ᠵᠠᠮ ᠬᠠᠷᠢᠯᠴᠠᠭᠠᠨ ᠤ ᠠᠳᠡᠯ ᠪᠤᠶᠤ ᠵᠠᠮ ᠬᠠᠷᠢᠯᠴᠠᠭᠠᠨ ᠤ ᠵᠢᠭᠤᠷᠠᠯᠳᠤᠭᠠᠨ ᠭᠠᠷᠴᠦ᠂ ᠦᠢᠯᠡ ᠪᠠᠶᠢᠳᠠᠯ ᠨᠢ | ᠬᠦᠩᠭᠡᠨ ᠰᠢᠭ ᠪᠠᠶᠢᠪᠠᠯ ᠨᠦᠭᠦᠷᠰᠡᠭ ᠢᠶᠠᠷ ᠵᠦᠪᠳᠡᠯᠴᠡᠭᠡᠳ ᠰᠢᠢᠳᠪᠦᠷᠢᠯᠡᠵᠤ ᠪᠤᠯᠤᠨ᠎ᠠ︔ ᠲᠦᠭᠰᠢᠭᠦᠷᠢ ᠮᠡᠳᠡᠭᠦᠯᠬᠦ | ᠴᠢᠬᠤᠯᠠᠲᠠᠢ ᠪᠣᠯ 122 ᠪᠤᠶᠤ 110 ᠲᠦᠭᠰᠢᠬᠦᠷᠢ ᠮᠡᠳᠡᠭᠦᠯᠬᠦ ᠳ᠋ᠢᠶᠠᠩᠬᠤᠸᠠ ᠳᠤ ᠤᠲᠠᠰᠤᠳᠠᠵᠤ ᠪᠤᠯᠤᠨ᠎ᠠ᠃ | ᠲᠦᠭᠰᠢᠭᠦᠷᠢ ᠮᠡᠳᠡᠭᠦᠯᠬᠦ ᠶᠡᠷᠦ ᠶᠢᠨ ᠮᠡᠳᠡᠯᠭᠡ | ︵1︶ ᠲᠦᠭᠰᠢᠭᠦᠷᠢ ᠶᠢ ᠴᠠᠭ ᠲᠤᠬᠠᠢ ᠳᠤᠨᠢ ᠮᠡᠳᠡᠭᠦᠯᠥᠨ᠎ᠡ᠃ | ︵2︶ ᠭᠠᠵᠠᠷ ᠢᠶᠠᠨ ᠲᠤᠲᠤᠷᠬᠠᠢ ᠬᠡᠯᠡᠵᠦ ᠦᠭᠭᠦᠨ᠎ᠡ᠃ | ︵3︶ ᠲᠦᠭᠰᠢᠭᠦᠷᠢ ᠶᠢᠨ ᠪᠠᠶᠢᠳᠠᠯ ᠢ ᠲᠣᠳᠤᠷᠬᠠᠶᠢᠯᠠᠨ᠎ᠠ᠃ ᠠᠳᠡᠯ ᠭᠠᠷᠤᠭᠰᠠᠨ ᠰᠢᠯᠲᠠᠭᠠᠨ ᠬᠢᠭᠡᠳ ᠬᠦᠮᠥᠰ᠂ | ᠲᠡᠷᠭᠡ ᠬᠦᠰᠭᠡ ᠶᠢᠨ ᠭᠡᠮᠲᠥᠵᠦ ᠬᠤᠬᠢᠷᠠᠭᠰᠠᠨ ᠪᠠᠶᠢᠳᠠᠯ ᠢ ᠲᠤᠪᠴᠢᠬᠠᠨ ᠮᠡᠳᠡᠭᠦᠯᠥᠨ᠎ᠡ᠃ | ︵4︶ ᠣᠪᠣᠭ ᠨᠡᠷ᠎ᠡ ᠪᠠᠨ ᠦᠯᠡᠳᠡᠭᠡᠨ᠎ᠡ᠃ | ︵5︶ ᠲᠤᠬᠠᠢ ᠶᠢᠨ ᠲᠠᠯᠠᠪᠠᠢ ᠶᠢ ᠬᠠᠮᠠᠭᠠᠯᠠᠨ᠎ᠠ᠃ ᠵᠠᠮ ᠬᠠᠷᠢᠯᠴᠠᠭᠠᠨ ᠤ ᠠᠳᠡᠯ ᠭᠠᠷᠤᠭᠰᠠᠨ ᠤ ᠳᠠᠷᠠᠭ᠎ᠠ᠂ | ᠬᠡᠷᠡᠭ ᠭᠠᠷᠭᠠᠭᠴᠢ ᠬᠢᠭᠡᠳ ᠡᠷᠬᠢᠨ ᠲᠤᠭᠤᠷᠢᠨ ᠤ ᠣᠯᠠᠨ ᠲᠦᠮᠡᠨ ᠲᠤᠬᠠᠢ ᠶᠢᠨ ᠲᠠᠯᠠᠪᠠᠢ ᠶᠢᠨ ᠤᠭ ᠳᠦᠷᠢ | ᠪᠠᠶᠢᠳᠠᠯ ᠢ ᠠᠯᠢ ᠴᠢᠳᠠᠬᠤᠶᠢᠴᠠ ᠬᠠᠮᠠᠭᠠᠯᠠᠵᠤ᠂ ᠠᠳᠡᠯ ᠢ ᠰᠢᠢᠳᠪᠦᠷᠢᠯᠡᠬᠦ ᠦᠶ᠎ᠡ ᠳᠤ ᠴᠠᠭᠳᠠᠭ᠎ᠠ ᠨᠠᠷ ᠤᠨ ᠪᠤᠳᠠᠰ ᠤᠨ | ᠭᠡᠷᠡᠴᠢ ᠴᠤᠭᠯᠠᠭᠤᠯᠵᠤ᠂ ᠠᠳᠡᠯ ᠤᠨ ᠰᠢᠨᠵᠢ ᠴᠢᠨᠠᠷ ᠢ ᠲᠤᠳᠤᠯᠠᠬᠤ ᠳᠤ ᠳᠦᠭᠦᠮ ᠦᠵᠡᠭᠦᠯᠬᠦ ᠬᠡᠷᠡᠭᠲᠠᠢ︔ ᠡᠭᠦᠨ ᠤ | ᠬᠠᠮᠲᠤ ᠵᠠᠮ ᠬᠠᠷᠢᠯᠴᠠᠭᠠᠨ ᠤ ᠡᠮᠬᠢ ᠲᠢᠭᠯᠢᠮ ᠢ ᠠᠯᠢ ᠪᠣᠯᠬᠤᠶᠢᠴᠠ ᠬᠠᠷᠰᠢᠯᠠᠬᠤ ᠦᠭᠡᠢ ᠪᠠᠶᠢᠬᠤ ᠬᠡᠷᠡᠭᠲᠠᠢ᠃ ᠵᠠᠮ | ᠬᠠᠷᠢᠯᠴᠠᠭ᠎ᠠ ᠶᠢ ᠬᠠᠷᠰᠢᠯᠠᠵᠦ ᠪᠠᠶᠢᠬᠤ ᠠᠴᠠ ᠪᠣᠯᠵᠦ ᠲᠤᠬᠠᠢ ᠶᠢᠨ ᠲᠠᠯᠠᠪᠠᠢ ᠶᠢ ᠬᠤᠪᠢᠷᠠᠭᠤᠯᠬᠤ ᠬᠡᠷᠡᠭᠲᠡᠢ ᠪᠣᠯ | ᠤᠷᠢᠳᠠᠪᠡᠷ ᠠᠳᠡᠯ ᠤᠨ ᠲᠤᠬᠠᠢ ᠶᠢᠨ ᠲᠠᠯᠠᠪᠠᠢ ᠶᠢᠨ ᠣᠷᠣᠨ ᠪᠠᠶᠢᠷᠢ ᠳᠤ ᠲᠡᠮᠳᠡᠭ ᠲᠠᠯᠪᠢᠬᠤ ᠪᠤᠶᠤ ᠭᠠᠷ ᠤᠲᠠᠰᠤ᠂ | ᠭᠡᠷᠡᠯ ᠵᠢᠷᠤᠭ ᠤᠨ ᠮᠠᠰᠢᠨ ᠢᠶᠠᠷ ᠠᠳᠡᠯ ᠤᠨ ᠲᠤᠬᠠᠢ ᠶᠢᠨ ᠲᠠᠯᠠᠪᠠᠢ ᠶᠢᠨ ᠣᠷᠣᠨ ᠪᠠᠶᠢᠷᠢ ᠶᠢ ᠰᠡᠭᠦᠳᠡᠷᠯᠡᠵᠦ | ᠠᠪᠤᠭᠰᠠᠨ ᠤ ᠳᠠᠷᠠᠭ᠎ᠠ᠂ ᠲᠡᠷᠭᠡ ᠬᠦᠰᠭᠡ ᠶᠢ ᠵᠠᠮ ᠬᠠᠷᠢᠯᠴᠠᠭ᠎ᠠ ᠶᠢ ᠬᠠᠷᠰᠢᠯᠠᠬᠤ ᠦᠭᠡᠢ ᠭᠠᠵᠠᠷ ᠲᠤ ᠰᠢᠯᠵᠢᠭᠦᠯᠬᠦ | ᠬᠡᠷᠡᠭᠲᠠᠢ᠃ | ︵6︶ ᠰᠡᠷᠡᠮᠵᠢᠯᠡᠭᠦᠯᠬᠦ ᠲᠡᠮᠳᠡᠭ ᠲᠠᠯᠪᠢᠨ᠎ᠠ᠃ ᠵᠠᠮ ᠬᠠᠷᠢᠯᠴᠠᠭᠠᠨ ᠤ ᠠᠳᠡᠯ ᠭᠠᠷᠪᠠᠯ᠂ ᠲᠡᠷᠭᠡ ᠬᠦᠰᠭᠡ ᠶᠢᠨ | ᠡᠷᠭᠢᠨ ᠲᠣᠭᠤᠷᠢᠨ ᠳᠤ ᠰᠡᠷᠡᠮᠵᠢᠯᠡᠭᠦᠯᠬᠦ ᠲᠡᠮᠳᠡᠭ ᠲᠠᠯᠪᠢᠵᠦ᠂ ᠳᠠᠬᠢᠭᠠᠳ ᠠᠳᠡᠯ ᠭᠠᠷᠬᠤ ᠠᠴᠠ ᠵᠠᠶᠢᠯᠠᠰᠬᠢᠯᠭᠡᠬᠦ | ᠬᠡᠷᠡᠭᠲᠠᠢ᠃ | ︵7︶ ᠲᠡᠷᠭᠡᠨ ᠤ ᠫᠠᠶᠢᠰᠠ ᠶᠢ ᠴᠡᠭᠡᠵᠢᠯᠡᠵᠦ ᠠᠪᠬᠤ ᠬᠡᠷᠡᠭᠲᠠᠢ᠃ ᠬᠡᠷᠡᠭ ᠭᠠᠷᠭᠠᠭᠰᠠᠨ ᠲᠡᠷᠭᠡ | ᠲᠤᠲᠠᠭᠠᠬᠤ ᠳᠤ ᠬᠦᠷᠪᠡᠯ᠂ ᠬᠡᠷᠡᠭ ᠭᠠᠷᠭᠠᠭᠰᠠᠨ ᠲᠡᠷᠭᠡᠨ ᠤ ᠫᠠᠶᠢᠰᠠ ᠶᠢᠨ ᠨᠤᠮᠧᠷ᠂ ᠲᠡᠷᠭᠡᠨ ᠤ ᠬᠡᠯᠪᠡᠷᠢ᠂ ᠦᠡᠭᠭᠡ | ᠪᠤᠳᠤᠭ ᠵᠡᠷᠭᠡ ᠭᠤᠤᠯ ᠪᠤᠯᠬᠤ ᠤᠨᠴᠠᠯᠢᠭ ᠢ ᠨᠢ ᠴᠡᠭᠡᠵᠢᠯᠡᠵᠦ ᠠᠪᠬᠤ ᠬᠡᠷᠡᠭᠲᠠᠢ᠃ ᠬᠠᠯᠠᠭᠤᠮᠰᠤᠭ ᠰᠠᠨᠠᠭᠤᠯᠤᠮᠵᠢ | ᠰᠢᠷᠬᠠᠳᠤᠭᠰᠠᠳ ᠢ ᠠᠪᠤᠷᠠᠬᠤ᠃ ᠵᠠᠮ ᠬᠠᠷᠢᠯᠴᠠᠭᠠᠨ ᠤ ᠠᠳᠡᠯ ᠳᠤ ᠬᠦᠮᠥᠰ ᠰᠢᠷᠬᠠᠳᠤᠭᠰᠠᠨ ᠪᠤᠯ ᠰᠢᠷᠬᠠᠳᠤᠭᠰᠠᠳ ᠢ | ᠴᠠᠭ ᠲᠤᠬᠠᠢ ᠳᠤᠨᠢ ᠠᠪᠤᠷᠠᠬᠤ ᠶᠢᠨ ᠬᠠᠮᠲᠤ 120 ᠡᠮᠴᠢᠯᠡᠭᠡᠨ ᠤ ᠪᠠᠴᠢᠮ ᠠᠪᠤᠷᠠᠬᠤ ᠳ᠋ᠢᠶᠠᠩᠬᠤᠸᠠ ᠶᠢ ᠳᠠᠷᠤᠢ | ᠲᠦᠷᠭᠡᠨ ᠤᠲᠠᠰᠤᠳᠠᠬᠤ ᠬᠡᠷᠡᠭᠲᠠᠢ᠃ | |