ᠵᠠᠮ ᠬᠠᠷᠢᠯᠴᠠᠭᠠᠨ ᠤ ᠠᠳᠡᠯ ᠪᠤᠶᠤ ᠵᠠᠮ ᠬᠠᠷᠢᠯᠴᠠᠭᠠᠨ ᠤ ᠵᠢᠭᠤᠷᠠᠯᠳᠤᠭᠠᠨ ᠭᠠᠷᠴᠦ᠂ ᠪᠠᠶᠢᠳᠠᠯ ᠨᠢ ᠬᠦᠩᠭᠡᠨ ᠰᠢᠭ | ᠪᠣᠯ ᠨᠥᠬᠦᠷᠰᠡᠭ ᠢᠶᠠᠷ ᠵᠥᠪᠳᠡᠯᠴᠡᠭᠡᠳ ᠰᠢᠢᠳᠪᠦᠷᠢᠯᠡᠵᠦ ᠪᠣᠯᠤᠨ᠎ᠠ︔ ᠲᠦᠭᠰᠢᠭᠦᠷᠢ ᠮᠡᠳᠡᠭᠦᠯᠬᠦ ᠴᠢᠬᠤᠯᠠᠲᠠᠢ ᠪᠣᠯ | 122 ᠪᠤᠶᠤ 110 ᠲᠦᠭᠰᠢᠭᠦᠷᠢ ᠮᠡᠳᠡᠭᠦᠯᠬᠦ ᠳ᠋ᠢᠶᠠᠩᠬᠤᠸᠠ ᠶᠢ ᠤᠲᠠᠰᠤᠳᠠᠵᠦ ᠪᠤᠯᠤᠨ᠎ᠠ᠃ | ᠲᠦᠭᠰᠢᠭᠦᠷᠢ ᠮᠡᠳᠡᠭᠦᠯᠬᠦ ᠶᠡᠷᠦ ᠶᠢᠨ ᠮᠡᠳᠡᠯᠭᠡ | ︵1︶ ᠲᠦᠭᠰᠢᠭᠦᠷᠢ ᠶᠢ ᠴᠠᠭ ᠲᠤᠬᠠᠢ ᠳᠤᠨᠢ ᠮᠡᠳᠡᠭᠦᠯᠦᠨ᠎ᠡ᠃ | ︵2︶ ᠭᠠᠵᠠᠷ ᠢ ᠨᠢ ᠲᠣᠲᠣᠷᠬᠠᠢ ᠬᠡᠯᠡᠵᠦ ᠦᠭᠭᠦᠨ᠎ᠡ᠃ | ︵3︶ ᠠᠶᠤᠯ ᠤᠨ ᠪᠠᠶᠢᠳᠠᠯ ᠢ ᠲᠣᠳᠤᠷᠬᠠᠢ ᠬᠡᠯᠡᠵᠦ ᠦᠭᠭᠦᠨ᠎ᠡ᠃ ᠠᠳᠡᠯ ᠤᠨ ᠰᠢᠯᠲᠠᠭᠠᠨ ᠪᠠ ᠬᠦᠮᠦᠨ ᠬᠠᠷ᠎ᠠ᠂ | ᠮᠠᠰᠢᠨ ᠲᠡᠷᠭᠡᠨ ᠤ ᠭᠡᠮᠲᠦᠵᠦ ᠰᠦᠢᠳᠦᠭᠰᠡᠨ ᠪᠠᠶᠢᠳᠠᠯ ᠢ ᠮᠡᠳᠡᠭᠦᠯᠦᠨ᠎ᠡ᠃ | ︵4︶ ᠣᠪᠣᠭ ᠨᠡᠷ᠎ᠡ ᠪᠠᠨ ᠦᠯᠡᠳᠡᠭᠡᠨ᠎ᠡ᠃ | ︵5︶ ᠲᠤᠬᠠᠢ ᠶᠢᠨ ᠲᠠᠯᠠᠪᠠᠢ ᠶᠢ ᠬᠠᠮᠠᠭᠠᠯᠠᠨ᠎ᠠ᠃ ᠵᠠᠮ ᠬᠠᠷᠢᠯᠴᠠᠭᠠᠨ ᠤ ᠠᠳᠡᠯ ᠭᠠᠷᠤᠭᠰᠠᠨ ᠤ ᠲᠠᠷᠠᠭ᠎ᠠ᠂ | ᠬᠡᠷᠡᠭ ᠭᠠᠷᠭᠠᠭᠴᠢ ᠬᠢᠭᠡᠳ ᠡᠷᠬᠢᠨ ᠲᠣᠭᠤᠷᠢᠨ ᠳᠤ ᠪᠠᠶᠢᠭ᠎ᠠ ᠤᠯᠠᠨ ᠲᠦᠮᠡᠨ ᠲᠤᠬᠠᠢ ᠶᠢᠨ ᠲᠠᠯᠠᠪᠠᠢ ᠶᠢ ᠠᠯᠢ | ᠴᠢᠳᠠᠬᠤᠶᠢᠴᠠ ᠤᠤᠯ ᠤᠨ ᠬᠡᠪ ᠢᠶᠠᠷ ᠨᠢ ᠪᠠᠶᠢᠯᠭᠠᠬᠤ ᠪᠠᠷ ᠬᠠᠮᠠᠭᠠᠯᠠᠵᠤ᠂ ᠠᠷᠠᠳ ᠤᠨ ᠴᠠᠭᠳᠠᠭ᠎ᠠ ᠠᠳᠡᠯ | ᠰᠢᠢᠳᠪᠦᠷᠢᠯᠡᠬᠦ ᠳᠡᠭᠡᠨ ᠪᠤᠳᠠᠰ ᠤᠨ ᠭᠡᠷᠡᠴᠢ ᠴᠤᠭᠯᠠᠭᠤᠯᠵᠤ᠂ ᠠᠳᠡᠯ ᠤᠨ ᠰᠢᠨᠵᠢ ᠴᠢᠨᠠᠷ ᠢ ᠮᠠᠭᠠᠳᠯᠠᠬᠤ ᠳᠤ ᠳᠦᠭᠦᠮ | ᠦᠵᠡᠭᠦᠯᠬᠦ ᠬᠡᠷᠡᠭᠲᠡᠢ︔ ᠡᠭᠦᠨ ᠤ ᠬᠠᠮᠲᠤ ᠵᠠᠮ ᠬᠠᠷᠢᠯᠴᠠᠭᠠᠨ ᠤ ᠡᠮᠬᠢ ᠳᠢᠭᠯᠢᠮ ᠢ ᠠᠯᠢ ᠪᠣᠯᠬᠤᠶᠢᠴᠠ ᠬᠠᠷᠰᠢᠯᠠᠬᠤ | ᠦᠭᠡᠢ ᠪᠠᠶᠢᠬᠤ ᠶᠢ ᠠᠩᠬᠠᠷᠤᠨ᠎ᠠ᠃ ᠵᠠᠮ ᠬᠠᠷᠢᠯᠴᠠᠭ᠎ᠠ ᠶᠢ ᠬᠠᠷᠰᠢᠯᠠᠭᠰᠠᠨ ᠠᠴᠠ ᠪᠣᠯᠵᠤ ᠲᠤᠬᠠᠢ ᠶᠢᠨ ᠲᠠᠯᠠᠪᠠᠢ ᠶᠢ | ᠰᠢᠯᠵᠢᠭᠦᠯᠬᠦ ᠦᠭᠡᠢ ᠪᠠᠶᠢᠬᠤ ᠶᠢᠨ ᠠᠷᠭ᠎ᠠ ᠦᠭᠡᠢ ᠪᠣᠯ ᠤᠷᠢᠳᠠᠪᠡᠷ ᠠᠳᠡᠯ ᠭᠠᠷᠤᠭᠰᠠᠨ ᠲᠤᠬᠠᠢ ᠶᠢᠨ ᠲᠠᠯᠠᠪᠠᠢ ᠶᠢᠨ | ᠤᠷᠤᠨ ᠪᠠᠶᠢᠷᠢ ᠶᠢ ᠲᠡᠮᠳᠡᠭᠯᠡᠨ ᠲᠤᠲᠤᠷᠬᠠᠶᠢᠯᠠᠬᠤ᠂ ᠡᠰᠡᠬᠦᠯ᠎ᠡ ᠭᠠᠷ ᠤᠲᠠᠰᠤ ᠪᠤᠶᠤ ᠭᠡᠷᠡᠯ ᠵᠢᠷᠤᠭ ᠤᠨ ᠮᠠᠰᠢᠨ ᠢᠶᠠᠷ | ᠠᠳᠡᠯ ᠭᠠᠷᠤᠭᠰᠠᠨ ᠲᠤᠬᠠᠢ ᠶᠢᠨ ᠲᠠᠯᠠᠪᠠᠢ ᠶᠢᠨ ᠤᠷᠤᠨ ᠪᠠᠶᠢᠷᠢ ᠶᠢ ᠰᠡᠭᠦᠳᠡᠷᠯᠡᠵᠦ ᠠᠪᠤᠭᠠᠳ ᠬᠡᠷᠡᠭ ᠭᠠᠷᠤᠭᠰᠠᠨ | ᠮᠠᠰᠢᠨ ᠲᠡᠷᠭᠡ ᠪᠠᠨ ᠵᠠᠮ ᠬᠠᠷᠢᠯᠴᠠᠭ᠎ᠠ ᠶᠢ ᠬᠠᠷᠰᠢᠯᠠᠬᠤ ᠦᠭᠡᠢ ᠭᠠᠵᠠᠷ ᠲᠤ ᠰᠢᠯᠵᠢᠭᠦᠯᠦᠨ᠎ᠡ᠃ | ︵6︶ ᠰᠡᠷᠡᠮᠵᠢᠯᠡᠭᠦᠯᠬᠦ ᠲᠡᠮᠳᠡᠭ᠃ ᠵᠠᠮ ᠬᠠᠷᠢᠯᠴᠠᠭᠠᠨ ᠤ ᠠᠳᠡᠯ ᠭᠠᠷᠪᠠᠯ ᠮᠠᠰᠢᠨ ᠲᠡᠷᠭᠡᠨ ᠤ ᠪᠠᠨ ᠡᠷᠬᠢᠨ | ᠲᠣᠭᠤᠷᠢᠨ ᠳᠤ ᠰᠡᠷᠡᠮᠵᠢᠯᠡᠭᠦᠯᠬᠦ ᠲᠡᠮᠳᠡᠭ ᠲᠠᠯᠪᠢᠵᠤ᠂ ᠳᠠᠬᠢᠭᠠᠳ ᠠᠳᠡᠯ ᠪᠣᠯᠬᠤ ᠠᠴᠠ ᠵᠠᠶᠢᠯᠠᠰᠬᠢᠯᠭᠡᠬᠦ ᠬᠡᠷᠡᠭᠲᠡᠢ᠃ | ︵7︶ ᠲᠡᠷᠭᠡᠨ ᠤ ᠫᠠᠶᠢᠰᠠ ᠶᠢ ᠴᠡᠭᠡᠵᠢᠯᠡᠵᠦ ᠠᠪᠤᠨ᠎ᠠ᠃ ᠬᠡᠷᠡᠭ ᠭᠠᠷᠭᠠᠭᠰᠠᠨ ᠮᠠᠰᠢᠨ ᠲᠡᠷᠭᠡ ᠲᠤᠲᠠᠭᠠᠭᠰᠠᠨ | ᠪᠠᠶᠢᠪᠠᠯ᠂ ᠮᠠᠰᠢᠨ ᠲᠡᠷᠭᠡᠨ ᠤ ᠫᠠᠶᠢᠰᠠ᠂ ᠲᠡᠷᠭᠡᠨ ᠤ ᠬᠡᠯᠪᠡᠷᠢ᠂ ᠥᠩᠭᠡ ᠪᠤᠳᠤᠭ ᠵᠡᠷᠭᠡ ᠭᠤᠣᠯ ᠪᠣᠯᠬᠤ ᠣᠨᠴᠠᠯᠢᠭ ᠢ | ᠴᠡᠭᠡᠵᠢᠯᠡᠵᠦ ᠠᠪᠬᠤ ᠬᠡᠷᠡᠭᠲᠡᠢ᠃ ᠬᠠᠯᠠᠭᠤᠮᠰᠤᠭ ᠰᠠᠨᠠᠭᠤᠯᠤᠮᠵᠢ ᠰᠢᠷᠠᠭᠳᠤᠭᠰᠠᠳ ᠢ ᠠᠪᠤᠷᠠᠨ᠎ᠠ᠃ ᠵᠠᠮ | ᠬᠠᠷᠢᠯᠴᠠᠭᠠᠨ ᠤ ᠠᠳᠡᠯ ᠠᠴᠠ ᠪᠣᠯᠵᠤ ᠬᠥᠮᠥᠰ ᠰᠢᠷᠬᠠᠲᠤᠭᠰᠠᠨ ᠪᠣᠯ ᠰᠢᠷᠠᠭᠳᠤᠭᠰᠠᠳ ᠢ ᠴᠠᠭ ᠲᠣᠬᠠᠢ ᠳᠤᠨᠢ | ᠠᠪᠤᠷᠠᠬᠤ ᠶᠢᠨ ᠬᠠᠮᠲᠤ 120 ᠡᠮᠴᠢᠯᠡᠭᠡᠨ ᠤ ᠲᠦᠷᠭᠡᠨ ᠠᠪᠤᠷᠠᠬᠤ ᠳ᠋ᠢᠶᠠᠩᠬᠤᠸᠠ ᠶᠢ ᠳᠠᠷᠤᠢ ᠲᠦᠷᠭᠡᠨ | ᠤᠲᠠᠰᠤᠳᠠᠬᠤ ᠬᠡᠷᠡᠭᠲᠡᠢ᠃ | |