ᠲᠣᠭᠤᠷᠢᠭ ᠤᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ︽ᠵᠢᠵᠢᠭ ᠬᠦᠷᠢᠶ᠎ᠡ ᠬᠠᠰᠢᠶ᠎ᠠ︾᠎ ᠶᠢ ᠭᠤᠶᠤᠵᠢᠭᠤᠯᠵᠤ᠂ ᠬᠥᠳᠡᠭᠡ ᠲᠣᠰᠬᠤᠨ ᠤ ᠳᠦᠷᠢ ᠳᠦᠷᠬᠦ ᠶᠢ ᠳᠡᠭᠡᠭᠰᠢᠯᠡᠭᠦᠯᠵᠦ ᠪᠠᠶᠢᠨ᠎ᠠ
ᠨᠡᠶᠢᠲᠡᠯᠡᠭᠰᠡᠨ ᠴᠠᠭ᠄
2023/5/22
    ᠲᠣᠭᠤᠷᠢᠭ ᠤᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ︽ᠵᠢᠵᠢᠭ ᠬᠦᠷᠢᠶ᠎ᠡ ᠬᠠᠰᠢᠶ᠎ᠠ︾᠎ ᠶᠢ ᠭᠤᠶᠤᠵᠢᠭᠤᠯᠵᠤ ᠂ ᠬᠥᠳᠡᠭᠡ ᠲᠣᠰᠬᠤᠨ ᠤ ᠳᠦᠷᠢ ᠳᠥᠷᠬᠦ ᠶᠢ ᠳᠡᠭᠡᠭᠰᠢᠯᠡᠭᠦᠯᠵᠦ ᠪᠠᠶᠢᠨ᠎ᠠ᠃ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠪᠠ ᠣᠨᠴᠠᠯᠢᠭᠲᠤ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠎ ᠶᠢ ᠭᠦᠨᠵᠡᠭᠡᠢ ᠠᠭᠤᠰᠤᠯᠴᠠᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ︽ᠲᠣᠰᠬᠤᠨ ᠤ ᠵᠠᠬ᠎ᠠ ᠎ ᠶᠢ ᠣᠶᠢᠵᠢᠭᠤᠯᠬᠤ᠂ ᠲᠣᠰᠬᠤᠨ ᠤ ᠳᠣᠲᠣᠷ᠎ᠠ ᠴᠡᠴᠡᠷᠯᠢᠭᠵᠢᠭᠦᠯᠬᠦ᠂ ᠵᠠᠮ ᠎ ᠤᠨ ᠬᠥᠪᠡᠭᠡ ᠶᠢ ᠨᠣᠭᠤᠭᠠᠷᠠᠭᠤᠯᠬᠤ ᠂ ᠬᠦᠷᠢᠶ᠎ᠡ ᠬᠠᠰᠢᠶ᠎ᠠ ᠶᠢ ᠴᠡᠴᠡᠭᠯᠡᠭᠦᠯᠦᠨ ᠵᠢᠮᠢᠰᠵᠢᠭᠦᠯᠬᠦ︾ ᠠᠮᠢ ᠠᠬᠤᠢ ᠶᠢᠨ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠵᠠᠭᠪᠤᠷ ᠢ ᠬᠠᠶᠢᠨ ᠰᠦᠪᠡᠭᠴᠢᠯᠡᠵᠦ᠂ ᠣᠷᠴᠢᠨ ᠲᠣᠭᠤᠷᠢᠨ ᠢ ᠴᠡᠪᠡᠷᠵᠢᠭᠦᠯᠬᠦ᠂ ᠠᠶᠢᠯ ᠲᠣᠰᠬᠤᠨ ᠢ ᠨᠣᠭᠤᠭᠠᠷᠠᠭᠤᠯᠬᠤ᠂ ᠬᠦᠷᠢᠶ᠎ᠡ ᠬᠠᠰᠢᠶ᠎ᠠ ᠶᠢ ᠭᠤᠶᠣᠵᠢᠭᠤᠯᠬᠤ ᠠᠵᠢᠯ ᠢ ᠨᠢᠭᠡᠳᠦᠯᠲᠡᠢ ᠲᠥᠯᠥᠪᠯᠡᠨ ᠠᠬᠢᠭᠤᠯᠵᠤ᠂ ᠲᠣᠰ ᠲᠣᠰ ᠤᠨ ᠣᠨᠴᠠᠯᠢᠭ ᠲᠠᠢ ᠬᠥᠳᠡᠭᠡ ᠲᠣᠰᠬᠤᠨ ᠤ ᠬᠦᠷᠢᠶ᠎ᠡ ᠬᠠᠰᠢᠶ᠎ᠠ ᠶᠢᠨ ᠦᠵᠡᠮᠵᠢ ᠶᠢᠨ ᠣᠷᠣᠨ ᠢ ᠪᠣᠶ ᠪᠣᠯᠭᠠᠵᠤ᠂ ᠬᠦᠷᠢᠶ᠎ᠡ ᠬᠠᠰᠢᠶ᠎ᠠ ᠶᠢᠨ ︽ᠪᠠᠭ᠎ᠠ ᠰᠠᠶᠢᠬᠠᠨ︾᠎ ᠢᠶᠠᠷ ᠬᠥᠳᠡᠭᠡ ᠲᠣᠰᠬᠤᠨ ᠤ ︽ᠶᠡᠭᠡ ᠰᠠᠶᠢᠬᠠᠨ︾᠎ ᠳᠤ ᠬᠦᠴᠦᠨ ᠨᠡᠮᠡᠷᠢᠯᠡᠵᠦ᠂ ᠬᠥᠳᠡᠭᠡ ᠲᠣᠰᠬᠤᠨ ᠤ ᠥᠩᠭᠡ ᠦᠵᠡᠮᠵᠢ ᠶᠢ ᠪᠥᠬᠦ ᠲᠠᠯ᠎ᠠ ᠪᠠᠷ ᠳᠡᠭᠡᠭᠰᠢᠯᠡᠭᠦᠯᠵᠦ ᠪᠠᠶᠢᠨ᠎ᠠ᠃ ᠣᠳᠣᠬᠠᠨ ᠳᠤ ᠂ ᠨᠣᠭᠤᠭᠠᠷᠠᠭᠤᠯᠵᠤ ᠭᠤᠶᠣᠵᠢᠭᠤᠯᠬᠤ ᠢᠨᠵᠧᠨᠧᠷᠢᠩ ᠢ 10 ᠭᠠᠷᠤᠢ ᠬᠡᠷᠡᠭᠵᠢᠭᠦᠯᠵᠦ᠂ ᠨᠣᠭᠤᠭᠠᠷᠠᠭᠤᠯᠤᠭᠰᠠᠨ ᠲᠠᠯᠠᠪᠠᠶ ᠨᠢ 174 ᠮᠦ ᠳᠤ ᠬᠦᠷᠴᠦ᠂ ᠪᠣᠷᠣ ᠨᠠᠪᠴᠢᠲᠤ ᠥᠳᠬᠡᠨ ᠤᠯᠠᠭᠠᠨ ᠭᠦᠢᠯᠡᠰᠦ᠂ ᠳᠣᠭᠰᠢᠨ ᠮᠠᠷᠲ᠋ᠢᠨ ᠤ ᠬᠦᠵᠢ᠂ ᠪᠣᠷᠣ ᠨᠠᠪᠴᠢᠲᠤ ᠤᠯᠠᠭᠠᠨ ᠭᠦᠢᠯᠡᠰᠦ᠂ ᠭᠠᠴᠤᠷ᠎ᠠ ᠵᠡᠷᠭᠡ ᠡᠯ᠎ᠡ ᠲᠥᠷᠥᠯ ᠤᠨ 1.4 ᠲᠦᠮᠡᠨ ᠰᠠᠭᠤᠷᠢ ᠵᠤᠯᠵᠠᠭ᠎ᠠ ᠮᠣᠳᠣ ᠶᠢ ᠵᠠᠶᠢᠯᠠᠵᠤ ᠪᠣᠶᠢᠵᠢᠭᠤᠯᠤᠭᠰᠠᠨ ᠢᠶᠠᠷ ᠪᠠᠷᠠᠬᠤ ᠦᠭᠡᠢ᠂ ᠨᠣᠭᠤᠭᠠᠨ ᠨᠠᠪᠴᠢᠲᠤ ᠤᠯᠠᠭᠠᠨ ᠭᠦᠢᠯᠡᠰᠦ᠂ ᠭᠠᠴᠤᠷ᠎ᠠ ᠵᠡᠷᠭᠡ ᠡᠯ᠎ᠡ ᠲᠥᠷᠥᠯ ᠤᠨ 1.4 ᠲᠦᠮᠡᠨ ᠰᠠᠭᠤᠷᠢ ᠵᠤᠯᠵᠠᠭ᠎ᠠ ᠮᠣᠳᠣ ᠶᠢ ᠨᠣᠭᠤᠭᠠᠷᠠᠭᠤᠯᠤᠭᠰᠠᠨ ᠪᠠᠶᠢᠨ᠎ᠠ᠃  
 
ᠢᠷᠡᠯᠲᠡ᠄ ᠶᠤᠸᠠᠨ ᠪᠣᠥ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠰᠥᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1