ ᠤᠰᠤ ᠬᠡᠷᠡᠭᠯᠡᠬᠦ ᠬᠠᠮᠢᠶᠠᠷᠤᠯᠳᠠ ᠶᠢᠨ ᠪᠠᠶᠢᠭᠤᠯᠤᠯ ᠢ ᠪᠤᠢ ᠪᠤᠯᠭᠠᠨ᠎ᠠ᠃          ᠲᠦᠴᠢᠨ ᠭᠤᠷᠪᠠᠳᠤᠭᠠᠷ ᠵᠦᠢᠯ ᠬᠤᠰᠢᠭᠤ ᠰᠢᠶᠠᠨ ᠤ ᠱᠠᠳᠤᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠨᠢ ᠲᠠᠷᠢᠶᠠᠯᠠᠩ ᠮᠠᠯ ᠠᠵᠤ ᠠᠬᠤᠢ ᠵᠨ ᠤᠰᠤ ᠠᠷᠪᠢᠯᠠᠬᠤ ᠲᠦᠷᠦᠯ ᠵᠦᠢᠯ ᠢ ᠤᠷᠢᠳ ᠢᠶᠠᠷ ᠰᠡᠳᠦᠪ ᠲᠤᠭᠳᠠᠭᠠᠵᠤ᠂ ᠲᠠᠷᠢᠶᠠᠯᠠᠩ ᠮᠠᠯ ᠠᠵᠤ ᠠᠬᠤᠢ ᠶᠢᠨ ᠤᠰᠤ ᠠᠷᠪᠢᠯᠠᠬᠤ ᠤᠰᠤᠯᠠᠯᠳᠠ ᠳᠠᠬᠢ ᠤᠷᠤᠭᠤᠯᠤᠯᠳᠠ ᠪᠠᠨ ᠵᠢᠯ ᠲᠠᠷᠠᠭᠠᠯᠠᠨ ᠨᠡᠮᠡᠭᠳᠡᠭᠦᠯᠵᠦ᠂ ᠤᠰᠤ ᠠᠷᠪᠢᠯᠠᠬᠤ ᠤᠰᠤᠯᠠᠯᠳᠠ ᠶᠢᠨ ᠢᠨᠵᠧᠨᠧᠷᠢᠩ ᠢ ᠨᠢᠭᠡᠳᠦᠯᠳᠠᠢ ᠲᠦᠯᠦᠪᠵᠢᠭᠦᠯᠦᠨ ᠪᠠᠶᠢᠭᠤᠯᠬᠤ ᠬᠡᠷᠡᠭᠳᠠᠢ᠃ ᠬᠤᠰᠢᠭᠤ ᠰᠢᠶᠠᠨ ᠤ ᠱᠠᠳᠤᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠨᠢ ᠭᠠᠵᠠᠷ ᠰᠢᠷᠤᠢ ᠬᠤᠳᠠᠯᠳᠤᠭᠰᠠᠨ ᠤᠷᠤᠯᠭ᠎ᠠ ᠪᠠᠨ ᠤᠯᠤᠰ ᠠᠴᠠ ᠲᠤᠭᠳᠠᠭᠠᠭᠰᠠᠨ ᠬᠠᠷᠢᠴᠠᠯ ᠶᠤᠰᠤᠭᠠᠷ ᠲᠠᠷᠢᠶᠠᠨ ᠭᠠᠵᠠᠷ ᠨᠤᠳᠤᠭ ᠪᠡᠯᠴᠢᠭᠡᠷ ᠤᠨ ᠤᠰᠤᠨ ᠠᠰᠢᠭᠯᠠᠯᠳᠠ ᠶᠢᠨ ᠪᠠᠶᠢᠭᠤᠯᠤᠯᠳᠠ ᠳᠤ ᠤᠷᠤᠭᠤᠯᠬᠤ ᠬᠡᠷᠡᠭᠳᠠᠢ᠃          ᠲᠦᠴᠢᠨ ᠲᠦᠷᠪᠡᠳᠦᠭᠡᠷ ᠵᠦᠢᠯ ᠬᠤᠰᠢᠭᠤ ᠰᠢᠶᠠᠨ ᠤ ᠱᠠᠳᠤᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠤ ᠤᠰᠤᠨ ᠤ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠨᠢ ᠤᠰᠤ ᠠᠪᠬᠤ ᠨᠢᠭᠡᠴᠢ ᠪᠤᠶᠤ ᠬᠤᠪᠢ ᠬᠦᠮᠦᠨ ᠤ ᠤᠰᠤ ᠬᠡᠷᠡᠭᠯᠡᠭᠰᠡᠨ ᠪᠠᠶᠢᠳᠠᠯ ᠳᠤ ᠬᠢᠨᠠᠯᠳᠠ ᠲᠠᠯᠪᠢᠵᠤ ᠪᠠᠶᠢᠴᠠᠭᠠᠬᠤ ᠬᠡᠷᠡᠭᠳᠠᠢ᠃ ᠬᠤᠯᠪᠤᠭᠳᠠᠯ ᠪᠦᠬᠦᠢ ᠰᠠᠯᠠᠭ᠎ᠠ ᠮᠦᠴᠢᠷ ᠪᠤᠶᠤ ᠬᠤᠪᠢ ᠬᠦᠮᠦᠨ ᠨᠢ ᠡᠭᠦᠨ ᠢ ᠬᠠᠮᠵᠢᠯᠴᠠᠬᠤ ᠬᠡᠷᠡᠭᠳᠠᠢ᠂ ᠲᠡᠪᠴᠢᠬᠦ ᠪᠤᠶᠤ ᠬᠠᠷᠰᠢᠯᠠᠵᠤ ᠪᠤᠯᠬᠤ ᠦᠭᠡᠢ᠃      ᠲᠠᠪᠤᠳᠤᠭᠠᠷ ᠪᠦᠯᠦᠭ ᠬᠠᠤᠯᠢ ᠴᠠᠭᠠᠵᠠ ᠶᠢᠨ ᠬᠠᠷᠢᠭᠤᠴᠠᠯᠭ᠎ᠠ          ᠲᠦᠴᠢᠨ ᠲᠠᠪᠤᠳᠤᠭᠠᠷ ᠵᠦᠢᠯ ᠲᠤᠰ ᠲᠦᠷᠢᠮ ᠤᠨ ᠲᠤᠭᠳᠠᠭᠠᠯ ᠠᠴᠠ ᠵᠦᠷᠢᠴᠡᠭᠰᠡᠨ ᠦᠢᠯᠡ ᠠᠵᠢᠯᠯᠠᠭ᠎ᠠ ᠶᠢᠨ ᠲᠤᠬᠠᠢ ︽ᠪᠦᠭᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠤᠰᠤᠨ ᠬᠠᠤᠯᠢ︾ ᠪᠠ ᠤᠯᠤᠰ ᠤᠨ ᠬᠤᠯᠪᠤᠭᠳᠠᠯ ᠪᠦᠬᠦᠢ ᠬᠠᠤᠯᠢ ᠴᠠᠭᠠᠵᠠ᠂ ᠬᠠᠤᠯᠢ ᠲᠤᠭᠳᠠᠭᠠᠯ ᠳᠤ ᠨᠢᠭᠡᠨᠳᠡ ᠰᠢᠢᠳᠭᠡᠨ ᠲᠤᠷᠭᠠᠬᠤ ᠲᠤᠭᠳᠠᠭᠠᠯ ᠲᠠᠢ ᠪᠤᠯ ᠲᠡᠷᠡ ᠲᠤᠭᠳᠠᠭᠠᠯ ᠢ ᠨᠢ ᠲᠠᠭᠠᠨ᠎ᠠ᠃          ᠲᠦᠴᠢᠨ ᠵᠢᠷᠭᠤᠳᠤᠭᠠᠷ ᠵᠦᠢᠯ ᠲᠤᠰ ᠲᠦᠷᠢᠮ ᠤᠨ ᠲᠤᠭᠳᠠᠭᠠᠯ ᠠᠴᠠ ᠵᠦᠷᠢᠴᠡᠵᠤ᠂ ᠲᠤᠤᠷᠠᠬᠢ ᠦᠢᠯᠡ ᠠᠵᠢᠯᠯᠠᠭ᠎ᠠ ᠶᠢᠨ ᠨᠢᠭᠡ ᠨᠢ ᠪᠠᠶᠢᠪᠠᠯ᠂ ᠬᠤᠰᠢᠭᠤ ᠰᠢᠶᠠᠨ ᠤ ᠱᠠᠳᠤᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠤ ᠤᠰᠤᠨ ᠤ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠠᠴᠠ ᠵᠠᠷᠯᠢᠭᠳᠠᠵᠤ ᠬᠤᠭᠤᠴᠠᠭ᠎ᠠ ᠬᠢᠵᠠᠭᠠᠷᠯᠠᠨ ᠵᠠᠯᠠᠷᠠᠭᠤᠯᠬᠤ ᠶᠢᠨ ᠬᠠᠮᠳᠤ 5 ᠲᠦᠮᠡᠨ ᠲᠦᠭᠦᠷᠢᠭ ᠠᠴᠠ ᠲᠡᠭᠡᠭᠰᠢ 10 ᠲᠦᠮᠡᠨ ᠲᠦᠭᠦᠷᠢᠭ ᠠᠴᠠ ᠲᠤᠷᠤᠭᠰᠢ ᠵᠤᠭᠤᠰ ᠢᠶᠠᠷ ᠲᠤᠷᠭᠠᠨ᠎ᠠ᠄    ︵ᠨᠢᠭᠡ︶ ᠪᠦᠳᠦᠭᠡᠨ ᠪᠠᠶᠢᠭᠤᠯᠤᠯᠳᠠ ᠶᠢᠨ ᠲᠦᠷᠦᠯ ᠵᠦᠢᠯ ᠤᠨ ᠤᠰᠤ ᠠᠷᠪᠢᠯᠠᠬᠤ ᠪᠡᠯᠡᠳᠭᠡᠮᠵᠢ ᠨᠢ ᠰᠢᠯᠭᠠᠨ ᠬᠤᠷᠢᠶᠠᠬᠤ ᠶᠢ ᠲᠡᠮᠵᠢᠬᠰᠡᠨ ᠦᠭᠡᠢ ᠪᠤᠶᠤ ᠰᠢᠯᠭᠠᠨ ᠬᠤᠷᠢᠶᠠᠬᠤ ᠳᠤ ᠬᠢᠷᠢ ᠲᠡᠩᠴᠡᠭᠰᠡᠨ ᠦᠭᠡᠢ ᠪᠠᠷ ᠲᠤᠷ᠎ᠠ ᠪᠠᠷ ᠬᠡᠷᠡᠭᠯᠡᠯᠳᠡ ᠳᠤ ᠤᠷᠤᠭᠤᠯᠤᠭᠰᠠᠨ︔    ︵ᠬᠤᠶᠠᠷ︶ ᠤᠰᠤᠨ ᠬᠤᠷᠤᠭᠳᠠᠯ ᠶᠡᠭᠡᠲᠠᠢ ᠠᠵᠤ ᠦᠢᠯᠡᠳᠪᠦᠷᠢ ᠶᠢᠨ ᠲᠦᠷᠦᠯ ᠵᠦᠢᠯ ᠢ ᠰᠢᠨ᠎ᠡ ᠪᠠᠷ ᠪᠠᠶᠢᠭᠤᠯᠬᠤ᠂ ᠦᠭᠡᠷᠡᠴᠢᠯᠡᠨ ᠪᠠᠶᠢᠭᠤᠯᠬᠤ᠂ ᠦᠷᠭᠡᠳᠭᠡᠨ ᠪᠠᠶᠢᠭᠤᠯᠬᠤ ᠳᠤ ᠭᠠᠵᠠᠷ ᠲᠤᠤᠷᠠᠬᠢ ᠤᠰᠤ ᠶᠢ ᠲᠤᠷ᠎ᠠ ᠪᠠᠷ ᠬᠡᠷᠡᠭᠯᠡᠭᠰᠡᠨ︔    ︵ᠭᠤᠷᠪᠠ︶ ᠠᠵᠤ ᠦᠢᠯᠡᠳᠪᠦᠷᠢ ᠶᠢᠨ ᠠᠵᠤ ᠠᠬᠤᠢᠢᠯᠠᠯ ᠤᠨ ᠲᠦᠭᠦᠭᠡᠷᠤᠮᠵᠢ ᠶᠢᠨ ᠬᠦᠷᠦᠭᠡᠯ ᠤᠰᠤ᠂ ᠠᠭᠠᠷ ᠲᠤᠬᠢᠷᠠᠭᠤᠯᠤᠭᠴᠢ ᠶᠢᠨ ᠬᠦᠷᠦᠭᠡᠯ ᠤᠰᠤ᠂ ᠵᠤᠤᠬ᠎ᠠ ᠶᠢᠨ ᠴᠠᠷᠴᠠᠭᠠᠬᠤ ᠤᠰᠤ ᠶᠢ ᠤᠷᠴᠢᠨ ᠬᠡᠷᠡᠭᠯᠡᠭᠰᠡᠨ ᠦᠭᠡᠢ ᠪᠤᠶᠤ ᠬᠤᠷᠢᠶᠠᠨ ᠠᠪᠴᠤ ᠲᠠᠬᠢᠨ ᠠᠰᠢᠭᠯᠠᠭᠰᠠᠨ ᠦᠭᠡᠢ ᠪᠠᠷ ᠰᠢᠭᠤᠳ ᠭᠠᠳᠠᠭᠰᠢᠯᠠᠭᠤᠯᠤᠭᠰᠠᠨ︔    ︵ᠲᠦᠷᠪᠡ︶ ᠴᠡᠪᠡᠷ ᠤᠰᠤ᠂ ᠷᠠᠰᠢᠶᠠᠨ ᠤᠰᠤ᠂ ᠤᠮᠳᠠᠭᠠᠨ᠂ ᠠᠷᠢᠬᠢᠨ ᠲᠦᠷᠦᠯ ᠵᠡᠷᠭᠡ ᠦᠢᠯᠡᠳᠭᠦᠨ ᠢ ᠦᠢᠯᠡᠳᠪᠦᠷᠢᠯᠡᠬᠦ ᠠᠵᠤ ᠠᠬᠤᠢᠢᠯᠠᠯ ᠨᠢ ᠤᠰᠤ ᠠᠷᠪᠢᠯᠠᠬᠤ ᠠᠷᠭ᠎ᠠ ᠬᠡᠮᠵᠢᠶ᠎ᠡ ᠠᠪᠤᠭᠰᠠᠨ ᠦᠭᠡᠢ ᠪᠤᠶᠤ ᠰᠡᠭᠦᠯ ᠤᠨ ᠤᠰᠤ ᠶᠢ ᠬᠤᠷᠢᠶᠠᠨ ᠠᠪᠴᠤ ᠲᠠᠬᠢᠨ ᠠᠰᠢᠭᠯᠠᠭᠰᠠᠨ ᠦᠭᠡᠢ︔    ︵ᠲᠠᠪᠤ︶ ᠤᠰᠤᠨ ᠲᠡᠭᠡᠷᠡᠬᠢ ᠲᠤᠭᠯᠠᠭᠠᠮ᠂ ᠤᠮᠪᠠᠯᠳᠠ ᠶᠢᠨ ᠲᠠᠯᠠᠪᠦᠷ᠂ ᠭᠤᠯᠹ ᠪᠦᠮᠪᠦᠭᠡᠨ ᠲᠠᠯᠠᠪᠦᠷ ᠪᠠ ᠬᠦᠮᠦᠨ ᠤ ᠬᠦᠴᠦᠨ ᠤ ᠴᠠᠰᠤ ᠭᠤᠯᠭᠤᠬᠤ ᠲᠠᠯᠠᠪᠦᠷ ᠵᠡᠷᠭᠡ ᠡᠵᠡᠩᠨᠡᠯᠳᠡ ᠶᠢᠨ ᠲᠠᠯᠠᠪᠦᠷ ᠲᠤ ᠤᠰᠤ ᠠᠷᠪᠢᠯᠠᠬᠤ ᠪᠡᠯᠡᠳᠭᠡᠮᠵᠢ ᠶᠢ ᠦᠯᠦ ᠤᠭᠰᠠᠷᠠᠭᠤᠯᠤᠭᠰᠠᠨ︔    ︵ᠵᠢᠷᠭᠤᠭ᠎ᠠ︶ ᠦᠵᠡᠮᠵᠢᠳᠦ ᠭᠤᠤᠯ᠂ ᠬᠦᠮᠦᠨ ᠤ ᠬᠦᠴᠦᠨ ᠤ ᠨᠠᠭᠤᠷ ᠲᠤ ᠭᠠᠵᠠᠷ ᠲᠤᠤᠷᠠᠬᠢ ᠤᠰᠤ᠂ ᠲᠦᠭᠡᠭᠡᠭᠦᠷ ᠤᠰᠤ ᠶᠢ ᠬᠡᠷᠡᠭᠯᠡᠭᠰᠡᠨ᠃          ᠲᠦᠴᠢᠨ ᠲᠤᠯᠤᠳᠤᠭᠠᠷ ᠵᠦᠢᠯ ᠤᠬᠢᠶᠠᠯ᠂ ᠲᠡᠷᠬᠡ ᠤᠬᠢᠶᠠᠬᠤ ᠵᠡᠷᠭᠡ ᠡᠵᠡᠩᠨᠡᠯᠳᠡ ᠶᠢᠨ ᠲᠠᠯᠠᠪᠦᠷ ᠨᠢ ᠤᠰᠤ ᠠᠷᠪᠢᠯᠠᠬᠤ ᠮᠡᠷᠭᠡᠵᠢᠯ ᠢ ᠬᠡᠷᠡᠭᠯᠡᠭᠰᠡᠨ ᠦᠭᠡᠢ ᠪᠤᠶᠤ ᠤᠰᠤ ᠠᠷᠪᠢᠯᠠᠬᠤ ᠪᠡᠯᠡᠳᠭᠡᠮᠵᠢ ᠶᠢ ᠤᠭᠰᠠᠷᠠᠭᠤᠯᠤᠭᠰᠠᠨ ᠦᠭᠡᠢ ᠪᠤᠯ ᠬᠤᠰᠢᠭᠤ ᠰᠢᠶᠠᠨ ᠤ ᠱᠠᠳᠤᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠤ ᠤᠰᠤᠨ ᠤ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠠᠴᠠ ᠵᠠᠷᠯᠢᠭᠳᠠᠨ ᠵᠠᠯᠠᠷᠠᠭᠤᠯᠬᠤ ᠶᠢᠨ ᠬᠠᠮᠳᠤ 5000 ᠲᠦᠭᠦᠷᠢᠭ ᠠᠴᠠ ᠲᠡᠭᠡᠭᠰᠢ 2 ᠲᠦᠮᠡᠨ ᠲᠦᠭᠦᠷᠢᠭ ᠠᠴᠠ ᠲᠤᠷᠤᠭᠰᠢ ᠵᠤᠭᠤᠰ ᠢᠶᠠᠷ ᠲᠤᠷᠭᠠᠨ᠎ᠠ᠃          ᠲᠦᠴᠢᠨ ᠨᠠᠢᠮᠠᠳᠤᠭᠠᠷ ᠵᠦᠢᠯ ᠤᠰᠤᠨ ᠤ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠪᠠ ᠪᠤᠰᠤᠳ ᠬᠤᠯᠪᠤᠭᠳᠠᠯ ᠪᠦᠬᠦᠢ ᠰᠠᠯᠠᠭ᠎ᠠ ᠮᠦᠴᠢᠷ ᠤᠨ ᠠᠵᠢᠯᠳᠠᠨ ᠲᠤᠤᠷᠠᠬᠢ ᠪᠠᠶᠢᠳᠠᠯ ᠤᠨ ᠨᠢᠭᠡ ᠨᠢ ᠪᠠᠶᠢᠪᠠᠯ᠂ ᠲᠡᠭᠦᠨ ᠤ ᠪᠠᠶᠢᠭ᠎ᠠ ᠨᠢᠭᠡᠴᠢ ᠪᠤᠶᠤ ᠲᠡᠭᠡᠳᠦ ᠱᠠᠳᠤᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠠᠴᠠ ᠰᠢᠭᠤᠳ ᠬᠠᠷᠢᠭᠤᠴᠠᠯᠭ᠎ᠠ ᠲᠠᠢ ᠭᠤᠤᠯᠯᠠᠨ ᠬᠠᠮᠢᠶᠠᠷᠤᠭᠴᠢ ᠪᠠ ᠪᠤᠰᠤᠳ ᠰᠢᠭᠤᠳ ᠬᠠᠷᠢᠭᠤᠴᠠᠯᠭ᠎ᠠ ᠲᠠᠢ ᠬᠦᠮᠦᠨ ᠳᠤ ᠬᠠᠤᠯᠢ ᠶᠤᠰᠤᠭᠠᠷ ᠵᠠᠰᠠᠭ ᠵᠠᠬᠢᠷᠭᠠᠨ ᠤ ᠰᠢᠢᠳᠭᠡᠯ ᠥᠭᠭᠦᠨ᠎ᠡ︔ ᠶᠠᠯ᠎ᠠ ᠳᠤ ᠬᠦᠷᠦᠭᠰᠡᠨ ᠪᠤᠯ ᠬᠠᠤᠯᠢ ᠶᠤᠰᠤᠭᠠᠷ ᠡᠷᠡᠭᠦᠦ ᠶᠢᠨ ᠬᠡᠷᠡᠭ ᠤᠨ ᠬᠠᠷᠢᠭᠤᠴᠠᠯᠭ᠎ᠠ ᠨᠡᠬᠡᠮᠵᠢᠯᠡᠨ᠎ᠡ᠄    ︵ᠨᠢᠭᠡ︶ ᠤᠰᠤᠨ ᠬᠡᠮᠵᠢᠶᠡᠨ ᠤ ᠬᠤᠪᠢᠶᠠᠷᠢᠯᠠᠯᠳᠠ ᠶᠢᠨ ᠲᠦᠰᠦᠯ ᠶᠤᠰᠤᠭᠠᠷ ᠤᠰᠤᠨ ᠬᠡᠮᠵᠢᠶ᠎ᠡ ᠶᠢ ᠬᠤᠪᠢᠶᠠᠷᠢᠯᠠᠭᠰᠠᠨ ᠦᠭᠡᠢ︔    ︵ᠬᠤᠶᠠᠷ︶ ᠤᠨ ᠤ ᠤᠰᠤ ᠠᠪᠴᠤ ᠬᠡᠷᠡᠭᠯᠡᠬᠦ ᠲᠦᠯᠦᠪᠯᠡᠭᠡ ᠶᠢ ᠬᠠᠤᠯᠢ ᠶᠤᠰᠤᠭᠠᠷ ᠬᠢᠨᠠᠨ ᠲᠤᠭᠳᠠᠭᠠᠵᠤ ᠲᠤᠷᠤᠭᠰᠢ ᠪᠠᠭᠤᠯᠭᠠᠭᠰᠠᠨ ᠦᠭᠡᠢ︔    ︵ᠭᠤᠷᠪᠠ︶ ᠬᠢᠨᠠᠯᠳᠠ ᠲᠠᠯᠪᠢᠵᠤ ᠪᠠᠶᠢᠴᠠᠭᠠᠬᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠭᠰᠡᠨ ᠦᠭᠡᠢ ᠪᠤᠶᠤ ᠬᠠᠤᠯᠢ ᠠᠴᠠ ᠵᠦᠷᠢᠴᠡᠭᠰᠡᠨ ᠦᠢᠯᠡ ᠠᠵᠢᠯᠯᠠᠭ᠎ᠠ ᠶᠢ ᠤᠯᠵᠤ ᠮᠡᠳᠡᠭᠡᠳ ᠰᠢᠢᠳᠪᠦᠷᠢᠯᠡᠭᠰᠡᠨ ᠦᠭᠡᠢ ᠠᠴᠠ ᠪᠤᠯᠵᠤ ᠬᠦᠨᠳᠦ ᠨᠤᠴᠢᠳᠠᠢ ᠦᠷ᠎ᠡ ᠳ᠋ᠦᠩ ᠭᠠᠷᠭᠠᠭᠰᠠᠨ︔    ︵ᠲᠦᠷᠪᠡ︶ ᠠᠯᠪᠠᠨ ᠲᠤᠰᠢᠶᠠᠯ ᠳᠤ ᠠᠯᠮᠠᠶᠢᠷᠠᠨ ᠤᠰᠤᠯᠳᠠᠬᠤ᠂ ᠡᠷᠬᠡ ᠲᠤᠰᠢᠶᠠᠯ ᠢᠶᠠᠨ ᠲᠤᠷ᠎ᠠ ᠪᠠᠷ ᠬᠡᠷᠡᠭᠯᠡᠬᠦ᠂ ᠭᠤᠶᠠᠴᠢᠯᠠᠨ ᠬᠠᠤᠯᠢ ᠶᠤᠰᠤ ᠶᠢ ᠵᠦᠷᠢᠴᠡᠭᠰᠡᠨ ᠪᠤᠰᠤᠳ ᠠᠵᠢᠯᠯᠠᠭ᠎ᠠ᠃           ᠵᠢᠷᠭᠤᠳᠤᠭᠠᠷ ᠪᠦᠯᠦᠭ ᠲᠠᠭᠠᠯᠳᠤᠭᠤᠯᠤᠭᠰᠠᠨ ᠲᠦᠷᠢᠮ          ᠲᠦᠴᠢ ᠶᠢᠰᠦᠳᠦᠭᠡᠷ ᠵᠦᠢᠯ ᠲᠤᠰ ᠲᠦᠷᠢᠮ ᠢ 2012 ᠤᠨ ᠤ 12 ᠰᠠᠷ᠎ᠠ ᠶᠢᠨ 1᠎ ᠤ ᠡᠳᠦᠷ ᠠᠴᠠ ᠡᠬᠢᠯᠡᠨ ᠬᠡᠷᠡᠭᠵᠢᠭᠦᠯᠦᠨ᠎ᠡ᠃ 
 
ᠢᠷᠡᠯᠲᠡ᠄ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠤᠰᠤᠨ ᠠᠰᠢᠭᠯᠠᠯᠲᠠ ᠶᠢᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1