ᠴᠠᠬᠢᠯᠭᠠᠨ ᠭᠡᠷᠡᠭᠰᠡᠯ ᠤᠨ ᠭᠠᠯ ᠤᠨ ᠡ᠊ᠨᠳᠡᠯ ᠢ ᠬᠡᠷᠬᠢᠨ ᠦᠢᠯᠠᠭᠠᠬᠤ ᠪᠤᠢ
ᠨᠡᠶᠢᠲᠡᠯᠡᠭᠰᠡᠨ ᠴᠠᠭ᠄
2023/5/20
    ᠴᠠᠬᠢᠯᠭᠠᠨ ᠤᠳᠠᠰᠤ ᠶᠢ ᠤᠭᠰᠤᠷᠠᠭᠰᠠᠨ ᠨᠢ ᠲᠤᠬᠢᠷᠠᠮᠵᠢ ᠥᠭᠡᠢ ᠪᠤᠶᠤ ᠴᠠᠬᠢᠯᠭᠠᠨ ᠭᠡᠷᠡᠭᠰᠡᠯ ᠢ ᠬᠢᠴᠢᠶᠡᠮᠵᠢ ᠥᠭᠡᠢ ᠭᠡᠷᠡᠭᠯᠡᠭᠰᠡᠨ ᠠᠴᠠ ᠪᠤᠯᠵᠤ ᠴᠠᠬᠢᠯᠭᠠᠨ ᠠᠯᠳᠠᠵᠤ ᠭᠠᠯ ᠤᠨ ᠠᠶᠤᠯ ᠡᠬᠦᠰᠳᠡᠭ᠃     ᠪᠠᠴᠢᠮ ᠪᠠᠶᠢᠳᠠᠯ ᠢ ᠠᠷᠭᠠᠴᠠᠬᠤ ᠭᠤᠤᠯᠳᠠᠯᠭ᠎ᠠ     ○ ᠭᠡᠷ ᠤᠨ ᠲᠤᠳᠤᠷ᠎ᠠ ᠭᠡᠥᠷᠰᠢᠵᠤ ᠰᠢᠳᠠᠭᠳᠠᠭᠰᠠᠨ ᠥᠨᠥᠷ ᠥᠨᠥᠷᠳᠥᠭᠳᠡᠬᠦ᠂ ᠤᠳᠤᠭ᠎ᠠ ᠭᠠᠷᠬᠤ ᠪᠤᠶᠤ ᠴᠠᠬᠢᠯᠭᠠᠨ ᠠᠯᠳᠠᠬᠤ ᠵᠡᠷᠭᠡ ᠥᠵᠡᠭᠳᠡᠯ ᠡᠬᠦᠰᠪᠡᠯ ᠠᠯᠢᠪᠠ ᠴᠠᠬᠢᠯᠭᠠᠨ ᠢ ᠲᠠᠷᠦ᠋ᠢᠬᠠᠨ ᠲᠠᠰᠤᠯᠵᠤ ᠵᠤᠭᠰᠤᠭᠠᠨ᠂ ᠭᠠᠯ ᠤᠨ ᠠᠶᠤᠯ ᠡᠬᠦᠰᠬᠦ ᠠᠴᠠ ᠰᠡᠷᠭᠡᠶᠢᠯᠡᠨ᠎ᠡ᠃     ○ ᠭᠡᠷᠪᠡ ᠴᠠᠬᠢᠯᠭᠠᠨ ᠠᠴᠠ ᠭᠠᠯ ᠤᠨ ᠡ᠊ᠨᠳᠡᠯ ᠭᠠᠷᠪᠠᠯ᠂ ᠤᠷᠢᠳᠠᠪᠡᠷ ᠴᠠᠬᠢᠯᠭᠠᠨ ᠢ ᠲᠠᠰᠤᠯᠠᠨ ᠵᠤᠭᠰᠤᠭᠠᠵᠤ ᠲᠠᠷᠠᠭ᠎ᠠ ᠳᠤᠨᠢ ᠭᠠᠯ ᠤᠨᠳᠠᠷᠠᠭᠠᠨ᠎ᠠ᠃     ○ ᠴᠠᠬᠢᠯᠭᠠᠨ ᠢ ᠲᠠᠰᠤᠯᠵᠤ ᠵᠤᠭᠰᠤᠭᠠᠬᠤ ᠶᠢᠨ ᠠᠷᠭ᠎ᠠ ᠥᠭᠡᠢ ᠪᠤᠯᠪᠠᠯ ᠨᠡᠬᠦᠷᠡᠰᠥᠳᠦ᠋ᠷᠥᠭᠴᠢ ᠶᠢᠨ ᠲᠠᠪᠬᠤᠷ ᠢᠰᠥᠯ᠂ ᠬᠠᠭᠤᠷᠠᠢ ᠨᠤᠨᠳᠠᠭ ᠲᠠᠢ ᠭᠠᠯ ᠤᠨᠳᠠᠷᠠᠭᠠᠭᠤᠷ ᠢᠶᠠᠷ ᠤᠨᠳᠠᠷᠠᠭᠠᠬᠤ ᠭᠡᠷᠡᠭᠳᠡᠢ᠃     ○ ᠴᠠᠬᠢᠯᠭᠠᠨ ᠠᠴᠠ ᠡᠬᠦᠰᠥᠭᠰᠡᠨ ᠭᠠᠯ ᠢ ᠲᠡᠷᠡ ᠲᠤᠤᠷ᠎ᠠ ᠪᠠᠨ ᠤᠨᠳᠠᠷᠠᠭᠠᠬᠤ ᠶᠢᠨ ᠠᠷᠭ᠎ᠠ ᠥᠭᠡᠢ ᠪᠤᠯᠪᠠᠯ ᠥᠳᠳᠡᠷ ᠲᠥᠷᠭᠡᠨ ᠢᠶᠠᠷ ᠭᠠᠯ ᠤᠨᠳᠠᠷᠠᠭᠠᠬᠤ ᠴᠠᠭᠳᠠᠭ᠎ᠠ ᠳᠤ ᠮᠡᠳᠡᠭᠦᠯᠦᠨ᠎ᠠ᠃    ᠲᠤᠰᠬᠠᠢ ᠮᠡᠷᠭᠡᠵᠢᠯᠳᠡᠨ ᠤ ᠰᠠᠨᠠᠭᠤᠯᠤᠮᠵᠢ    ◇ ᠴᠠᠬᠢᠯᠭᠠᠨ ᠭᠡᠷᠡᠭᠰᠡᠯ ᠲᠥᠬᠦᠭᠡᠷᠥᠮᠵᠢ ᠶᠢ ᠤᠭᠰᠤᠷᠠᠬᠤ ᠪᠠ ᠵᠠᠰᠠᠬᠤ ᠳᠤ ᠴᠠᠬᠢᠯᠭᠠᠨ ᠤ ᠠᠵᠢᠯᠳᠠᠨ ᠢ ᠤᠷᠢᠵᠤ᠂ ᠲᠤᠷ᠎ᠠ ᠪᠠᠷ ᠢᠶᠠᠨ ᠤᠳᠠᠰᠤ ᠵᠠᠯᠭᠠᠬᠤ᠂ ᠬᠢᠷᠢ ᠳᠤ ᠲᠡᠩᠴᠡᠬᠦ ᠥᠭᠡᠢ ᠴᠠᠬᠢᠯᠭᠠᠨ ᠭᠡᠷᠡᠭᠰᠡᠯ ᠢ ᠭᠡᠷᠡᠭᠯᠡᠬᠦ ᠪᠠ ᠬᠢᠷᠢ ᠳᠤ ᠲᠡᠩᠴᠡᠬᠦ ᠥᠭᠡᠢ ᠬᠠᠮᠠᠭᠠᠯᠠᠭᠤᠷ ᠤᠨ ᠲᠤᠨᠤᠭᠯᠠᠯ ᠭᠡᠷᠡᠭᠯᠡᠬᠦ ᠶᠢ ᠡᠷᠡᠰ ᠴᠠᠭᠠᠵᠠᠯᠠᠬᠤ ᠶᠢ ᠪᠠᠷᠢᠮᠳᠠᠯᠠᠨ᠎ᠠ᠃     ◇ ᠭᠡᠷ ᠲᠤᠳᠤᠷ᠎ᠠ ᠪᠠᠨ ᠴᠠᠬᠢᠯᠭᠠᠨ ᠤ ᠤᠳᠠᠰᠤ ᠲᠠᠳᠠᠬᠤ ᠳᠠᠭᠠᠨ ᠤᠯᠠᠨ ᠰᠠᠯᠭᠠᠨ ᠲᠠᠳᠠᠬᠤ ᠭᠡᠷᠡᠭᠳᠡᠢ᠂ ᠤᠨᠴᠠᠭᠠᠢᠢᠯᠠᠨ ᠴᠠᠬᠢᠯᠭᠠᠨ ᠬᠥᠳᠡᠯᠭᠡᠬᠦᠷ᠂ ᠴᠠᠬᠢᠯᠭᠠᠨ ᠢᠶᠠᠷ ᠤᠰᠤ ᠬᠠᠯᠠᠭᠠᠬᠤ ᠭᠡᠷᠡᠭᠰᠡᠯ᠂ ᠠᠭᠠᠷ ᠲᠤᠬᠢᠷᠠᠭᠤᠯᠤᠭᠴᠢ ᠵᠡᠷᠭᠡ ᠲᠤᠮᠤ ᠴᠢᠳᠠᠮᠵᠢ ᠲᠠᠢ ᠴᠠᠬᠢᠯᠭᠠᠨ ᠭᠡᠷᠡᠭᠰᠡᠯ ᠤᠳ ᠲᠤ ᠲᠤᠰᠠᠭᠠᠷ ᠤᠳᠠᠰᠤ ᠲᠠᠳᠠᠬᠤ ᠪᠥᠭᠡᠳ ᠲᠤᠰᠬᠠᠢ ᠭᠤᠤᠷᠰᠤ ᠭᠡᠷᠡᠭᠯᠡᠨ᠂ ᠴᠠᠬᠢᠯᠭᠠᠨ ᠤ ᠤᠳᠠᠰᠤᠨ ᠤ ᠵᠠᠯᠭᠠᠰᠤ ᠶᠢ ᠨᠢ ᠬᠠᠶᠢᠷᠴᠠᠭ ᠲᠤᠳᠤᠷ᠎ᠠ ᠪᠠᠶᠢᠯᠭᠠᠬᠤ ᠭᠡᠷᠡᠭᠳᠡᠢ᠃     ◇ ᠲᠤᠮᠤ ᠴᠢᠳᠠᠮᠵᠢ ᠲᠠᠢ ᠴᠠᠬᠢᠯᠭᠠᠨ ᠭᠡᠷᠡᠭᠰᠡᠯ ᠳᠤ ᠭᠡᠷᠡᠭᠯᠡᠬᠦ ᠴᠠᠬᠢᠯᠭᠠᠨ ᠢ ᠴᠠᠭ ᠤᠨ ᠲᠠᠯ᠎ᠠ ᠪᠠᠷ ᠴᠢᠳᠠᠬᠤ ᠶᠢᠨ ᠲᠤᠳᠤᠷ᠎ᠠ ᠵᠥᠷᠢᠬᠦᠯᠥᠨ ᠭᠡᠷᠡᠭᠯᠡᠵᠤ᠂ ᠴᠠᠬᠢᠯᠭᠠᠨ ᠤ ᠤᠳᠠᠰᠤ ᠨᠢ ᠬᠠᠭᠤᠴᠢᠷᠠᠭᠰᠠᠨ ᠪᠠᠶᠢᠪᠠᠯ ᠲᠠᠷᠦ᠋ᠢᠬᠠᠨ ᠰᠤᠯᠢᠵᠤ᠂ ᠬᠠᠭᠤᠴᠢᠷᠠᠭᠰᠠᠨ ᠴᠠᠬᠢᠯᠭᠠᠨ ᠭᠡᠷᠡᠭᠰᠡᠯ ᠢᠶᠠᠨ ᠲᠥᠷᠭᠡᠨ ᠰᠤᠯᠢᠬᠤ ᠨᠢ ᠴᠢᠬᠤᠯᠨ᠃     ◇ ᠭᠡᠷ ᠤᠨ ᠴᠠᠬᠢᠯᠭᠠᠨ ᠭᠡᠷᠡᠭᠰᠡᠯ ᠢ ᠲᠠᠭᠠᠭᠠᠴᠠ ᠠᠴᠠ ᠨᠢ ᠭᠡᠳᠥᠷᠡᠳᠡᠯ᠎ᠡ ᠭᠡᠷᠡᠭᠯᠡᠬᠦ ᠶᠢ ᠡᠷᠡᠰ ᠬᠤᠷᠢᠭᠯᠠᠵᠤ᠂ ᠴᠠᠬᠢᠯᠭᠠᠨ ᠢᠯᠢᠬᠦᠷ᠂ ᠴᠠᠬᠢᠯᠭᠠᠨ ᠴᠤᠮᠤ᠂ ᠴᠠᠬᠢᠯᠭᠠᠨ ᠵᠤᠤᠬ᠎ᠠ᠂ ᠴᠠᠬᠢᠯᠭᠠᠨ ᠲᠤᠯᠠᠭᠠᠭᠤᠷ ᠵᠡᠷᠭᠡ ᠲᠤᠮᠤ ᠴᠢᠳᠠᠮᠵᠢ ᠲᠠᠢ ᠴᠠᠬᠢᠯᠭᠠᠨ ᠭᠡᠷᠡᠭᠰᠡᠯ ᠢ ᠭᠡᠷᠡᠭᠯᠡᠵᠤ ᠪᠠᠶᠢᠭ᠎ᠠ ᠥᠶ᠎ᠡ ᠳᠤ ᠬᠠᠵᠠᠭᠤ ᠳᠤᠨᠢ ᠵᠠᠪᠠᠯ ᠬᠥᠮᠥᠨ ᠬᠠᠷᠠᠵᠤ ᠪᠠᠶᠢᠬᠤ ᠭᠡᠷᠡᠭᠳᠡᠢ᠃    ◇ ᠴᠠᠬᠢᠯᠭᠠᠨ ᠤᠳᠠᠰᠤ᠂ ᠴᠠᠬᠢᠯᠭᠠᠨ ᠭᠡᠷᠡᠭᠰᠡᠯ ᠢ ᠥᠨᠳᠥᠷ ᠬᠠᠯᠠᠭᠤᠨ ᠤ ᠪᠤᠳᠠᠰ ᠯᠤᠭ᠎ᠠ ᠤᠢᠢᠷᠠᠳᠤᠭᠤᠯᠬᠤ ᠶᠢ ᠴᠡᠭᠡᠷᠯᠡᠵᠤ᠂ ᠠᠮᠠᠷᠬᠠᠨ ᠨᠤᠴᠤᠵᠤ ᠰᠢᠳᠠᠬᠤ ᠪᠤᠳᠠᠰ ᠠᠴᠠ ᠴᠢᠳᠠᠬᠤ ᠶᠢᠨ ᠲᠤᠳᠤᠷ᠎ᠠ ᠬᠤᠯᠠ ᠪᠠᠶᠢᠯᠭᠠᠨ᠎ᠠ᠃     ◇ ᠬᠥᠮᠥᠰ ᠡᠳᠥᠷ ᠲᠤᠳᠤᠮ ᠤᠨ ᠠᠮᠢᠳᠤᠷᠠᠯ ᠳᠠᠭᠠᠨ ᠭᠡᠷ ᠠᠴᠠ ᠪᠠᠨ ᠭᠠᠷᠴᠤ ᠶᠠᠪᠤᠪᠠᠯ ᠴᠠᠬᠢᠯᠭᠠᠨ ᠢ ᠲᠠᠰᠤᠯᠵᠤ ᠵᠤᠭᠰᠤᠭᠠᠬᠤ ᠰᠠᠶᠢᠬᠠᠨ ᠲᠠᠳᠬᠠᠯ ᠲᠠᠢ ᠪᠠᠶᠢᠬᠤ ᠭᠡᠷᠡᠭᠳᠡᠢ᠂ ᠴᠠᠬᠢᠯᠭᠠᠨ ᠵᠤᠭᠰᠤᠭᠰᠠᠨ ᠥᠶ᠎ᠡ ᠳᠤ ᠴᠤ ᠭᠡᠳ ᠴᠠᠬᠢᠯᠭᠠᠨ ᠢᠶᠠᠨ ᠲᠥᠷ ᠴᠠᠭ ᠲᠠᠰᠤᠯᠬᠤ ᠭᠡᠷᠡᠭᠳᠡᠢ ᠃  
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1