ᠶᠤᠸᠠᠨ ᠪᠤᠥ ᠱᠠᠨ ᠲᠤᠭᠤᠷᠢᠭ ᠤᠨ ᠦᠨᠳᠦᠰᠦᠲᠡᠨ ᠱᠠᠰᠢᠨ ᠰᠤᠷᠲᠠᠬᠤᠨ ᠤ ᠲᠤᠪᠴᠢᠶ᠎ᠠ
ᠨᠡᠶᠢᠲᠡᠯᠡᠭᠰᠡᠨ ᠴᠠᠭ᠄
2023/5/20
ᠨᠢᠭᠡ᠂ ᠡᠬᠦᠷᠬᠡ ᠬᠠᠷᠢᠭᠤᠴᠢᠯᠭ᠎ᠠ     1᠂  ᠤᠯᠤᠰ᠂  ᠦᠪᠡᠷᠲᠡᠬᠡᠨ ᠵᠠᠰᠠᠬᠤ ᠤᠷᠤᠨ ᠪᠤᠯᠥᠨ ᠤᠯᠠᠭᠠᠨᠬᠠᠲᠠ ᠬᠤᠲᠠ ᠶᠢᠨ  ᠦᠨᠳᠦᠰᠦᠲᠡᠨ᠂ ᠱᠠᠰᠢᠨ ᠰᠤᠷᠲᠠᠬᠤᠨ᠂ ᠴᠦᠬᠡᠨ ᠲᠤᠭᠠᠲᠤ ᠦᠨᠳᠦᠰᠦᠲᠡᠨ ᠤ ᠦᠭᠡ  ᠬᠡᠯᠡ᠂   ᠦᠰᠦᠭ ᠪᠢᠴᠢᠭ ᠤᠨ ᠠᠵᠢᠯ ᠤᠨ ᠴᠢᠭᠯᠡᠯᠲᠡ᠂ ᠲᠦᠷᠤ ᠶᠢᠨ ᠪᠤᠲᠥᠯᠭ᠎ᠠ ᠶᠢ ᠨᠠᠷᠢᠨ ᠨᠢᠮᠪᠠᠢ   ᠬᠡᠷᠡᠭᠵᠢᠬᠦᠯᠵᠦ᠂ ᠦᠨᠳᠦᠰᠦᠲᠡᠨ᠂ ᠱᠠᠰᠢᠨ ᠰᠤᠷᠲᠠᠬᠤᠨ ᠂ ᠴᠦᠬᠡᠨ ᠲᠤᠭᠠᠲᠤ ᠦᠨᠳᠦᠰᠦᠲᠡᠨ ᠤ ᠦᠭᠡ ᠬᠡᠯᠡ᠂ ᠦᠰᠦᠭ ᠪᠢᠴᠢᠭ ᠤᠨ ᠠᠵᠢᠯ ᠳᠤ ᠪᠠᠶᠢᠴᠠᠭᠠᠨ  ᠰᠤᠲᠥᠯᠥᠯᠲᠠ ᠬᠢᠵᠦ᠂ ᠲᠦᠷᠤ ᠶᠢᠨ ᠪᠤᠲᠥᠯᠭ᠎ᠠ ᠶᠢᠨ  ᠴᠢᠨᠠᠷᠲᠠᠢ ᠰᠠᠨᠠᠯ ᠰᠠᠨᠠᠭᠤᠯᠭ᠎ᠠ ᠭᠠᠷᠭᠠᠨ᠎ᠠ  ᠃ ᠦᠨᠳᠦᠰᠦᠲᠡᠨ ᠂ ᠱᠠᠰᠢᠨ ᠰᠤᠷᠲᠠᠬᠤᠨ᠂ ᠴᠦᠬᠡᠨ ᠲᠤᠭᠠᠲᠤ ᠦᠨᠳᠦᠰᠦᠲᠡᠨ ᠤ ᠦᠭᠡ ᠬᠡᠯᠡ᠂ ᠦᠰᠦᠭ ᠪᠢᠴᠢᠭ ᠤᠨ ᠲᠤᠬᠠᠢ ᠬᠠᠮᠢᠶᠠᠷᠥᠯᠲᠠ ᠶᠢᠨ ᠲᠦᠷᠤ ᠶᠢᠨ ᠪᠤᠲᠥᠯᠭ᠎ᠠ᠂ ᠲᠦᠷᠢᠮᠵᠡᠭᠰᠡᠨ ᠪᠢᠴᠢᠭ ᠮᠠᠲ᠋ᠧᠷᠢᠶᠠᠯ ᠵᠢᠴᠢ ᠦᠨᠳᠦᠰᠦᠲᠡᠨ᠂ ᠱᠠᠰᠢᠨ ᠰᠤᠷᠲᠠᠬᠤᠨ  ᠂ ᠴᠦᠬᠡᠨ ᠲᠤᠭᠠᠲᠤ ᠦᠨᠳᠦᠰᠦᠲᠡᠨ ᠤ ᠦᠭᠡ ᠬᠡᠯᠡ᠂ ᠦᠰᠦᠭ ᠪᠢᠴᠢᠭ ᠤᠨ ᠠᠵᠢᠯ ᠤᠨ ᠬᠠᠤᠯᠢ ᠴᠠᠭᠠᠵᠠ᠂ ᠲᠥᠷᠢᠮ ᠲᠤᠬᠲᠠᠭᠠᠯ ᠤᠨ ᠬᠡᠷᠡᠭᠵᠢᠭᠦᠯᠦᠭᠳᠡᠵᠦ ᠪᠠᠶᠢᠭ᠎ᠠ ᠪᠠᠶᠢᠲᠠᠯ ᠳᠤ ᠬᠢᠨᠠᠯᠲᠠ ᠲᠠᠯᠪᠢᠵᠦ᠂ ᠦᠨᠳᠦᠰᠦᠲᠡᠨ( ᠱᠠᠰᠢᠨ ᠰᠤᠷᠲᠠᠬᠤᠨ)᠎ ᠤ ᠤᠨᠥᠯ᠂ ᠦᠨᠳᠦᠰᠦᠲᠡᠨ ᠤ ᠲᠥᠷᠤ ᠶᠢᠨ ᠪᠤᠲᠥᠯᠭ᠎ᠠ᠂ ᠴᠦᠬᠡᠨ ᠲᠤᠭᠠᠲᠤ ᠦᠨᠳᠦᠰᠦᠲᠡᠨ ᠤ ᠦᠭᠡ ᠬᠡᠯᠡ᠂ ᠦᠰᠦᠭ ᠪᠢᠴᠢᠭ ᠤᠨ ᠠᠵᠢᠯ ᠢ ᠡᠷᠴᠢᠮᠲᠠᠢ ᠠᠳᠬᠤᠵᠦ᠂ ᠪᠠᠶᠢᠴᠠᠭᠠᠨ ᠰᠤᠲᠥᠯᠬᠤ᠂ ᠰᠤᠷᠲᠠᠯᠴᠢᠯᠠᠨ ᠤᠬᠤᠭᠤᠯᠬᠤ ᠠᠵᠢᠯ ᠢ ᠵᠤᠬᠢᠶᠠᠨ   ᠪᠠᠶᠢᠭᠤᠯᠬᠤ ᠵᠡᠷᠬᠡ ᠡᠯ᠎ᠡ ᠵᠦᠢᠯ ᠤᠨ ᠠᠵᠢᠯ ᠡᠭᠦᠷᠬᠡ ᠶᠢ ᠬᠠᠷᠢᠭᠤᠴᠢᠨ ᠬᠦᠢᠴᠢᠳᠬᠡᠨ᠎ᠡ  ᠃   2᠂ ᠦᠨᠳᠦᠰᠦᠲᠡᠨ ᠤ ᠤᠷᠤᠨ ᠤ ᠦᠪᠡᠷᠲᠡᠬᠡᠨ ᠵᠠᠰᠠᠬᠤ  ᠲᠥᠷᠢᠮ ᠤᠨ ᠪᠠᠶᠢᠭᠤᠯᠥᠯᠲᠠ ᠶᠢ ᠲᠡᠭᠦᠯᠲᠡᠷᠵᠡᠭᠦᠯᠵᠦ᠂ ᠴᠦᠬᠡᠨ ᠲᠤᠭᠠᠲᠤ ᠦᠨᠳᠦᠰᠦᠲᠡᠨ ᠤ ᠬᠠᠤᠯᠢ ᠶᠤᠰᠤᠨ ᠤ  ᠡᠷᠬᠡ ᠠᠰᠢᠭ ᠢ  ᠬᠠᠮᠠᠭᠠᠯᠠᠵᠦ᠂ ᠦᠨᠳᠦᠰᠦᠲᠡᠨ ᠨᠦᠭᠦᠳ ᠤᠨ ᠬᠤᠭᠤᠷᠤᠨᠲᠡᠬᠢ ᠡᠷᠬᠡ ᠲᠡᠭᠰᠢ ᠬᠠᠷᠢᠴᠠᠭ᠎ᠠ᠂ ᠵᠢᠴᠢ ᠦᠨᠳᠦᠰᠦᠲᠡᠨ ᠨᠦᠭᠦᠳ ᠤᠨ ᠬᠤᠭᠤᠷᠤᠲᠡᠬᠢ ᠲᠡᠭᠰᠢ ᠪᠤᠰᠤ ᠬᠠᠷᠢᠴᠠᠭ᠎ᠠ ᠶᠢ ᠵᠤᠬᠢᠰᠲᠠᠢ ᠰᠡᠶᠢᠳᠪᠦᠷᠢᠯᠡᠵᠦ᠂ ᠨᠡᠶᠢᠬᠡᠮ ᠤᠨ ᠠᠮᠤᠷ ᠲᠦᠪᠰᠢᠨ ᠢ  ᠦᠨᠡᠩᠬᠦ ᠪᠠᠲᠤᠯᠠᠵᠤ᠂ ᠡᠯ᠎ᠡ ᠦᠨᠳᠦᠰᠦᠲᠡᠨ ᠨᠦᠭᠦᠳ ᠶᠢᠨ ᠠᠷᠠᠳ ᠲᠦᠮᠡᠨ    ᠪᠦᠯᠬᠦᠮᠲᠡᠨ  ᠲᠡᠮᠡᠴᠡᠵᠦ   ᠂  ᠬᠠᠮᠲᠤᠪᠠᠷ ᠭᠦᠭᠵᠢᠬᠦ ᠶᠢ ᠪᠡᠶᠡᠯᠡᠬᠦᠯᠵᠦ᠂ ᠤᠯᠤᠰ ᠤᠷᠤᠨ ᠤ ᠨᠡᠬᠡᠲᠥᠯᠲᠠᠢ ᠪᠠᠶᠢᠬᠤ ᠶᠢ ᠦᠨᠡᠩᠬᠦ  ᠪᠠᠲᠤᠯᠠᠨ᠎ᠠ᠃   3᠂ ᠦᠨᠳᠦᠰᠦᠲᠡᠨ ᠤ ᠠᠵᠢᠯ ᠤᠨ ᠲᠠᠯ᠎ᠠ ᠪᠠᠷ ᠬᠢ ᠬᠠᠮᠢᠶᠠᠲᠠᠢ ᠪᠠᠶᠢᠭᠤᠯᠥᠯᠭ᠎ᠠ ᠶᠢᠨ ᠡᠭᠦᠷᠬᠡ ᠬᠠᠷᠢᠭᠤᠴᠢᠯᠭ᠎ᠠ ᠎ ᠢᠶᠠᠨ  ᠭᠦᠢᠴᠢᠳᠬᠡᠵᠦ ᠪᠠᠶᠢᠭ᠎ᠠ ᠪᠠᠶᠢᠲᠡᠯ ᠳᠤ ᠬᠢᠨᠠᠯᠲᠠ  ᠲᠠᠯᠪᠢᠵᠦ᠂  ᠱᠠᠭᠠᠷᠲᠡᠨ ᠪᠠᠶᠢᠴᠠᠭᠠᠨ᠎ᠠ  ᠃ ᠴᠦᠬᠡᠨ ᠲᠤᠭᠠᠲᠤ ᠦᠨᠳᠦᠰᠦᠲᠡᠨ ᠪᠤᠯᠥᠨ ᠴᠦᠬᠡᠨ ᠲᠤᠭᠠᠲᠤ ᠦᠨᠳᠦᠰᠦᠲᠡᠨ  ᠤ ᠲᠦᠪᠯᠡᠷᠡᠨ ᠰᠠᠭᠤᠵᠦ ᠪᠠᠶᠢᠭ᠎ᠠ ᠭᠠᠵᠠᠷ ᠤᠨ ᠠᠵᠦ ᠠᠬᠤᠢ᠂ ᠨᠠᠶᠢᠬᠡᠮ ᠤᠨ ᠭᠦᠭᠵᠢᠯᠲᠡ ᠎ ᠶᠢᠨ ᠲᠤᠬᠠᠢ ᠲᠦᠷᠤ ᠶᠢᠨ ᠪᠤᠲᠥᠯᠭ᠎ᠠ ᠶᠢ ᠨᠠᠷᠢᠨ ᠬᠢᠨᠠᠮᠠᠭᠠᠢ   ᠲᠤᠤᠱᠯᠠᠭᠤᠯᠥᠨ  ᠬᠡᠷᠡᠭᠵᠢᠬᠦᠯᠵᠦ᠂ ᠴᠦᠬᠡᠨ  ᠲᠤᠭᠠᠲᠤ ᠦᠨᠳᠦᠰᠦᠲᠡᠨ ᠤ ᠤᠷᠤᠨ ᠤ ᠰᠢᠨᠵᠢᠯᠡᠬᠦ ᠤᠬᠠᠭᠠᠨ ᠤ ᠭᠦᠭᠵᠢᠯᠲᠡ᠂ ᠠᠵᠢᠯ ᠲᠥᠷᠥᠯ ᠢᠶᠠᠷ ᠲᠡᠮᠵᠢᠬᠦ᠂ ᠠᠵᠦ ᠠᠬᠤᠢ᠂ ᠠᠷᠠᠯᠵᠢᠶ᠎ᠠ ᠮᠠᠶᠢᠮᠠᠢ᠂ ᠦᠨᠳᠦᠰᠦᠲᠡᠨ ᠤ ᠡᠲᠤᠷ ᠲᠤᠲᠥᠮ ᠤᠨ  ᠬᠡᠷᠡᠭᠯᠡᠬᠦ ᠴᠢᠬᠤᠯᠠ ᠪᠤᠲᠠᠰ ᠤᠨ ᠤᠶᠢᠯᠡᠳᠬᠦᠨ ᠵᠢᠴᠢ ᠦᠨᠳᠦᠰᠦᠲᠡᠨ ᠤ ᠲᠤᠰᠬᠠᠢ ᠬᠡᠷᠡᠭᠯᠡᠬᠦ ᠮᠦᠩᠬᠦᠨ ᠳᠤ ᠬᠢᠨᠡᠯᠲᠡ ᠲᠠᠯᠪᠢᠵᠦ ᠵᠢᠯᠥᠭᠤᠤᠬᠤ ᠠᠵᠢᠯ ᠢ ᠬᠠᠷᠢᠭᠤᠴᠠᠨ᠎ᠠ  ᠃   4᠂ ᠴᠦᠬᠡᠨ ᠲᠤᠭᠠᠲᠤ ᠦᠨᠳᠦᠰᠦᠲᠡᠨ ᠤ ᠠᠵᠢᠯ ᠤᠶᠢᠯᠡᠰ ᠤᠨ ᠲᠤᠰᠬᠠᠢ ᠲᠦᠷᠥᠯ ᠵᠤᠶᠢᠯ ᠤᠨ ᠲᠦᠯᠥᠪᠯᠡᠯᠬᠡ ᠶᠢᠨ ᠬᠡᠷᠡᠭᠵᠢᠬᠦᠯᠥᠭᠲᠡᠵᠦ ᠪᠠᠶᠢᠭ᠎ᠠ ᠪᠠᠶᠢᠲᠡᠯ ᠢ ᠬᠢᠨᠡᠨ ᠪᠠᠶᠢᠴᠠᠭᠠᠵᠦ᠂ ᠶᠤᠸᠠᠨ ᠪᠤᠥ ᠱᠠᠨ ᠲᠤᠭᠤᠷᠢᠭ ᠤᠨ ᠠᠵᠢ ᠠᠬᠤᠢ᠂ ᠨᠠᠶᠢᠬᠡᠮ ᠤᠨ ᠭᠦᠭᠵᠢᠯᠲᠡ ᠎ ᠳᠤ ᠠᠰᠢᠬᠲᠠᠢ ᠲᠦᠯᠥᠪᠵᠢᠭᠦᠯᠬᠡ  ᠵᠢᠴᠢ ᠴᠦᠬᠡᠨ  ᠲᠤᠭᠠᠲᠤ ᠦᠨᠳᠦᠰᠦᠲᠡᠨ ᠤ ᠠᠵᠢᠯ ᠤᠶᠢᠯᠡᠰ ᠤᠨ ᠭᠦᠭᠵᠢᠯᠲᠡ ᠶᠢᠨ ᠶᠡᠷᠦᠩᠬᠡᠢ ᠲᠤᠬᠲᠠᠴᠠ ᠶᠢ ᠬᠢᠨᠡᠨ ᠲᠤᠬᠲᠠᠭᠠᠵᠦ᠂ ᠦᠨᠳᠦᠰᠦᠲᠡᠨ ᠤ ᠶᠠᠪᠦᠲᠠᠯ ᠤᠨ ᠤᠶᠢᠯᠡᠴᠢᠯᠬᠡᠨ ᠤ ᠰᠢᠰᠲ᠋ᠧᠮ ᠪᠤᠯᠥᠨ ᠦᠨᠳᠦᠰᠦᠲᠡᠨ ᠤ ᠠᠵᠢᠯ ᠤᠨ  ᠬᠠᠮᠢᠶᠠᠷᠥᠯᠲᠠ ᠶᠢᠨ ᠴᠢᠮᠡᠭᠡ ᠵᠠᠩᠬᠢ ᠶᠢᠨ   ᠰᠢᠰᠲ᠋ᠧᠮᠵᠢᠯᠡᠭᠰᠡᠨ ᠪᠠᠶᠢᠭᠤᠯᠥᠯᠲᠠ ᠶᠢ  ᠪᠠᠶᠢᠭᠤᠯᠤᠨ᠎ᠠ  ᠃   5᠂ ᠡᠯ᠎ᠡ ᠰᠢᠶᠠᠩ ᠪᠠᠯᠭᠠᠰᠤ᠂ ᠵᠡᠬᠡᠯᠢ ᠭᠤᠲᠥᠮᠵᠢ ᠶᠢᠨ ᠦᠨᠳᠦᠰᠦᠲᠡᠨ᠂ ᠱᠠᠰᠢᠨ ᠰᠤᠷᠲᠠᠬᠤᠨ ᠤ ᠠᠵᠢᠯ ᠢ ᠬᠠᠷᠢᠭᠤᠴᠠᠵᠦ ᠪᠠᠶᠢᠭ᠎ᠠ ᠺᠠᠲᠡᠷ ᠤᠨ ᠬᠠᠤᠯᠢ ᠶᠤᠰᠤᠭᠠᠷ ᠲᠦᠷᠥ ᠶᠢᠨ ᠪᠤᠲᠥᠯᠭ᠎ᠠ ᠶᠢ  ᠬᠡᠷᠡᠭᠵᠢᠭᠦᠯᠵᠦ ᠪᠠᠶᠢᠭ᠎ᠠ ᠡᠰᠡᠬᠦ ᠎ ᠳᠤ ᠬᠢᠨᠡᠯᠲᠠ ᠲᠠᠯᠪᠢᠨ᠂ ᠪᠦᠬᠦ ᠲᠤᠭᠤᠷᠢᠭ ᠤᠨ ᠬᠡᠪᠴᠢᠶᠡᠨ ᠳᠤ ᠦᠨᠳᠦᠰᠦᠲᠡᠨ ᠤ ᠪᠦᠯᠬᠦᠮᠳᠡᠯ ᠤᠨ ᠠᠵᠢᠯ ᠤᠨ ᠲᠤᠮᠲᠠ ᠠᠮᠵᠢᠯᠲᠠ ᠪᠦᠲᠥᠬᠡᠯ ᠭᠠᠷᠭᠠᠬᠰᠡᠨ ᠺᠠᠳ᠋ᠷ ᠠᠵᠢᠯᠲᠠᠨ ᠳᠤ ᠱᠠᠩᠨᠠᠯ ᠭᠦᠬᠢᠬᠦᠯᠥᠯ ᠤᠯᠭᠤᠨ᠎ᠠ᠃    6᠂ ᠴᠦᠬᠡᠨ ᠲᠤᠭᠠᠲᠤ ᠦᠨᠳᠦᠰᠦᠲᠡᠨ ᠤ ᠦᠭᠡ ᠬᠡᠯᠡ᠂ ᠦᠰᠦᠭ ᠪᠢᠴᠢᠭ ᠢ ᠰᠤᠷᠥᠯᠴᠠᠬᠤ᠂  ᠬᠡᠷᠡᠭᠯᠡᠬᠦ᠂ ᠰᠤᠲᠥᠯᠬᠤ᠂ ᠭᠦᠭᠵᠢᠬᠦᠯᠬᠦ᠂ ᠠᠪᠤᠷᠠᠬᠤ᠂ ᠬᠠᠮᠠᠭᠠᠯᠠᠬᠤ᠂ ᠤᠯᠠᠮᠵᠢᠯᠠᠬᠤ ᠠᠵᠢᠯ ᠤᠨ ᠬᠠᠮᠢᠶᠠᠷᠥᠯᠲᠠ ᠪᠠᠨ ᠴᠢᠩᠭᠠᠳᠬᠠᠨ᠎ᠠ᠂ ᠴᠦᠬᠡᠨ ᠲᠤᠭᠠᠲᠤ ᠦᠨᠳᠦᠰᠦᠲᠡᠨ ᠤ ᠦᠭᠡ ᠬᠡᠯᠡ᠂  ᠦᠰᠦᠭ ᠪᠢᠴᠢᠭ᠂ ᠦᠨᠳᠦᠰᠦᠲᠡᠨ ᠤ ᠰᠤᠷᠭᠠᠨ ᠭᠦᠮᠥᠵᠢᠯ᠂  ᠤᠷᠴᠢᠭᠤᠯᠤᠯᠭ᠎ᠠ᠂ ᠬᠡᠪᠯᠡᠯ ᠮᠡᠲᠡᠭᠡ᠂ ᠰᠤᠨᠢᠨ ᠰᠡᠳᠬᠦᠯ  ᠂ ᠷᠠᠳᠢᠣ᠋᠂ ᠺᠢᠨᠣ᠋ ᠲᠧᠯᠸᠢᠰ ᠪᠤᠯᠥᠨ ᠦᠨᠳᠦᠰᠦᠲᠡᠨ ᠤ ᠬᠠᠭᠤᠴᠢ  ᠰᠤᠲᠥᠯᠥᠯ ᠢ ᠴᠤᠬᠯᠠᠭᠤᠯᠬᠤ᠂ ᠡᠮᠬᠢᠳᠬᠡᠬᠦ᠂ ᠬᠡᠪᠯᠡᠬᠦ ᠠᠵᠢᠯ ᠢ ᠵᠢᠯᠥᠭᠤᠲᠥᠨ ᠬᠠᠷᠢᠭᠤᠴᠢᠨ᠎ᠠ  ᠃    7᠂ ᠱᠠᠰᠢᠨ ᠰᠤᠷᠲᠠᠬᠤᠨ ᠤ ᠠᠵᠢᠯ ᠶᠠᠪᠤᠲᠡᠯ ᠤᠨ ᠬᠠᠤᠯᠢ ᠶᠤᠰᠤ ᠪᠠᠷ ᠬᠡᠷᠡᠭᠵᠢᠭᠦᠯᠬᠦ ᠶᠢ  ᠪᠠᠲᠥᠯᠠᠵᠦ᠂ ᠡᠷᠭᠡᠲᠤ ᠠᠷᠠᠳ ᠤᠨ ᠱᠠᠰᠢᠨ ᠰᠤᠷᠲᠠᠬᠤᠨ᠂ ᠱᠠᠰᠢᠨ  ᠰᠢᠲᠥᠯᠭᠡ ᠎ ᠎ ᠶᠢᠨ ᠡᠷᠬᠡ ᠴᠢᠯᠥᠭᠡ  ᠂ ᠱᠠᠰᠢᠨ ᠰᠤᠷᠲᠠᠬᠤᠨ ᠤ ᠬᠡᠪ ᠤᠨ ᠠᠵᠢᠯᠯᠠᠭ᠎ᠠ ᠳᠤ ᠤᠷᠤᠯᠴᠠᠬᠤ ᠶᠢ ᠬᠠᠤᠯᠢ ᠶᠤᠰᠤᠭᠠᠷ ᠬᠠᠮᠠᠭᠠᠯᠠᠨ᠎ᠠ  ᠃ ᠱᠠᠰᠢᠨᠲᠠᠨ ᠤ ᠬᠠᠤᠯᠢ  ᠶᠤᠰᠤᠨ ᠤ ᠡᠷᠬᠡ ᠠᠰᠢᠭ ᠢ ᠬᠠᠮᠠᠭᠠᠯᠠᠵᠦ᠂ ᠱᠠᠰᠢᠨ ᠰᠤᠷᠲᠠᠬᠤᠨ ᠪᠤᠯᠥᠨ ᠨᠡᠶᠢᠬᠡᠮ ᠤᠨ ᠡᠶ᠎ᠡ ᠵᠤᠬᠢᠴᠡᠯ ᠎ ᠶᠢᠨ ᠬᠠᠷᠢᠴᠠᠭ᠎ᠠ ᠶᠢ ᠠᠬᠢᠭᠤᠯᠥᠨ᠎ᠠ  ᠃    8᠂ ᠱᠠᠰᠢᠨ ᠰᠤᠷᠲᠠᠬᠤᠨ ᠤ ᠪᠦᠯᠬᠦᠮ ᠤᠨ ᠬᠠᠤᠯᠢ ᠶᠤᠰᠤ ᠪᠠᠷ  ᠱᠠᠰᠢᠨ  ᠰᠤᠷᠲᠠᠬᠤᠨ ᠤ ᠬᠡᠪ ᠤᠨ ᠠᠵᠢᠯᠯᠠᠭ᠎ᠠ ᠪᠠᠨ ᠦᠷᠨᠢᠭᠦᠯᠬᠦ ᠶᠢ ᠵᠢᠭᠠᠨ  ᠵᠢᠯᠤᠭᠤᠳᠴᠦ᠂ ᠱᠠᠰᠢᠨ ᠰᠤᠷᠲᠠᠬᠤᠨ ᠤ ᠪᠦᠯᠬᠦᠮ ᠤᠨ ᠲᠤᠰ ᠪᠡᠶ᠎ᠡ ᠶᠢᠨ ᠪᠠᠶᠢᠭᠤᠯᠥᠯᠲᠠ  ᠶᠢ ᠴᠢᠩᠭᠠᠳᠬᠠᠵᠦ᠂ ᠱᠠᠰᠢᠨ ᠰᠤᠷᠲᠠᠬᠤᠨ ᠤ ᠡᠲᠡᠬᠡᠳ ᠤᠨ ᠤᠯᠤᠰ ᠢᠶᠠᠨ ᠬᠠᠶᠢᠷᠠᠯᠠᠬᠤ ᠦᠵᠡᠯ᠂ ᠨᠡᠶᠢᠬᠡᠮ ᠵᠢᠷᠤᠮ ᠤᠨ ᠦᠵᠡᠯ᠂ ᠤᠯᠤᠰ ᠤᠷᠤᠨ ᠤ ᠨᠢᠭᠡᠲᠥᠯ ᠪᠤᠯᠥᠨ ᠦᠨᠳᠦᠰᠦᠲᠡᠨ ᠤ ᠪᠦᠯᠬᠦᠮᠳᠡᠯ ᠢ ᠴᠢᠩᠭᠠᠳᠬᠠᠬᠤ ᠤᠬᠠᠮᠰᠠᠷ ᠢᠶᠠᠨ ᠲᠡᠬᠡᠭᠰᠢᠯᠡᠭᠦᠯᠵᠦ᠂ ᠱᠠᠰᠢᠨ ᠰᠤᠷᠲᠠᠬᠤᠨ ᠤ ᠪᠦᠯᠬᠦᠮ ᠤᠨ ᠠᠵᠢᠯ ᠶᠠᠪᠤᠲᠠᠯ ᠶᠢᠨ ᠭᠦᠴᠢᠷᠲᠡᠯ ᠳᠤ ᠠᠷᠠᠳ ᠤᠨ ᠵᠠᠰᠠᠭ  ᠤᠨ ᠤᠷᠲᠥᠨ ᠠᠴᠠ  ᠬᠠᠪᠰᠤᠷᠯᠠᠭ᠎ᠠ ᠲᠡᠮᠵᠢᠯᠬᠡ ᠦᠵᠡᠭᠦᠯᠥᠨ᠎ᠠ  ᠃  ᠱᠠᠰᠢᠨ  ᠰᠤᠷᠲᠠᠬᠤᠨ ᠤ ᠨᠡᠷ᠎ᠡ ᠶᠢ ᠠᠰᠢᠬᠯᠠᠨ  ᠭᠠᠷᠭᠠᠬᠰᠡᠨ ᠭᠦᠨᠲᠦ ᠴᠢᠬᠤᠯᠠ ᠬᠡᠷᠡᠭ᠂ ᠬᠠᠤᠯᠢ ᠴᠠᠭᠠᠵᠠ ᠠᠴᠠ ᠵᠦᠷᠢᠴᠡᠭᠰᠡᠨ ᠠᠵᠢᠯᠯᠠᠭ᠎ᠠ᠂ ᠤᠯᠤᠰ ᠤᠨ ᠭᠠᠲᠠᠭᠠᠲᠤ ᠶᠢᠨ ᠲᠡᠷᠰᠯᠡᠭᠦᠦ ᠡᠲᠡᠬᠡᠳ ᠤᠨ ᠱᠠᠰᠢᠨ ᠰᠤᠷᠲᠠᠬᠤᠨ ᠢ ᠠᠰᠢᠬᠯᠠᠨ ᠦᠲᠡᠬᠡᠯᠬᠡ ᠬᠢᠭᠦ᠂ ᠡᠪᠲᠡᠯᠯᠡᠭᠡ ᠬᠢᠭᠦ ᠠᠯᠢᠪᠠ ᠬᠠᠤᠯᠢ ᠪᠤᠰᠤ ᠠᠵᠢᠯᠯᠠᠭ᠎ᠠ ᠳᠤ ᠭᠦᠨᠲᠦ ᠴᠣᠬᠢᠯᠲᠠ ᠦᠩᠭᠦᠨ᠎ᠡ᠃    9᠂ ᠪᠦᠬᠦ ᠲᠤᠭᠤᠷᠢᠭ ᠤᠨ ᠲᠤᠲᠦᠷᠠᠬᠢ ᠱᠠᠰᠢᠨ ᠰᠤᠷᠲᠠᠬᠤᠨ ᠤ ᠪᠠᠶᠢᠲᠠᠯ ᠢ ᠰᠢᠨᠵᠢᠯᠡᠨ  ᠰᠣᠳᠣᠯᠠᠵᠤ᠂ ᠱᠠᠰᠢᠨ ᠰᠤᠷᠲᠠᠬᠤᠨ ᠤ    ᠭᠦᠲᠡᠯᠥᠯ ᠪᠠᠶᠢᠲᠡᠯ ᠤᠨ ᠲᠤᠬᠠᠢ ᠰᠤᠷᠠᠭ ᠴᠢᠮᠡᠭᠡ ᠶᠢ ᠴᠤᠬᠯᠠᠭᠤᠯᠥᠨ᠂ ᠱᠠᠰᠢᠨ ᠰᠤᠷᠲᠠᠬᠤᠨ ᠤ ᠪᠤᠯᠪᠠᠰᠤᠷᠡᠯ ᠤᠨ ᠠᠵᠢᠯ ᠢ ᠬᠠᠷᠢᠭᠤᠴᠠᠨ᠎ᠠ᠂ ᠦᠨᠳᠦᠰᠦᠲᠡᠨ ᠤ ᠠᠵᠢᠯ ᠤᠨ ᠭᠦᠷᠢᠶᠡᠨ ᠳᠠᠬᠢ ᠭᠠᠲᠠᠭᠠᠲᠤ ᠶᠢᠨ ᠪᠤᠯᠥᠨ ᠰᠢᠶᠠᠩᠭᠠᠩ  ᠤᠤᠮᠸᠡ ᠎ ᠤ ᠬᠠᠷᠢᠯᠴᠠᠭ᠎ᠠ ᠶᠠᠪᠦᠯᠴᠠᠭ᠎ᠠ ᠶᠢ ᠵᠤᠬᠢᠶᠠᠨ ᠪᠠᠶᠢᠭᠤᠯᠵᠦ᠂ ᠱᠠᠰᠢᠨ ᠰᠤᠷᠲᠠᠬᠤᠨ ᠤ ᠬᠠᠮᠢᠶᠠᠲᠠᠢ ᠭᠠᠲᠠᠭᠠᠲᠤ ᠶᠠᠪᠦᠲᠠᠯ ᠳᠤ ᠬᠠᠷᠢᠶᠠᠯᠠᠬᠲᠠᠬᠤ ᠠᠵᠢᠯ ᠤᠨ ᠬᠠᠮᠢᠶᠠᠷᠥᠯᠲᠠ ᠪᠠᠨ ᠴᠢᠩᠭᠠᠳᠬᠠᠨ᠎ᠠ  ᠃ ᠱᠠᠰᠢᠨ ᠰᠤᠷᠲᠠᠬᠤᠨ ᠤ ᠬᠦᠷᠢᠶᠡᠨ ᠳᠠᠬᠢ ᠭᠠᠲᠠᠭᠠᠲᠤ ᠎ ᠲᠠᠢ᠂ ᠰᠢᠶᠠᠩᠭᠠᠩ   ᠤᠥᠮᠧᠨ ᠲᠠᠢ ᠱᠠᠰᠢᠨ ᠰᠤᠷᠲᠠᠬᠤᠨ ᠤ ᠬᠡᠪ ᠤᠨ ᠶᠠᠪᠦᠯᠴᠠᠭ᠎ᠠ ᠎ ᠶᠢᠨ ᠠᠵᠢᠯᠯᠠᠭ᠎ᠠ ᠶᠢ ᠵᠤᠬᠢᠶᠠᠨ  ᠪᠠᠶᠢᠭᠤᠯᠥᠨ ᠵᠢᠯᠥᠭᠤᠳᠴᠦ ᠦᠨᠳᠦᠰᠦᠲᠡᠨ ᠤ ᠶᠠᠪᠦᠲᠠᠯ ᠪᠠ ᠱᠠᠰᠢᠨ ᠰᠤᠷᠲᠠᠬᠤᠨ ᠤ ᠭᠠᠲᠠᠭᠠᠲᠤ ᠳᠠᠬᠢ ᠰᠤᠷᠲᠠᠯ  ᠤᠬᠠᠭᠤᠯᠭ᠎ᠠ ᠶᠢᠨ ᠠᠵᠢᠯ ᠢ ᠬᠠᠷᠢᠭᠤᠴᠠᠨ᠎ᠠ  ᠃    10᠂ ᠴᠦᠬᠡᠨ ᠲᠤᠭᠠᠲᠤ ᠦᠨᠳᠦᠰᠦᠲᠡᠨ ᠤ  ᠴᠢᠲᠠᠪᠦᠷᠢᠲᠡᠨ ᠤ ᠡᠩᠨᠡᠭᠡᠨ ᠤ ᠪᠠᠶᠢᠭᠤᠯᠥᠯᠲᠠ ᠶᠢᠨ ᠲᠦᠯᠥᠪᠵᠢᠭᠦᠯᠬᠡ ᠎ ᠶᠢᠨ ᠬᠠᠷᠠᠯᠲᠠ ᠲᠤᠬᠲᠠᠭᠠᠵᠦ᠂ ᠴᠦᠬᠡᠨ ᠲᠤᠭᠠᠲᠤ ᠦᠨᠳᠦᠰᠦᠲᠡᠨ ᠤ ᠺᠠᠳ᠋ᠷ ᠲᠠᠢ ᠢᠯᠡᠭᠦᠤ ᠬᠠᠷᠢᠯᠴᠠᠵᠦ᠂ ᠬᠠᠮᠢᠶ᠎ᠠ ᠪᠦᠬᠦᠢ ᠪᠠᠶᠢᠭᠤᠯᠥᠯᠭ᠎ᠠ ᠨᠢᠭᠡᠴᠡ ᠲᠠᠢ ᠬᠠᠮᠵᠢᠯᠴᠢᠨ᠂ ᠴᠦᠬᠡᠨ ᠲᠤᠭᠠᠲᠤ ᠦᠨᠳᠦᠰᠦᠲᠡᠨ ᠤ ᠺᠠᠳ᠋ᠷ ᠤᠨ ᠪᠤᠯᠪᠠᠰᠤᠷᠠᠯ ᠵᠢᠴᠢ ᠰᠤᠷᠭᠠᠨ ᠭᠦᠮᠥᠵᠢᠯ  ᠪᠤᠯᠥᠨ    ᠰᠤᠩᠭᠤᠨ ᠬᠡᠷᠡᠭᠯᠡᠬᠦ ᠠᠵᠢᠯ ᠢ ᠬᠠᠷᠢᠭᠤᠴᠠᠨ᠎ᠠ  ᠃    11᠂ ᠲᠤᠭᠤᠷᠢᠭ ᠤᠨ ᠨᠠᠮ ᠤᠨ ᠬᠤᠷᠢᠶ᠎ᠠ᠂ ᠠᠷᠠᠳ ᠤᠨ ᠵᠠᠰᠠᠭ ᠤᠨ ᠤᠷᠲᠦᠨ ᠪᠠ ᠦᠨᠳᠦᠰᠦᠲᠡᠨ ᠤ ᠬᠡᠷᠡᠭ ᠡᠷᠬᠢᠯᠡᠬᠦ ᠵᠦᠪᠯᠡᠯ ᠠᠴᠠ ᠲᠤᠰᠢᠶᠠᠵᠦ ᠦᠩᠬᠦᠭᠰᠡᠨ ᠪᠤᠰᠤᠳ ᠠᠵᠢᠯ ᠤᠳ ᠢ ᠭᠦᠢᠴᠢᠳᠬᠡᠨ᠎ᠡ᠂    12᠂ ᠪᠦᠬᠦ ᠲᠤᠭᠤᠷᠢᠭ ᠤᠨ ᠮᠣᠩᠭᠤᠯ ᠦᠰᠦᠭ ᠪᠢᠴᠢᠭ ᠤᠨ  ᠣᠷᠴᠢᠭᠤᠯᠤᠯᠭ᠎ᠠ ᠶᠢᠨ ᠠᠵᠢᠯ ᠢ ᠬᠠᠷᠢᠭᠤᠴᠠᠵᠦ ᠂ ᠬᠠᠮᠢᠶ᠎ᠠ ᠪᠦᠬᠦᠢ  ᠪᠠᠶᠢᠭᠤᠯᠤᠯᠭ᠎ᠠ ᠨᠢᠭᠡᠴᠡ ᠲᠠᠢ ᠬᠠᠮᠵᠢᠯᠴᠢᠨ᠂ ᠵᠠᠷ ᠮᠡᠲᠡᠭᠡ᠂ ᠫᠠᠶᠢᠰᠡ ᠡᠯᠭᠦᠮᠡᠯ᠂ ᠠᠯᠪᠠᠨ ᠲᠠᠮᠠᠭ᠎ᠠ᠂ ᠠᠯᠪᠠᠨ ᠪᠢᠴᠢᠭ  ᠤᠨ ᠲᠡᠷᠢᠭᠦᠨ᠂ ᠵᠠᠬᠢᠲᠠᠯ  ᠤᠨ ᠲᠤᠬᠲᠣᠢ ᠵᠡᠷᠬᠡ ᠨᠡᠶᠢᠬᠡᠮ ᠤᠨ ᠨᠢᠭᠤᠷ ᠲᠠᠯ᠎ᠠ ᠶᠢᠨ ᠮᠣᠩᠭᠤᠯ᠂ ᠬᠢᠲᠠᠳ ᠬᠤᠶᠠᠷ ᠬᠡᠯᠡᠨ ᠤ ᠦᠰᠦᠭ ᠪᠢᠴᠢᠭ ᠢ ᠬᠠᠮᠲᠤ ᠳᠤᠨᠢ ᠬᠡᠷᠡᠭᠯᠡᠵᠦ ᠪᠠᠶᠢᠭ᠎ᠠ ᠪᠠᠶᠢᠲᠡᠯ ᠢ ᠨᠠᠷᠢᠨ ᠤᠶᠢᠯᠠᠭᠠᠵᠦ᠂ ᠮᠣᠩᠭᠤᠯ᠂ ᠬᠢᠲᠠᠳ ᠬᠤᠶᠠᠷ ᠬᠡᠯᠡᠨ ᠤ ᠦᠰᠦᠭ ᠪᠢᠴᠢᠭ ᠢ ᠬᠠᠮᠲᠤ ᠳᠤᠨᠢ ᠬᠡᠷᠬᠡᠯᠡᠬᠦ᠂ ᠵᠥᠪ ᠬᠡᠷᠭᠯᠡᠬᠦ ᠂ ᠲᠦᠷᠢᠮᠵᠢᠭᠦᠯᠬᠦ ᠬᠢᠷᠢ ᠬᠡᠮᠵᠢᠶ᠎ᠡ ᠶᠢ ᠲᠡᠬᠡᠭᠰᠢᠯᠡᠭᠦᠯᠥᠨ᠎ᠡ  ᠃      ᠬᠤᠶᠠᠷ᠂  ᠲᠤᠬᠢᠷᠠᠭᠤᠯᠥᠬᠰᠡᠨ ᠪᠠᠶᠢᠭᠤᠯᠥᠮᠵᠢ    1᠂ ᠶᠡᠷᠦᠩᠬᠡᠶᠢᠯᠡᠭᠰᠡᠨ  ᠠᠯᠪᠠᠨ ᠭᠡᠷ       ᠠᠵᠢᠯᠯᠠᠵᠦ ᠪᠠᠶᠢᠭ᠎ᠠ ᠭᠠᠵᠠᠷ: ᠡᠬᠡ ᠨᠢᠯᠬᠠᠰ ᠡᠷᠡᠬᠦᠯ ᠬᠠᠮᠠᠭᠠᠯᠡᠯ ᠤᠨ  ᠬᠤᠷᠢᠶ᠎ᠠ ᠶᠢᠨ ᠠᠰᠠᠷ ᠎ ᠤᠨ6 ᠳ᠋ᠤᠭᠠᠷ ᠲᠠᠪᠬᠤᠷᠭ᠎ᠠ ᠶᠢᠨ ᠦᠨᠳᠦᠰᠦᠲᠡᠨ ᠤ ᠠᠯᠪᠠᠨ ᠭᠡᠷᠬᠠᠷᠢᠯᠴᠠᠬᠤ ᠤᠲᠠᠰᠤ᠄ 0476 —3555803     2᠂  ᠦᠨᠳᠦᠰᠦᠲᠡᠨ  ᠱᠠᠰᠢᠨ ᠰᠤᠷᠲᠠᠬᠤᠨ ᠤ ᠲᠤᠪᠴᠢᠶ᠎ᠠ ᠶᠢᠨ ᠬᠠᠮᠢᠶᠠᠷᠥᠯᠲᠠ ᠶᠢᠨ ᠲᠠᠰᠤᠭᠠᠵᠢᠯᠯᠠᠵᠦ ᠪᠠᠶᠢᠭ᠎ᠠ ᠭᠠᠵᠠᠷ᠄ ᠡᠬᠡ ᠨᠢᠯᠬᠠᠰ ᠡᠷᠡᠭᠦᠯ ᠬᠠᠮᠠᠭᠠᠯᠠᠯ ᠤᠨ ᠬᠤᠷᠢᠶ᠎ᠠ ᠶᠢᠨ ᠠᠰᠠᠷ ᠤᠨ6 ᠳ᠋ᠤᠭᠠᠷ  ᠲᠠᠪᠬᠤᠷᠭ᠎ᠠ ᠶᠡᠷᠦᠩᠬᠡᠶᠢᠯᠡᠭᠰᠡᠨ ᠠᠯᠪᠠᠨ ᠭᠡᠷ      ᠬᠠᠷᠢᠯᠴᠠᠬᠤ ᠤᠲᠠᠰᠤ᠄ 0476 —3555802         
 
ᠢᠷᠡᠯᠲᠡ᠄ ᠶᠤᠸᠠᠨ ᠪᠣᠥ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠰᠥᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1