ᠶᠤᠸᠠᠨ ᠪᠦᠦ ᠱᠠᠨ ᠲᠣᠭᠤᠷᠢᠭ ᠣᠶᠢᠵᠢᠭᠤᠯᠬᠤ ᠡᠭᠦᠷᠭᠡ ᠪᠠᠨ ᠪᠡᠶᠡᠯᠡᠭᠦᠯᠵᠦ ᠤᠮᠠᠷᠠᠲᠤ ᠶᠢᠨ ᠠᠮᠢ ᠠᠬᠤᠢ ᠶᠢᠨ ᠠᠮᠤᠷ ᠲᠦᠪᠰᠢᠨ ᠢ ᠪᠠᠬᠢᠵᠢᠭᠦᠯᠪᠡ
ᠨᠡᠶᠢᠲᠡᠯᠡᠭᠰᠡᠨ ᠴᠠᠭ᠄
2023/5/22
    ᠶᠤᠸᠠᠨ ᠪᠦᠦ ᠱᠠᠨ ᠲᠣᠭᠤᠷᠢᠭ 4000 ᠮᠦ ᠬᠠᠪᠤᠷ ᠤᠨ ᠤᠯᠠᠷᠢᠯ ᠤᠨ ᠣᠶᠢᠵᠢᠭᠤᠯᠤᠯᠲᠠ ᠶᠢᠨ ᠡᠭᠦᠷᠭᠡ ᠶᠢ ᠪᠦᠬᠦ ᠬᠤᠲᠠ ᠳᠤ ᠡᠩ ᠲᠡᠷᠢᠭᠦᠨ ᠳᠤ ᠪᠡᠶᠡᠯᠡᠭᠦᠯᠪᠡ ᠃ ᠮᠠᠨ ᠤ ᠤᠯᠤᠰ ᠤᠨ ᠤᠮᠠᠷᠠᠲᠤ ᠶᠢᠨ ᠡᠮ ᠰᠠᠪᠠᠯᠠᠬᠤ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠬᠦ ᠪᠠᠷ ᠭᠠᠷᠳᠠᠴᠠ ᠪᠣᠯᠭᠠᠵᠤ᠂ ᠮᠠᠨ ᠤ ᠲᠣᠭᠤᠷᠢᠭ ᠤᠨ ᠣᠶ ᠰᠢᠭᠤᠢ ᠶᠢᠨ ᠨᠥᠬᠦᠴᠡᠯ᠂ ᠵᠤᠯᠵᠠᠭ᠎ᠠ ᠮᠣᠳᠣᠨ ᠤ ᠪᠠᠷᠢᠮᠵᠢᠶ᠎ᠠ᠂ ᠣᠶᠢᠵᠢᠭᠤᠯᠬᠤ ᠪᠠᠷᠢᠮᠵᠢᠶ᠎ᠠ᠂ ᠢᠨᠵᠧᠨᠧᠷᠢᠩ ᠤᠨ ᠬᠠᠮᠢᠶᠠᠷᠤᠯᠲᠠ ᠵᠡᠷᠭᠡ ᠮᠡᠷᠭᠡᠵᠢᠯ ᠪᠠ ᠪᠠᠷᠢᠮᠵᠢᠶ᠎ᠠ ᠶᠢ ᠨᠢᠭᠡᠳᠦᠯᠲᠡᠢ ᠵᠢᠷᠤᠮᠵᠢᠭᠤᠯᠤᠨ᠂ ᠭᠠᠵᠠᠷ ᠲᠡᠭᠰᠢᠯᠡᠬᠦ᠂ ᠵᠤᠯᠵᠠᠭ᠎ᠠ ᠮᠣᠳᠣ᠂ ᠵᠠᠶᠢᠯᠠᠬᠤ᠂ ᠰᠢᠯᠭᠠᠨ ᠠᠪᠬᠤ ᠳᠥᠷᠪᠡᠨ ᠪᠣᠭᠤᠮᠲᠠ ᠶᠢ ᠴᠢᠩᠭ᠎ᠠ ᠠᠳᠬᠤᠵᠤ᠂ ︽ᠲᠤᠬᠠᠢ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠬᠤ᠂ ᠲᠣᠬᠢᠷᠠᠮᠵᠢᠲᠠᠢ ᠭᠠᠵᠠᠷ ᠲᠤ ᠲᠣᠬᠢᠷᠠᠮᠵᠢᠲᠠᠢ ᠮᠣᠳᠣ ᠳᠠᠷᠢᠬᠤ︾ ᠵᠠᠷᠴᠢᠮ ᠶᠣᠰᠣᠭᠠᠷ᠂ ᠵᠠᠰᠠᠨ ᠰᠡᠷᠭᠦᠭᠡᠬᠦ ᠠᠷᠭ᠎ᠠ ᠮᠠᠶ᠋ᠢᠭ ᠪᠠ ᠣᠶ ᠶᠢᠨ ᠬᠡᠰᠡᠭᠯᠡᠯ ᠤᠨ ᠨᠢᠭᠲᠠᠴᠠ ᠶᠢ ᠲᠣᠭᠲᠠᠭᠠᠪᠠ᠃ ᠡᠭᠦᠨ ᠤ ᠵᠡᠷᠭᠡ ᠳᠤ ︽ ᠰᠣᠳᠤ ᠶᠢ ᠡᠭᠦᠳᠬᠦ︾ ᠪᠦᠲᠦᠭᠡᠨ ᠪᠠᠶᠢᠭᠤᠯᠤᠯᠲᠠ ᠶᠢᠨ ᠣᠨᠣᠯᠵᠢᠬᠤᠨ ᠢ ᠦᠨᠳᠦᠰᠦᠯᠡᠨ᠂ ᠦᠵᠡᠰᠬᠦᠯᠡᠩᠲᠦ ᠰᠠᠶᠢᠬᠠᠨ ᠮᠣᠬᠤᠷ ᠭᠤᠣᠯ ᠪᠠᠯᠭᠠᠰᠤᠨ ᠤ ᠮᠢᠩᠭᠠᠨ ᠮᠦ ᠸᠧᠨ ᠭᠤᠸᠠᠨ ᠵᠢᠮᠢᠰ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠪᠠᠶᠢᠭᠤᠯᠵᠤ ᠪᠦᠲᠦᠭᠡᠨ ᠪᠠᠶᠢᠭᠤᠯᠪᠠ ᠃ ᠣᠳᠣᠬᠠᠨ ᠳᠤ᠂ ᠮᠠᠭᠤᠳᠠᠭᠰᠠᠨ ᠣᠶ ᠰᠢᠭᠤᠢ ᠶᠢᠨ ᠬᠡᠰᠡᠭᠯᠡᠯ ᠢ ᠥᠭᠡᠷᠡᠴᠢᠯᠡᠨ ᠰᠡᠷᠭᠦᠭᠡᠬᠦ ᠢᠨᠵᠧᠨᠧᠷᠢᠩ ᠤᠨ 4000 ᠮᠦ ᠵᠢᠴᠢ ᠮᠠᠭᠤᠳᠠᠭᠰᠠᠨ ᠣᠶ ᠰᠢᠭᠤᠢ ᠶᠢᠨ ᠬᠡᠰᠡᠭᠯᠡᠯ ᠢ ᠥᠭᠡᠷᠡᠴᠢᠯᠡᠨ ᠰᠡᠷᠭᠦᠭᠡᠬᠦ ᠢᠨᠵᠧᠨᠧᠷᠢᠩ ᠲᠠᠢ ᠤᠶᠠᠯᠳᠤᠭᠤᠯᠤᠨ 3400 ᠮᠦ ᠡᠯᠡᠰᠦ ᠶᠢ ᠰᠡᠷᠭᠡᠶᠢᠯᠡᠨ ᠵᠠᠰᠠᠬᠤ ᠢᠨᠵᠧᠨᠧᠷᠢᠩ ᠢ ᠪᠡᠶᠡᠯᠡᠭᠦᠯᠵᠦ᠂ ᠬᠠᠪᠤᠷ ᠤᠨ ᠤᠯᠠᠷᠢᠯ ᠤᠨ ᠣᠶᠢᠵᠢᠭᠤᠯᠵᠤ ᠨᠣᠭᠤᠭᠠᠷᠠᠭᠤᠯᠬᠤ ᠡᠭᠦᠷᠭᠡ ᠶᠢ ᠪᠥᠬᠦ ᠲᠠᠯ᠎ᠠ ᠪᠠᠷ ᠪᠡᠶᠡᠯᠡᠭᠦᠯᠪᠡ᠃ 
 
ᠢᠷᠡᠯᠲᠡ᠄ ᠶᠤᠸᠠᠨ ᠪᠣᠥ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠰᠥᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1