2023 ᠣᠨ ᠤ 1 ︱ 2 ᠳ᠋ᠤᠭᠠᠷ ᠰᠠᠷ᠎ᠠ ᠶᠢᠨ ᠪᠥᠬᠦ ᠲᠣᠭᠤᠷᠢᠭ ᠤᠨ ᠠᠵᠤ ᠠᠬᠤᠢ ᠶᠢᠨ ᠠᠵᠢᠯᠯᠠᠭᠠᠨ ᠤ ᠪᠠᠶᠢᠳᠠᠯ
ᠨᠡᠶᠢᠲᠡᠯᠡᠭᠰᠡᠨ ᠴᠠᠭ᠄
2023/5/21
    ᠨᠢᠭᠡᠳᠤᠭᠡᠷ ᠲᠤ ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠦᠢᠯᠡᠳᠬᠦᠨ ᠤ ᠥᠷᠲᠡᠭ᠂ ᠨᠡᠮᠡᠭᠳᠡᠯ ᠥᠷᠲᠡᠭ ᠤᠨ ᠨᠡᠮᠡᠭᠳᠡᠯ ᠤᠨ ᠬᠤᠷᠳᠤᠴᠠ ᠨᠡᠯᠢᠶᠡᠳ ᠳᠣᠣᠷ᠎ᠠ ᠪᠠᠶᠢᠬᠤ    1—2 ᠰᠠᠷ᠎ᠠ ᠳᠤ᠂ ᠲᠣᠭᠲᠠᠭᠠᠭᠰᠠᠨ ᠠᠵᠤ ᠦᠢᠯᠡᠳᠪᠦᠷᠢ ᠶᠢᠨ ᠪᠡᠶᠡᠯᠡᠭᠦᠯᠦᠭᠰᠡᠨ ᠦᠢᠯᠡᠳᠬᠦᠨ ᠤ ᠥᠷᠲᠡᠭ ᠎ ᠨᠢ 37.49 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 0.7%  ᠪᠠᠭᠤᠷᠠᠵᠤ᠂ ᠨᠡᠮᠡᠭᠳᠡᠯ ᠥᠷᠲᠡᠭ ᠤᠨ ᠨᠡᠮᠡᠭᠳᠡᠯ ᠤᠨ ᠬᠤᠷᠳᠤᠴᠠ ᠠᠳᠠᠯᠢ ᠬᠤᠭᠤᠴᠠᠭᠠᠨ ᠤ ᠬᠢ ᠠᠴᠠ 12.3%ᠳᠤᠷᠤᠭᠰᠢᠯᠠᠪᠠ᠃    ︵ ᠨᠢᠭᠡ︶ ᠲᠣᠭᠤᠷᠢᠭ ᠲᠤ ᠰᠠᠭᠤᠭ᠎ᠠ ᠠᠵᠤ ᠠᠬᠤᠶᠢᠯᠠᠯ᠃    1—2 ᠰᠠᠷ᠎ᠠ ᠳᠤ᠂ ᠫᠢᠩ ᠮᠧᠶ ᠪᠦᠯᠦᠭᠯᠡᠯ᠂ ᠶᠤᠸᠠᠨ ᠪᠦᠦ ᠱᠠᠨ ᠤ ᠴᠠᠬᠢᠯᠭᠠᠨ ᠭᠠᠷᠭᠠᠬᠤ ᠦᠢᠯᠡᠳᠪᠦᠷᠢ ᠶᠢᠨ ᠲᠣᠭᠤᠷᠢᠭ ᠲᠤ ᠰᠠᠭᠤᠭ᠎ᠠ ᠬᠤᠶᠠᠷ ᠠᠵᠤ ᠠᠬᠤᠶᠢᠯᠠᠯ ᠠᠵᠤ ᠦᠢᠯᠡᠰ ᠤᠨ ᠠᠵᠤ ᠦᠢᠯᠡᠳᠪᠦᠷᠢ ᠶᠢᠨ ᠦᠢᠯᠡᠳᠬᠦᠨ ᠤ ᠥᠷᠲᠡᠭ ᠨᠢ 10.18 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 23.8% ᠪᠠᠭᠤᠷᠠᠵᠤ᠂ ᠶᠡᠷᠦᠩᠬᠡᠢ ᠬᠡᠮᠵᠢᠶ᠎ᠡ ᠨᠢ ᠲᠣᠭᠲᠠᠭᠠᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠦᠢᠯᠡᠳᠬᠦᠨ ᠤ ᠥᠷᠲᠡᠭ ᠤᠨ 27.2%᠎ ᠢ ᠡᠵᠡᠯᠡᠵᠦ᠂ ᠲᠣᠭᠲᠠᠭᠠᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠦᠢᠯᠡᠳᠬᠦᠨ ᠤ ᠥᠷᠲᠡᠭ ᠤᠨ ᠨᠡᠮᠡᠭᠳᠡᠯ ᠤᠨ ᠬᠤᠷᠳᠤᠴᠠ ᠶᠢ 17.0 ᠵᠠᠭᠤᠨ ᠤ ᠨᠢᠭᠡᠴᠢ ᠪᠠᠭᠤᠷᠠᠭᠤᠯᠪᠠ᠃    ︵ᠬᠤᠶᠠᠷ︶ ᠨᠡᠭᠡᠭᠡᠯᠲᠡ ᠶᠢᠨ ᠲᠣᠭᠤᠷᠢᠭ᠂ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠠᠵᠤ ᠠᠬᠤᠶᠢᠯᠠᠯ᠃    1—2 ᠰᠠᠷ᠎ᠠ ᠳᠤ᠂ ᠶᠤᠸᠠᠨ ᠪᠦᠦ ᠱᠠᠨ ᠠᠵᠤ ᠦᠢᠯᠡᠰ ᠤᠨ ᠬᠦᠷᠢᠶᠡᠯᠡᠩ ᠤᠨ ᠠᠵᠤ ᠠᠬᠤᠶᠢᠯᠠᠯ ᠤᠨ ᠠᠵᠤ ᠦᠢᠯᠡᠳᠪᠦᠷᠢ ᠶᠢᠨ ᠦᠢᠯᠡᠳᠬᠦᠨ ᠤ ᠥᠷᠲᠡᠭ ᠨᠢ 21.78 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 11.1% ᠨᠡᠮᠡᠭᠳᠡᠵᠦ ᠂ ᠶᠡᠷᠦᠩᠬᠡᠢ ᠬᠡᠮᠵᠢᠶ᠎ᠡ ᠨᠢ ᠲᠣᠭᠲᠠᠭᠠᠯ ᠎ ᠠᠴᠠ ᠳᠡᠭᠡᠭᠰᠢᠬᠢ ᠠᠵᠤ ᠦᠢᠯᠡᠳᠪᠦᠷᠢ ᠶᠢᠨ ᠦᠢᠯᠡᠳᠬᠦᠨ ᠤ ᠥᠷᠲᠡᠭ ᠤᠨ 58.1%᠎ ᠶᠢ ᠡᠵᠡᠯᠡᠵᠦ᠂ ᠲᠣᠭᠲᠠᠭᠠᠯ ᠎ ᠠᠴᠠ ᠳᠡᠭᠡᠭᠰᠢᠬᠢ ᠠᠵᠤ ᠦᠢᠯᠡᠳᠪᠦᠷᠢ ᠶᠢᠨ ᠦᠢᠯᠡᠳᠬᠦᠨ ᠤ ᠥᠷᠲᠡᠭ ᠤᠨ ᠨᠡᠮᠡᠭᠳᠡᠯ ᠤᠨ ᠬᠤᠷᠳᠤᠴᠠ ᠶᠢ 5.8 ᠵᠠᠭᠤᠨ ᠤ ᠨᠢᠭᠡᠴᠢ ᠳᠡᠭᠡᠭᠰᠢᠯᠡᠭᠦᠯᠪᠡ᠃ ᠳ᠋ᠦᠩᠱᠠᠨ ᠠᠵᠤ ᠦᠢᠯᠡᠰ ᠤᠨ ᠬᠦᠷᠢᠶᠡᠯᠡᠩ ᠤᠨ ᠠᠵᠤ ᠠᠬᠤᠶᠢᠯᠠᠯ ᠤᠨ ᠠᠵᠤ ᠦᠢᠯᠡᠳᠪᠦᠷᠢ ᠶᠢᠨ ᠦᠢᠯᠡᠳᠬᠦᠨ ᠤ ᠥᠷᠲᠡᠭ ᠨᠢ 2.29 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 151.1% ᠨᠡᠮᠡᠭᠳᠡᠵᠦ ᠂ ᠶᠡᠷᠦᠩᠬᠡᠢ ᠬᠡᠮᠵᠢᠶ᠎ᠡ ᠨᠢ ᠲᠣᠭᠲᠠᠭᠠᠯ ᠎ ᠠᠴᠠ ᠳᠡᠭᠡᠭᠰᠢᠬᠢ ᠠᠵᠤ ᠦᠢᠯᠡᠳᠪᠦᠷᠢ ᠶᠢᠨ ᠦᠢᠯᠡᠳᠬᠦᠨ ᠤ ᠥᠷᠲᠡᠭ ᠤᠨ 6.1%᠎ ᠶᠢ ᠡᠵᠡᠯᠡᠵᠦ᠂ ᠲᠣᠭᠲᠠᠭᠠᠯ ᠎ ᠠᠴᠠ ᠳᠡᠭᠡᠭᠰᠢᠬᠢ ᠠᠵᠤ ᠦᠢᠯᠡᠳᠪᠦᠷᠢ ᠶᠢᠨ ᠦᠢᠯᠡᠳᠬᠦᠨ ᠤ ᠥᠷᠲᠡᠭ ᠤᠨ ᠨᠡᠮᠡᠭᠳᠡᠯ ᠤᠨ ᠬᠤᠷᠳᠤᠴᠠ ᠶᠢ 3.6 ᠵᠠᠭᠤᠨ ᠤ ᠨᠢᠭᠡᠴᠢ ᠳᠡᠭᠡᠭᠰᠢᠯᠡᠭᠦᠯᠪᠡ᠃ ᠠᠵᠤ ᠦᠢᠯᠡᠰ ᠤᠨ ᠬᠦᠷᠢᠶᠡᠯᠡᠩ ᠤᠨ ᠭᠤᠣᠯ ᠠᠵᠤ ᠠᠬᠤᠶᠢᠯᠠᠯ ᠤᠨ ᠠᠵᠤ ᠦᠢᠯᠡᠳᠪᠦᠷᠢ ᠶᠢᠨ ᠦᠢᠯᠡᠳᠬᠦᠨ ᠤ ᠥᠷᠲᠡᠭ 2.36 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 16.8%᠎  ᠪᠠᠭᠤᠷᠠᠵᠤ᠂ ᠶᠡᠷᠦᠩᠬᠡᠢ ᠬᠡᠮᠵᠢᠶ᠎ᠡ ᠨᠢ ᠲᠣᠭᠲᠠᠭᠠᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠦᠢᠯᠡᠳᠬᠦᠨ ᠤ ᠥᠷᠲᠡᠭ ᠤᠨ 6.3%᠎ ᠶᠢ ᠡᠵᠡᠯᠡᠵᠦ᠂ ᠲᠣᠭᠲᠠᠭᠠᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠦᠢᠯᠡᠳᠬᠦᠨ ᠤ ᠥᠷᠲᠡᠭ ᠤᠨ ᠨᠡᠮᠡᠭᠳᠡᠯ ᠤᠨ ᠬᠤᠷᠳᠤᠴᠠ ᠶᠢ 1.3 ᠵᠠᠭᠤᠨ ᠤ ᠨᠢᠭᠡᠴᠢ ᠪᠠᠭᠤᠷᠠᠭᠤᠯᠪᠠ᠃    ︵ᠭᠤᠷᠪᠠ︶ ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠠᠵᠤ ᠠᠬᠤᠶᠢᠯᠠᠯ ᠃    1—2 ᠰᠠᠷ᠎ᠠ ᠳᠤ᠂ ᠦᠢᠯᠡᠳᠬᠦᠨ ᠤ ᠥᠷᠲᠡᠭ ᠨᠢ ᠳ᠋ᠦᠩᠰᠢᠭᠤᠷ ᠢ ᠳᠠᠪᠠᠭᠰᠠᠨ ᠠᠵᠤ ᠦᠢᠯᠡᠳᠪᠦᠷᠢ ᠶᠢᠨ ᠠᠵᠤ ᠠᠬᠤᠶᠢᠯᠠᠯ 8 ᠭᠡᠷ ᠪᠣᠯᠵᠤ᠂ ᠠᠵᠤ ᠦᠢᠯᠡᠳᠪᠦᠷᠢ ᠶᠢᠨ ᠦᠢᠯᠡᠳᠬᠦᠨ ᠤ ᠥᠷᠲᠡᠭ ᠨᠢ 33.50 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 0.1% ᠨᠡᠮᠡᠭᠳᠡᠵᠦ ᠂ ᠶᠡᠷᠦᠩᠬᠡᠢ ᠬᠡᠮᠵᠢᠶ᠎ᠡ ᠨᠢ ᠲᠣᠭᠲᠠᠭᠠᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠦᠢᠯᠡᠳᠬᠦᠨ ᠤ ᠥᠷᠲᠡᠭ ᠤᠨ 89.4%᠎ ᠶᠢ ᠡᠵᠡᠯᠡᠵᠦ᠂ ᠲᠣᠭᠲᠠᠭᠠᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠦᠢᠯᠡᠳᠬᠦᠨ ᠤ ᠥᠷᠲᠡᠭ ᠤᠨ ᠨᠡᠮᠡᠭᠳᠡᠯ ᠤᠨ ᠬᠤᠷᠳᠤᠴᠠ ᠶᠢ 0.1 ᠵᠠᠭᠤᠨ ᠤ ᠨᠢᠭᠡᠴᠢ ᠳᠡᠭᠡᠭᠰᠢᠯᠡᠭᠦᠯᠪᠡ᠃    ︵ᠳᠥᠷᠪᠡ︶ ᠭᠤᠷᠪᠠᠨ ᠶᠡᠭᠡ ᠭᠤᠣᠯ ᠠᠵᠢᠯ ᠲᠥᠷᠥᠯ᠃    1—2 ᠰᠠᠷ᠎ᠠ ᠳᠤ᠂ ᠡᠨᠧᠷᠭᠢ ᠶᠢᠨ ᠰᠤᠷᠪᠤᠯᠵᠢ᠂ ᠢᠳᠡᠭᠡᠨ ᠤ ᠵᠦᠢᠯ ᠤᠨ ᠪᠣᠯᠪᠠᠰᠤᠷᠠᠭᠤᠯᠤᠯᠲᠠ᠂ ᠬᠢᠮᠢ ᠶᠢᠨ ᠠᠵᠤ ᠦᠢᠯᠡᠳᠪᠦᠷᠢ ᠶᠢᠨ ᠠᠵᠢᠯ ᠲᠥᠷᠥᠯ ᠤᠨ ᠦᠢᠯᠡᠳᠬᠦᠨ ᠤ ᠥᠷᠲᠡᠭ ᠨᠢ 36.98 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 0.6% ᠪᠡ᠊ ᠪᠠᠭᠤᠷᠠᠵᠤ᠂ ᠶᠡᠷᠦᠩᠬᠡᠢ ᠬᠡᠮᠵᠢᠶ᠎ᠡ ᠨᠢ ᠲᠣᠭᠲᠠᠭᠠᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠦᠢᠯᠡᠳᠬᠦᠨ ᠤ ᠥᠷᠲᠡᠭ ᠤᠨ 98.7%᠎ ᠶᠢ ᠡᠵᠡᠯᠡᠵᠦ᠂ ᠲᠣᠭᠲᠠᠭᠠᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠦᠢᠯᠡᠳᠬᠦᠨ ᠤ ᠥᠷᠲᠡᠭ ᠤᠨ ᠨᠡᠮᠡᠭᠳᠡᠯ ᠤᠨ ᠬᠤᠷᠳᠤᠴᠠ ᠶᠢ 0.5 ᠵᠠᠭᠤᠨ ᠤ ᠨᠢᠭᠡᠴᠢ ᠪᠠᠭᠤᠷᠠᠭᠤᠯᠪᠠ᠃ ᠡᠭᠦᠨ ᠳᠤ᠄ ᠡᠨᠧᠷᠭᠢ ᠶᠢᠨ ᠠᠵᠢᠯ ᠲᠥᠷᠥᠯ ᠤᠨ ᠦᠢᠯᠡᠳᠬᠦᠨ ᠤ ᠥᠷᠲᠡᠭ ᠨᠢ 13.77 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠎ ᠬᠢ ᠠᠴᠠ 11.8%᠎ ᠪᠠᠷ ᠪᠠᠭᠤᠷᠠᠵᠤ᠂ ᠶᠡᠷᠦᠩᠬᠡᠢ ᠬᠡᠮᠵᠢᠶ᠎ᠡ ᠨᠢ ᠲᠣᠭᠲᠠᠭᠠᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠦᠢᠯᠡᠳᠬᠦᠨ ᠤ ᠥᠷᠲᠡᠭ ᠤᠨ 36.7%᠎ ᠶᠢ ᠡᠵᠡᠯᠡᠵᠦ᠂ ᠲᠣᠭᠲᠠᠭᠠᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠦᠢᠯᠡᠳᠬᠦᠨ ᠤ ᠥᠷᠲᠡᠭ ᠤᠨ ᠨᠡᠮᠡᠭᠳᠡᠯ ᠤᠨ ᠬᠤᠷᠳᠤᠴᠠ ᠶᠢ 4.9 ᠵᠠᠭᠤᠨ ᠤ ᠨᠢᠭᠡᠴᠢ ᠪᠠᠭᠤᠷᠠᠭᠤᠯᠪᠠ︔ ᠢᠳᠡᠭᠡᠨ ᠪᠣᠯᠪᠠᠰᠤᠷᠠᠭᠤᠯᠬᠤ ᠠᠵᠢᠯ ᠲᠥᠷᠥᠯ ᠤᠨ ᠦᠢᠯᠡᠳᠬᠦᠨ ᠤ ᠥᠷᠲᠡᠭ ᠨᠢ 11.86 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 4.2%᠎  ᠪᠠᠭᠤᠷᠠᠵᠤ᠂ ᠶᠡᠷᠦᠩᠬᠡᠢ ᠬᠡᠮᠵᠢᠶ᠎ᠡ ᠨᠢ ᠲᠣᠭᠲᠠᠭᠠᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠦᠢᠯᠡᠳᠬᠦᠨ ᠤ ᠥᠷᠲᠡᠭ ᠤᠨ 31.6%᠎ ᠶᠢ ᠡᠵᠡᠯᠡᠵᠦ᠂ ᠲᠣᠭᠲᠠᠭᠠᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠦᠢᠯᠡᠳᠬᠦᠨ ᠤ ᠥᠷᠲᠡᠭ ᠤᠨ ᠨᠡᠮᠡᠭᠳᠡᠯ ᠤᠨ ᠬᠤᠷᠳᠤᠴᠠ ᠶᠢ 1.4 ᠵᠠᠭᠤᠨ ᠤ ᠨᠢᠭᠡᠴᠢ ᠪᠠᠭᠤᠷᠠᠭᠤᠯᠪᠠ︔ ᠬᠢᠮᠢ ᠶᠢᠨ ᠠᠵᠤ ᠦᠢᠯᠡᠳᠪᠦᠷᠢ ᠶᠢᠨ ᠠᠵᠢᠯ ᠲᠦᠷᠦᠯ ᠤᠨ ᠦᠢᠯᠡᠳᠬᠦᠨ ᠤ ᠦᠷᠳᠡᠭ ᠨᠢ 11.35 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 23.6% ᠨᠡᠮᠡᠭᠳᠡᠵᠦ᠂ ᠶᠡᠷᠦᠩᠬᠡᠢ ᠬᠡᠮᠵᠢᠶ᠎ᠡ ᠨᠢ ᠲᠣᠭᠲᠠᠭᠠᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠦᠢᠯᠡᠳᠬᠦᠨ ᠤ ᠦᠷᠳᠡᠭ ᠤᠨ 30.3%᠎ ᠢ ᠡᠵᠡᠯᠡᠵᠦ ᠂ ᠲᠣᠭᠲᠠᠭᠠᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠦᠢᠯᠡᠳᠬᠦᠨ ᠤ ᠦᠷᠳᠡᠭ ᠤᠨ ᠨᠡᠮᠡᠭᠳᠡᠯ ᠤᠨ ᠬᠤᠷᠳᠤᠴᠠ ᠶᠢ ᠵᠠᠭᠤᠨ ᠤ ᠬᠠᠷᠢᠴᠠᠯ ᠢᠶᠠᠷ 5.7 ᠬᠤᠪᠢ ᠨᠡᠮᠡᠭᠳᠡᠭᠦᠯᠵᠡᠢ ᠃    ︵ᠲᠠᠪᠤ ︶ ᠭᠤᠣᠯ ᠪᠣᠯᠬᠤ ᠠᠵᠤ ᠦᠢᠯᠡᠳᠪᠦᠷᠢ ᠶᠢᠨ ᠦᠢᠯᠡᠳᠬᠦᠨ ᠤ ᠭᠠᠷᠤᠯᠲᠠ ᠶᠢᠨ ᠬᠡᠮᠵᠢᠶ᠎ᠡ ᠃    1—2 ᠰᠠᠷ᠎ᠠ ᠳᠤ᠂ ᠨᠡᠭᠦᠷᠡᠰᠦᠨ ᠤ ᠭᠠᠷᠤᠯᠲᠠ 226.0 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 18.5%᠎ ᠪᠠᠷ ᠪᠠᠭᠤᠷᠠᠪᠠ᠂ ᠡᠭᠦᠨ ᠳᠤ᠄ ᠡᠩ ᠤᠨ ᠨᠡᠭᠦᠷᠡᠰᠦᠨ ᠤ ᠪᠦᠯᠦᠭᠯᠡᠯ ᠤᠨ ᠨᠡᠭᠦᠷᠡᠰᠦᠨ ᠤ ᠭᠠᠷᠤᠯᠲᠠ ᠨᠢ 219.8 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 18.4%᠎ ᠪᠠᠷ ᠪᠠᠭᠤᠷᠠᠪᠠ︔ ᠴᠠᠬᠢᠯᠭᠠᠨ ᠭᠠᠷᠭᠠᠭᠰᠠᠨ ᠬᠡᠮᠵᠢᠶ᠎ᠡ ᠨᠢ 19.14 ᠳ᠋ᠦᠩᠰᠢᠭᠤᠷ ᠺᠢᠯᠣᠸᠠᠲ ᠴᠠᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 26.2%᠎ ᠪᠠᠷ ᠨᠡᠮᠡᠭᠳᠡᠪᠡ᠂ ᠡᠭᠦᠨ ᠳᠤ᠄ ᠶᠤᠸᠠᠨ ᠪᠦᠦ ᠱᠠᠨ ᠤ ᠴᠠᠬᠢᠯᠭᠠᠨ ᠭᠠᠷᠭᠠᠬᠤ ᠦᠢᠯᠡᠳᠪᠦᠷᠢ ᠶᠢᠨ ᠴᠠᠬᠢᠯᠭᠠᠨ ᠭᠠᠷᠭᠠᠭᠰᠠᠨ ᠬᠡᠮᠵᠢᠶ᠎ᠡ 12.39 ᠳ᠋ᠦᠩᠰᠢᠭᠤᠷ ᠺᠢᠯᠣᠸᠠᠲ ᠴᠠᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 12.3% ᠨᠡᠮᠡᠭᠳᠡᠵᠦ ︔ ᠬᠡᠦᠷᠡᠰᠦ ᠶᠢᠨ ᠭᠠᠷᠤᠯᠲᠠ ᠶᠢᠨ ᠬᠡᠮᠵᠢᠶ᠎ᠡ 7.9 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 9.0%᠎ ᠪᠠᠷ ᠨᠡᠮᠡᠭᠳᠡᠪᠡ︔ᠰᠢᠩᠭᠡᠨ ᠪᠡᠶᠡᠲᠦ ᠰᠦᠨ ᠤ ᠭᠠᠷᠤᠯᠲᠠ ᠎ ᠨᠢ 2.0 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 9.2% ᠪᠠᠭᠤᠷᠠᠵᠤ  ︔ ᠲᠡᠵᠢᠭᠡᠯ ᠪᠣᠷᠳᠣᠭᠠᠨ ᠤ ᠨᠡᠮᠡᠯᠲᠡ ᠡᠳ᠋ ᠤᠨ ᠭᠠᠷᠤᠯᠲᠠ ᠨᠢ 7.2 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 6.4%᠎ ᠪᠠᠷ ᠨᠡᠮᠡᠭᠳᠡᠪᠡ᠃    ︵ᠵᠢᠷᠭᠤᠭ᠎ᠠ︶  ᠡᠨᠧᠷᠭᠢ ᠶᠢᠨ ᠬᠤᠷᠣᠭᠳᠠᠯ ᠤᠨ ᠪᠠᠶᠢᠳᠠᠯ᠃    1—2 ᠰᠠᠷ᠎ᠠ ᠳᠤ᠂ ᠠᠵᠤ ᠦᠢᠯᠡᠳᠪᠦᠷᠢ ᠶᠢᠨ ᠡᠨᠧᠷᠭᠢ ᠶᠢᠨ ᠬᠤᠷᠣᠭᠳᠠᠯ ᠤᠨ ᠶᠡᠷᠦᠩᠬᠡᠢ ᠬᠡᠮᠵᠢᠶ᠎ᠡ ᠶᠢ 29.2 ᠲᠦᠮᠡᠨ ᠲᠣᠨ ᠪᠠᠷᠢᠮᠵᠢᠶᠠᠲᠤ ᠨᠡᠭᠦᠷᠡᠰᠦ ᠲᠣᠭᠲᠠᠭᠠᠵᠤ᠂ ᠠᠳᠠᠯᠢ ᠬᠤᠭᠤᠴᠠᠭᠠᠨ ᠤ ᠬᠢ ᠠᠴᠠ 0.7 ᠲᠦᠮᠡᠨ ᠲᠣᠨ ᠪᠠᠷᠢᠮᠵᠢᠶᠠᠲᠤ ᠨᠡᠭᠦᠷᠡᠰᠦ ᠨᠡᠮᠡᠭᠳᠡᠵᠦ ᠂ ᠠᠳᠠᠯᠢ ᠬᠤᠭᠤᠴᠠᠭᠠᠨ ᠤ ᠬᠢ ᠠᠴᠠ 2.5%᠎ ᠪᠠᠷ ᠨᠡᠮᠡᠭᠳᠡᠪᠡ᠃ ᠡᠭᠦᠨ ᠳᠤ 1 ᠲᠦᠮᠡᠨ ᠲᠣᠨ ᠠᠴᠠ ᠳᠡᠭᠡᠭᠰᠢ ᠡᠨᠧᠷᠭᠢ ᠶᠢᠨ ᠬᠤᠷᠣᠭᠳᠠᠭᠤᠯᠤᠯ  ᠲᠠᠢ 7 ᠡᠷᠦᠬᠡ ᠳᠤ ᠠᠵᠤ ᠦᠢᠯᠡᠳᠪᠦᠷᠢ ᠶᠢᠨ ᠡᠨᠧᠷᠭᠢ ᠶᠢᠨ ᠬᠤᠷᠣᠭᠳᠠᠭᠤᠯᠤᠯ 25.7 ᠲᠦᠮᠡᠨ ᠲᠣᠨ ᠪᠠᠷᠢᠮᠵᠢᠶᠠᠲᠤ ᠨᠡᠭᠦᠷᠡᠰᠦ ᠳᠤ ᠬᠦᠷᠴᠦ᠂ ᠠᠳᠠᠯᠢ ᠬᠤᠭᠤᠴᠠᠭᠠᠨ ᠠᠴᠠ 1.7 ᠲᠦᠮᠡᠨ ᠲᠣᠨ ᠪᠠᠷᠢᠮᠵᠢᠶᠠᠲᠤ ᠨᠡᠭᠦᠷᠡᠰᠦ ᠨᠡᠮᠡᠭᠳᠡᠨ᠂ ᠠᠳᠠᠯᠢ ᠬᠤᠭᠤᠴᠠᠭᠠᠨ ᠠᠴᠠ 7.1%᠎ ᠪᠠᠷ ᠨᠡᠮᠡᠭᠳᠡᠵᠡᠢ᠃ ᠡᠨᠧᠷᠭᠢ ᠶᠢᠨ ᠬᠤᠷᠣᠭᠳᠠᠯ ᠢᠶᠠᠷ ᠬᠠᠮᠤᠭ ᠤᠨ ᠶᠡᠭᠡ ᠢᠷᠠᠺ ᠤᠨ ᠠᠮᠢᠳᠤ ᠪᠣᠳᠠᠰ ᠤᠨ ᠡᠨᠧᠷᠭᠢ ᠶᠢᠨ ᠬᠤᠷᠣᠭᠳᠠᠯ 13.7 ᠲᠦᠮᠡᠨ ᠲᠣᠨ ᠪᠠᠷᠢᠮᠵᠢᠶᠠᠲᠤ ᠨᠡᠭᠦᠷᠡᠰᠦ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 0.1 ᠲᠦᠮᠡᠨ ᠲᠣᠨ ᠪᠠᠷᠢᠮᠵᠢᠶᠠᠲᠤ ᠨᠡᠭᠦᠷᠡᠰᠦ ᠪᠠᠭᠠᠰᠴᠤ᠂ ᠠᠳᠠᠯᠢ ᠬᠤᠭᠤᠴᠠᠭᠠᠨ ᠤ ᠎ ᠬᠢ ᠠᠴᠠ 1.0% ᠪᠠᠭᠤᠷᠠᠵᠤ᠂ ᠶᠡᠷᠦᠩᠬᠡᠢ ᠬᠡᠮᠵᠢᠶᠡᠨ ᠤ 46.9%᠎ ᠶᠢ ᠡᠵᠡᠯᠡᠪᠡ︔ ᠠᠩᠬᠠᠨ ᠤ ᠴᠠᠬᠢᠯᠭᠠᠨ ᠤ ᠡᠨᠧᠷᠭᠢ ᠶᠢᠨ ᠬᠤᠷᠣᠭᠳᠠᠯ 3.2 ᠲᠦᠮᠡᠨ ᠲᠣᠨ ᠪᠠᠷᠢᠮᠵᠢᠶᠠᠲᠤ ᠨᠡᠭᠦᠷᠡᠰᠦ ᠪᠠᠶᠢᠵᠤ᠂ ᠠᠳᠠᠯᠢ ᠬᠤᠭᠤᠴᠠᠭᠠᠨ ᠤ ᠎ ᠬᠢ ᠠᠴᠠ 0.2 ᠲᠦᠮᠡᠨ ᠲᠣᠨ ᠪᠠᠷᠢᠮᠵᠢᠶᠠᠲᠤ ᠨᠡᠭᠦᠷᠡᠰᠦ ᠨᠡᠮᠡᠭᠳᠡᠵᠦ᠂ ᠠᠳᠠᠯᠢ ᠬᠤᠭᠤᠴᠠᠭᠠᠨ ᠤ ᠬᠢ ᠠᠴᠠ 6.1%᠎ ᠪᠠᠷ ᠨᠡᠮᠡᠭᠳᠡᠪᠡ ᠂ ᠶᠡᠷᠦᠩᠬᠡᠢ ᠬᠡᠮᠵᠢᠶᠡᠨ ᠤ 23.3%᠎ ᠶᠢ ᠡᠵᠡᠯᠡᠪᠡ᠃    ᠬᠣᠶᠠᠳᠤᠭᠠᠷ ᠲᠤ ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠲᠦᠷᠭᠡᠨ ᠢᠶᠠᠷ ᠨᠡᠮᠡᠭᠳᠡᠵᠦ ᠪᠠᠶᠢᠬᠤ    1—2 ᠳ᠋ᠤᠭᠠᠷ ᠰᠠᠷ᠎ᠠ ᠳᠤ᠂ ᠪᠥᠬᠦ ᠲᠣᠭᠣᠷᠢᠭ ᠤᠨ 500 ᠲᠦᠮᠡᠨ ᠲᠥᠭᠦᠷᠢᠭ ᠠᠴᠠ ᠳᠡᠭᠡᠭᠰᠢᠬᠢ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠬᠥᠮᠥᠷᠭᠡ ᠳᠤ ᠪᠠᠶᠢᠭ᠎ᠠ ᠲᠥᠷᠥᠯ ᠵᠦᠢᠯ 96 ︵ᠭᠡᠷ ᠪᠠᠶᠢᠰᠢᠩ ᠭᠠᠵᠠᠷ ᠬᠥᠷᠥᠩᠭᠡ ᠶᠢᠨ ᠲᠥᠷᠥᠯ ᠵᠦᠢᠯ 2 ᠪᠠᠭᠲᠠᠨ᠎ᠠ︶ ᠪᠠᠶᠢᠵᠤ᠂ ᠡᠭᠦᠨ ᠳᠤ ᠠᠵᠢᠯ ᠡᠬᠢᠯᠡᠭᠦᠯᠦᠭᠰᠡᠨ ᠪᠠ ᠰᠡᠷᠭᠦᠭᠡᠭᠰᠡᠨ ᠲᠥᠷᠥᠯ ᠵᠦᠢᠯ 21 ︵ᠭᠡᠷ ᠪᠠᠶᠢᠰᠢᠩ ᠭᠠᠵᠠᠷ ᠬᠥᠷᠥᠩᠭᠡ ᠶᠢᠨ ᠲᠥᠷᠥᠯ ᠵᠦᠢᠯ 2 ᠪᠠᠭᠲᠠᠨ᠎ᠠ︶ ᠪᠠᠶᠢᠵᠤ᠂ 1.51 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 92.9%᠎ ᠪᠠᠷ ᠨᠡᠮᠡᠭᠳᠡᠪᠡ᠃ ᠡᠭᠦᠨ ᠳᠤ᠂ 5000 ᠲᠦᠮᠡᠨ ᠲᠥᠭᠦᠷᠢᠭ ᠠᠴᠠ ᠳᠡᠭᠡᠭᠰᠢᠬᠢ ᠲᠥᠷᠥᠯ ᠵᠦᠢᠯ ᠳᠤ 1.48 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠦ᠂ 110.5%᠎ ᠪᠠᠷ ᠨᠡᠮᠡᠭᠳᠡᠪᠡ︔5000 ᠲᠦᠮᠡᠨ ᠲᠥᠭᠦᠷᠢᠭ ᠠᠴᠠ ᠳᠣᠷᠣᠭᠰᠢᠬᠢ ᠲᠥᠷᠥᠯ ᠵᠦᠢᠯ ᠳᠤ 0.03 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠦ᠂ 62.5%᠎ ᠪᠠᠷ ᠪᠠᠭᠤᠷᠠᠪᠠ︔ᠭᠡᠷ ᠪᠠᠶᠢᠰᠢᠩ ᠭᠠᠵᠠᠷ ᠬᠥᠷᠥᠩᠭᠡ ᠶᠢᠨ ᠲᠥᠷᠥᠯ ᠵᠦᠢᠯ ᠤᠨ ᠪᠡᠯᠡ ᠣᠷᠣᠭᠤᠯᠤᠯᠲᠠ ᠶᠢ 0 ᠳ᠋ᠦᠩᠰᠢᠭᠤᠷ ᠲᠥᠭᠦᠷᠢᠭ ᠪᠡᠶᠡᠯᠡᠭᠦᠯᠪᠡ᠃ᠠᠵᠤ ᠦᠢᠯᠡᠰ ᠢᠶᠠᠷ ᠬᠤᠪᠢᠶᠠᠵᠤ ᠦᠵᠡᠪᠡᠯ᠂ ᠨᠢᠭᠡᠳᠦᠭᠡᠷ ᠠᠵᠤ ᠦᠢᠯᠡᠰ ᠤᠨ ᠲᠥᠷᠥᠯ ᠵᠦᠢᠯ ᠳᠤ 0 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠪᠡ︔ ᠬᠤᠶᠠᠳᠤᠭᠠᠷ ᠠᠵᠤ ᠦᠢᠯᠡᠰ ᠤᠨ ᠲᠥᠷᠥᠯ ᠵᠦᠢᠯ ᠳᠤ 1.34 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠦ᠂ 121 ᠳᠠᠬᠢᠨ ᠪᠠᠷ ᠨᠡᠮᠡᠭᠳᠡᠪᠡ︔ᠭᠤᠷᠪᠠᠳᠤᠭᠠᠷ ᠠᠵᠤ ᠦᠢᠯᠡᠰ ᠤᠨ ᠲᠥᠷᠥᠯ ᠵᠦᠢᠯ ᠳᠤ 0.17 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠦ᠂ 78.0%᠎ ᠪᠠᠷ ᠪᠠᠭᠤᠷᠠᠪᠠ᠃    ᠭᠤᠷᠪᠠᠳᠤᠭᠠᠷ ᠲᠤ ᠂ ᠬᠡᠷᠡᠭᠯᠡᠭᠡᠨ ᠤ ᠵᠠᠬ᠎ᠠ ᠳᠡᠯᠭᠡᠭᠦᠷ ᠤᠯᠠᠮ ᠢᠶᠠᠷ ᠰᠠᠶᠢᠵᠢᠷᠠᠵᠤ ᠪᠠᠶᠢᠬᠤ    1—2 ᠳ᠋ᠤᠭᠠᠷ ᠰᠠᠷ᠎ᠠ ᠳᠤ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠥᠬᠦ ᠲᠤᠭ᠎ᠠ 7.06 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 4.3%᠎ ᠪᠠᠷ ᠨᠡᠮᠡᠭᠳᠡᠪᠡ᠂ ᠡᠭᠦᠨ ᠳᠤ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠨᠢᠭᠡᠴᠢ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠲᠤᠭ᠎ᠠ 0.43 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 33.9%  ᠨᠡᠮᠡᠭᠳᠡᠪᠡ᠃    ᠲᠦᠷᠪᠡᠳᠦᠭᠡᠷ ᠲᠤ ᠂ ᠡᠩ ᠤᠨ ᠤᠯᠠᠨ ᠨᠡᠶᠢᠲᠡ ᠶᠢᠨ ᠲᠥᠰᠥᠪ ᠤᠨ ᠣᠷᠣᠯᠭ᠎ᠠ ᠵᠠᠷᠤᠯᠭ᠎ᠠ ᠲᠣᠭᠲᠠᠭᠤᠨ ᠢᠶᠠᠷ ᠨᠡᠮᠡᠭᠳᠡᠵᠦ ᠪᠠᠶᠢᠬᠤ    1—2 ᠳ᠋ᠤᠭᠠᠷ ᠰᠠᠷ᠎ᠠ ᠳᠤ᠂ ᠪᠥᠬᠦ ᠲᠣᠭᠣᠷᠢᠭ ‍ᠦᠨ‌ᠡᠩ ᠤᠨ ᠣᠯᠠᠨ ᠨᠡᠶᠢᠲᠡ ᠶᠢᠨ ᠲᠥᠰᠥᠪ ᠤᠨ ᠣᠷᠣᠯᠭ᠎ᠠ ᠨᠢ 2.82 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 8.3% ᠨᠡᠮᠡᠭᠳᠡᠪᠡ᠃ ᠡᠭᠦᠨ ᠳᠤ᠂ ᠭᠠᠶᠢᠯᠢ ᠶᠢᠨ ᠣᠷᠣᠯᠭ᠎ᠠ 1.71 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 29.7%  ᠪᠠᠭᠤᠷᠠᠵᠤ᠂ ᠡᠩ ᠤᠨ ᠣᠯᠠᠨ ᠨᠡᠶᠢᠲᠡ ᠶᠢᠨ ᠲᠥᠰᠥᠪ ᠤᠨ ᠣᠷᠣᠯᠭ᠎ᠠ ᠶᠢᠨ 60.6%᠎ ᠶᠢ ᠡᠵᠡᠯᠡᠪᠡ᠃ ᠡᠩ ᠤᠨ ᠤᠯᠠᠨ ᠨᠡᠶᠢᠲᠡ ᠶᠢᠨ ᠲᠥᠰᠥᠪ ᠤᠨ ᠵᠠᠷᠤᠯᠭ᠎ᠠ 6.23 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 4.3% ᠨᠡᠮᠡᠭᠳᠡᠵᠡᠢ ᠃    ᠲᠠᠪᠤᠳᠤᠭᠠᠷ ᠲᠤ ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠬᠠᠳᠠᠭᠠᠯᠠᠮᠵᠢ ᠵᠢᠭᠡᠯᠡᠯᠭᠡ ᠶᠢᠨ ᠦᠯᠡᠳᠡᠪᠦᠷᠢ ᠲᠤᠭ᠎ᠠ ᠲᠣᠭᠲᠠᠭᠤᠨ ᠢᠶᠠᠷ ᠨᠡᠮᠡᠭᠳᠡᠵᠦ ᠪᠠᠶᠢᠬᠤ    2 ᠰᠠᠷ᠎ᠠ ᠶᠢᠨ ᠡᠴᠦᠰ ᠲᠤ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠡᠯ᠎ᠡ ᠵᠦᠢᠯ ᠤᠨ ᠬᠠᠳᠠᠭᠠᠯᠠᠮᠵᠢ ᠶᠢᠨ ᠦᠯᠡᠳᠡᠪᠦᠷᠢ ᠲᠤᠭ᠎ᠠ 320.24 ᠳ᠋ᠦᠩᠰᠢᠭᠤᠷ ᠲᠥᠭᠦᠷᠢᠭ ᠲᠤ ᠬᠦᠷᠴᠦ᠂ ᠵᠢᠯ ᠤᠨ ᠡᠬᠢᠨ ᠤ ᠎ ᠬᠢ ᠠᠴᠠ 3.9%᠎ ᠪᠠᠷ ᠨᠡᠮᠡᠭᠳᠡᠪᠡ᠂ ᠡᠭᠦᠨ ᠳᠤ᠄ ᠰᠠᠭᠤᠭᠠᠯᠢ ᠡᠷᠦᠬᠡ ᠶᠢᠨ ᠬᠠᠳᠠᠭᠠᠯᠠᠮᠵᠢ ᠶᠢᠨ ᠦᠯᠡᠳᠡᠪᠦᠷᠢ ᠲᠤᠭ᠎ᠠ 286.82 ᠳ᠋ᠦᠩᠰᠢᠭᠤᠷ ᠲᠥᠭᠦᠷᠢᠭ ᠲᠤ ᠬᠦᠷᠴᠦ᠂ ᠵᠢᠯ ᠤᠨ ᠡᠬᠢᠨ ᠤ ᠬᠢ ᠠᠴᠠ 4.8% ᠨᠡᠮᠡᠭᠳᠡᠵᠦ᠃ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠡᠯ᠎ᠡ ᠵᠦᠢᠯ ᠤᠨ ᠵᠢᠭᠡᠯᠡᠯᠭᠡ ᠶᠢᠨ ᠦᠯᠡᠳᠡᠪᠦᠷᠢ ᠲᠤᠭ᠎ᠠ 215.03 ᠳ᠋ᠦᠩᠰᠢᠭᠤᠷ ᠲᠥᠭᠦᠷᠢᠭ ᠲᠤ ᠬᠦᠷᠴᠦ ᠂ ᠵᠢᠯ ᠤᠨ ᠡᠬᠢᠨ ᠤ ᠬᠢ ᠠᠴᠠ 1.2% ᠨᠡᠮᠡᠭᠳᠡᠪᠡ ᠃ 
 
ᠢᠷᠡᠯᠲᠡ᠄ ᠶᠤᠸᠠᠨ ᠪᠣᠥ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠰᠥᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1