ᠶᠤᠸᠠᠨ ᠪᠦᠦ ᠱᠠᠨ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ
ᠨᠡᠶᠢᠲᠡᠯᠡᠭᠰᠡᠨ ᠴᠠᠭ᠄
2023/5/22
    ᠤᠯᠠᠭᠠᠨᠬᠠᠳᠠ ᠬᠤᠲᠠ ᠶᠢᠨ ᠶᠤᠸᠠᠨ ᠪᠦᠦ ᠱᠠᠨ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠶᠢᠨ ᠪᠠᠶᠢᠭᠤᠯᠤᠮᠵᠢ ᠶᠢᠨ ᠲᠣᠶᠢᠮᠣ ᠪᠠᠶᠢᠳᠠᠯ    ᠤᠯᠠᠭᠠᠨᠬᠠᠳᠠ ᠬᠤᠳᠠ ᠶᠢᠨ ᠶᠤᠸᠠᠨ ᠪᠦᠦ ᠱᠠᠨ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠪᠣᠯ ᠤᠯᠠᠭᠠᠨᠬᠠᠳᠠ ᠬᠤᠳᠠ ᠶᠢᠨ ᠶᠤᠸᠠᠨ ᠪᠦᠦ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠪᠦᠷᠢᠯᠳᠦᠭᠦᠨ ᠰᠠᠯᠠᠭ᠎ᠠ ᠮᠥᠴᠢᠷ ᠪᠣᠯᠣᠨ᠎ᠠ ᠂ ᠤᠯᠠᠭᠠᠨᠬᠠᠳᠠ ᠬᠤᠳᠠ ᠶᠢᠨ ᠶᠤᠸᠠᠨ ᠪᠦᠦ ᠱᠠᠨ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠶᠢᠨ ᠫᠠᠶᠢᠰᠠ ᠶᠢ ᠡᠯᠭᠦᠵᠦ ᠂ ᠵᠢᠩᠬᠢᠨᠢ ᠰᠠᠯᠠᠭ᠎ᠠ ᠶᠢᠨ ᠲᠡᠰ ᠤᠨ ᠨᠢᠭᠡᠴᠢ ᠪᠣᠯᠣᠨ᠎ᠠ ᠃    ᠬᠠᠷᠢᠭᠤᠴᠠᠯᠭᠠᠲᠠᠨ ᠄ ᠦ᠋ ᠵᠦᠩ ᠯᠢᠨ    ᠨᠢᠭᠡᠴᠢ ᠶᠢᠨ ᠬᠠᠶ᠋ᠢᠭ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠠᠭᠠᠨᠬᠠᠳᠠ ᠬᠤᠲᠠ ᠶᠢᠨ ᠶᠤᠸᠠᠨ ᠪᠦᠦ ᠱᠠᠨ ᠲᠣᠭᠤᠷᠢᠭ ᠤᠨ ᠫᠢᠩᠵᠤᠸᠠᠩ ᠬᠠ ᠾᠧ ᠵᠡᠭᠡᠯᠢ ᠶᠢᠨ ᠳᠤᠮᠳᠠ ᠬᠡᠰᠡᠭ᠃    ᠬᠠᠷᠢᠯᠴᠠᠬᠤ ᠤᠲᠠᠰᠤ᠄ 0476-3510464᠃    ᠠᠵᠢᠯᠯᠠᠬᠤ ᠴᠠᠭ᠄ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ︔    ᠦᠳᠡ ᠶᠢᠨ ᠡᠮᠦᠨ᠎ᠡ 8᠄ 30 ︱ 12᠄ 00︔ᠦᠳᠡ ᠶᠢᠨ ᠬᠤᠶᠢᠨ᠎ᠠ 14᠄ 30 ︱ 17᠄ 00    ᠨᠢᠭᠡ᠂ ᠭᠤᠣᠯ ᠡᠭᠦᠷᠭᠡ ᠬᠠᠷᠢᠭᠤᠴᠠᠯᠭ᠎ᠠ    ︵1︶ ᠨᠠᠮ ᠪᠠ ᠤᠯᠤᠰ ᠤᠨ ᠰᠤᠷᠭᠠᠨ ᠬᠥᠮᠦᠵᠢᠯ ᠤᠨ ᠠᠵᠢᠯ ᠤᠨ ᠴᠢᠭᠯᠡᠯᠲᠡ ᠪᠠ ᠬᠠᠤᠯᠢ ᠴᠠᠭᠠᠵᠠ ᠬᠠᠤᠯᠢ ᠲᠣᠭᠲᠠᠭᠠᠯ ᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠤᠷᠭᠠᠨ ᠬᠥᠮᠦᠵᠢᠯ ᠤᠨ ᠬᠦᠷᠢᠶᠡᠨ ᠳᠠᠬᠢ ᠨᠠᠮ ᠤᠨ ᠪᠠᠶᠢᠭᠤᠯᠤᠯᠲᠠ ᠪᠠ ᠦᠵᠡᠯ ᠰᠠᠨᠠᠭ᠎ᠠ ᠤᠯᠤᠰ ᠲᠥᠷᠥ ᠶᠢᠨ ᠪᠠᠶᠢᠭᠤᠯᠤᠯᠲᠠ ᠶᠢᠨ ᠲᠥᠷᠥ ᠶᠢᠨ ᠪᠣᠳᠣᠯᠭ᠎ᠠ ᠶᠢ ᠵᠣᠬᠢᠶᠠᠨ ᠪᠠᠶᠢᠭᠤᠯᠤᠨ ᠰᠤᠳᠤᠯᠵᠤ ᠲᠤᠭᠤᠷᠪᠢᠨ ᠲᠣᠭᠲᠠᠭᠠᠵᠤ᠂ ᠪᠥᠬᠦ ᠲᠣᠭᠤᠷᠢᠭ ᠤᠨ ᠰᠤᠷᠭᠠᠨ ᠬᠥᠮᠦᠵᠢᠯ ᠤᠨ ᠬᠥᠭᠵᠢᠯᠲᠡ ᠶᠢᠨ ᠲᠥᠯᠦᠪᠵᠢᠭᠦᠯᠭᠡ᠂ ᠥᠭᠡᠷᠡᠴᠢᠯᠡᠯᠲᠡ ᠶᠢᠨ ᠲᠥᠰᠥᠯ᠂ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠢᠨᠠᠯᠲᠠ ᠲᠠᠯᠪᠢᠵᠤ ᠬᠡᠷᠡᠭᠵᠢᠭᠦᠯᠦᠨ᠎ᠡ ᠃ ᠪᠥᠬᠦ ᠲᠣᠭᠤᠷᠢᠭ ᠤᠨ ᠡᠯ᠎ᠡ ᠱᠠᠲᠤᠨ ᠤ ᠡᠯ᠎ᠡ ᠲᠥᠷᠥᠯ ᠤᠨ ᠰᠤᠷᠭᠠᠨ ᠬᠥᠮᠦᠵᠢᠯ ᠢ ᠨᠢᠭᠡᠳᠦᠯᠲᠡᠢ ᠲᠥᠯᠥᠪᠵᠢᠭᠦᠯᠬᠦ ᠪᠠ ᠵᠣᠬᠢᠴᠠᠭᠤᠯᠤᠨ ᠬᠠᠮᠢᠶᠠᠷᠬᠤ ᠶᠢ ᠬᠠᠷᠢᠭᠤᠴᠠᠵᠤ᠂ ᠪᠥᠬᠦ ᠲᠣᠭᠤᠷᠢᠭ ᠤᠨ ᠡᠯ᠎ᠡ ᠱᠠᠲᠤᠨ ᠤ ᠡᠯ᠎ᠡ ᠲᠥᠷᠥᠯ ᠤᠨ ᠰᠤᠷᠭᠠᠭᠤᠯᠢ ᠶᠢᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠥᠭᠡᠷᠡᠴᠢᠯᠡᠯᠲᠡ ᠶᠢ ᠵᠢᠯᠤᠭᠤᠳᠴᠤ᠂ ᠰᠤᠷᠭᠠᠨ ᠬᠥᠮᠦᠵᠢᠯ ᠤᠨ ᠠᠵᠢᠯ ᠤᠨ ᠴᠢᠬᠤᠯᠠ ᠶᠡᠭᠡ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠨ᠎ᠡ᠃    ︵2︶ ᠡᠩ ᠤᠨ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠨ ᠬᠥᠮᠦᠵᠢᠯ᠂ ᠠᠯᠪᠠᠨ ᠵᠢᠷᠤᠮ ᠤᠨ ᠰᠤᠷᠭᠠᠨ ᠬᠥᠮᠦᠵᠢᠯ᠂ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ᠂ ᠣᠨᠴᠠᠭᠠᠢ ᠰᠤᠷᠭᠠᠨ ᠬᠥᠮᠦᠵᠢᠯ ᠤᠨ ᠠᠵᠢᠯ ᠢ ᠬᠠᠷᠢᠭᠤᠴᠠᠨ ᠵᠢᠯᠤᠭᠤᠳᠴᠤ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠲᠡᠩᠴᠡᠭᠦᠷᠢᠲᠡᠢ ᠬᠥᠭᠵᠢᠬᠦ ᠶᠢ ᠠᠬᠢᠭᠤᠯᠵᠤ᠂ ᠰᠤᠷᠭᠠᠨ ᠬᠥᠮᠦᠵᠢᠯ ᠤᠨ ᠡᠷᠬᠡ ᠲᠡᠭᠰᠢ ᠪᠠᠶᠢᠬᠤ ᠶᠢ ᠠᠬᠢᠭᠤᠯᠤᠨ᠎ᠠ᠃ ᠰᠠᠭᠤᠷᠢ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢᠨ ᠦᠨᠳᠦᠰᠦᠨ ᠱᠠᠭᠠᠷᠳᠠᠯᠭ᠎ᠠ ᠪᠠ ᠦᠨᠡᠯᠡᠨ ᠵᠢᠱᠢᠬᠦ ᠪᠠᠷᠢᠮᠵᠢᠶ᠎ᠠ ᠶᠢ ᠨᠠᠶᠢᠳᠠᠪᠤᠷᠢᠵᠢᠭᠤᠯᠵᠤ ᠂ ᠳᠤᠮᠳᠠᠳᠤ ᠪᠠᠭ᠎ᠠ ᠰᠤᠷᠭᠠᠭᠤᠯᠢ ᠶᠢᠨ ᠬᠢᠴᠢᠶᠡᠯ ᠤᠨ ᠥᠭᠡᠷᠡᠴᠢᠯᠡᠯᠲᠡ ᠶᠢ ᠲᠦᠯᠬᠢᠨ ᠠᠬᠢᠭᠤᠯᠵᠤ ᠂ ᠳᠤᠮᠳᠠᠳᠤ ᠪᠠᠭ᠎ᠠ ᠰᠤᠷᠭᠠᠭᠤᠯᠢ ᠶᠢᠨ ᠬᠢᠴᠢᠶᠡᠯ ᠤᠨ ᠪᠠᠶᠢᠭᠤᠯᠤᠯᠲᠠ ᠶᠢ ᠵᠢᠯᠣᠭᠤᠳᠤᠨ᠎ᠠ ᠃ ᠬᠡᠪ ᠴᠢᠨᠠᠷ ᠤᠨ ᠰᠤᠷᠭᠠᠨ ᠬᠥᠮᠦᠵᠢᠯ ᠢ ᠬᠡᠷᠡᠭᠵᠢᠭᠦᠯᠵᠦ ᠂ ᠶᠣᠰᠣ ᠰᠤᠷᠲᠠᠬᠤᠨ ᠤᠶᠤᠨ ᠤᠬᠠᠭᠠᠨ ᠪᠡᠶ᠎ᠡ ᠮᠠᠬᠠᠪᠤᠳ ᠭᠤᠸ᠎ᠠ ᠰᠠᠶᠢᠬᠠᠨ ᠬᠥᠳᠡᠯᠮᠦᠷᠢ ᠵᠡᠷᠭᠡ ᠪᠦᠬᠦ ᠲᠠᠯ᠎ᠠ ᠪᠠᠷ ᠬᠥᠭᠵᠢᠭᠰᠡᠨ ᠰᠤᠷᠭᠠᠨ ᠬᠥᠮᠦᠵᠢᠯ ᠤᠨ ᠰᠢᠰᠲ᠋ᠧᠮ ᠢ ᠪᠠᠶᠢᠭᠤᠯᠤᠨ᠎ᠠ ᠃ ᠳᠤᠮᠳᠠᠳᠤ ᠪᠠᠭ᠎ᠠ ᠰᠤᠷᠭᠠᠭᠤᠯᠢ ᠶᠢᠨ ᠭᠠᠳᠠᠨᠠᠬᠢ ᠰᠤᠷᠭᠠᠨ ᠬᠥᠮᠦᠵᠢᠯ ᠪᠠ ᠠᠶᠤᠯᠭᠦᠢ ᠶᠢᠨ ᠬᠠᠮᠢᠶᠠᠷᠤᠯᠲᠠ ᠶᠢ ᠵᠢᠯᠣᠭᠤᠳᠤᠨ᠎ᠠ ᠃    ︵ 3 ︶ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠪᠠ ᠨᠠᠰᠤᠨ ᠳᠤ ᠬᠦᠷᠦᠭᠰᠡᠳ ᠤᠨ ᠰᠤᠷᠭᠠᠨ ᠬᠥᠮᠦᠵᠢᠯ ᠤᠨ ᠠᠵᠢᠯ ᠢ ᠨᠢᠭᠡᠳᠦᠯᠲᠡᠢ ᠲᠥᠯᠥᠪᠯᠡᠨ ᠬᠠᠮᠢᠶᠠᠷᠤᠨ᠎ᠠ ᠃ ᠪᠥᠬᠦ ᠲᠣᠭᠤᠷᠢᠭ ‍ᠤᠨ‌‍ᠲ᠋ᠤᠮᠳᠠ ᠵᠡᠷᠭᠡ ᠶᠢᠨ ᠠᠵᠢᠯ ᠮᠡᠷᠭᠡᠵᠢᠯ ᠎ ᠤᠨ ᠰᠤᠷᠭᠠᠨ ᠬᠥᠮᠦᠵᠢᠯ ᠬᠢᠭᠡᠳ ᠨᠠᠰᠤᠨ ᠳᠤ ᠬᠥᠷᠥᠭᠰᠡᠳ ‍ᠤᠨ‌‍ᠰᠤᠷᠭᠠᠨ ᠬᠥᠮᠦᠵᠢᠯ ᠎ ᠤᠨ ᠬᠥᠭᠵᠢᠯᠲᠡ ᠶᠢᠨ ᠲᠥᠯᠦᠪᠵᠢᠭᠦᠯᠭᠡ ᠬᠢᠭᠡᠳ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ ᠃ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠪᠣᠯᠣᠨ ᠨᠠᠰᠤᠨ ᠳᠤ ᠬᠦᠷᠦᠭᠰᠡᠳ ᠤᠨ ᠰᠤᠷᠭᠠᠨ ᠬᠥᠮᠦᠵᠢᠯ ᠤᠨ ᠰᠤᠷᠭᠠᠭᠤᠯᠢ ᠶᠢᠨ ᠲᠤᠰᠬᠠᠢ ᠮᠡᠷᠭᠡᠵᠢᠯ ᠤᠨ ᠪᠠᠶᠢᠭᠤᠯᠤᠯᠲᠠ ᠂ ᠬᠢᠴᠢᠶᠡᠯ ᠤᠨ ᠪᠠᠶᠢᠭᠤᠯᠤᠯᠲᠠ ᠂ ᠵᠢᠭᠠᠬᠤ ᠮᠠᠲ᠋ᠧᠷᠢᠶᠠᠯ ᠤᠨ ᠪᠠᠶᠢᠭᠤᠯᠤᠯᠲᠠ ᠂ ᠪᠠᠭᠰᠢ ᠶᠢᠨ ᠡᠩᠨᠡᠭᠡᠨ ᠤ ᠪᠠᠶᠢᠭᠤᠯᠤᠯᠲᠠ ᠵᠡᠷᠭᠡ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠠᠵᠢᠯ ᠢ ᠵᠢᠯᠣᠭᠤᠳᠤᠨ᠎ᠠ ᠃ ᠠᠵᠢᠯᠲᠠᠨ ᠠᠵᠢᠯᠴᠢᠨ ᠤ ᠰᠤᠷᠭᠠᠨ ᠬᠥᠮᠦᠵᠢᠯ᠂ ᠨᠡᠶᠢᠭᠡᠮ ᠲᠣᠭᠤᠷᠢᠭ ᠤᠨ ᠰᠤᠷᠭᠠᠨ ᠬᠥᠮᠦᠵᠢᠯ᠂ ᠲᠠᠷᠢᠶᠠᠴᠢᠨ ᠤ ᠰᠤᠷᠭᠠᠨ ᠬᠥᠮᠦᠵᠢᠯ᠂ ᠨᠠᠰᠤᠨ ᠲᠤᠷᠰᠢ ᠶᠢᠨ ᠰᠤᠷᠭᠠᠨ ᠬᠥᠮᠦᠵᠢᠯ ᠵᠡᠷᠭᠡ ᠡᠯ᠎ᠡ ᠲᠥᠷᠥᠯ ᠤᠨ ᠨᠠᠰᠤᠨ ᠳᠤ ᠬᠦᠷᠦᠭᠰᠡᠳ ᠤᠨ ᠰᠤᠷᠭᠠᠨ ᠬᠥᠮᠦᠵᠢᠯ ᠤᠨ ᠠᠵᠢᠯ ᠳᠤ ᠣᠷᠣᠯᠴᠠᠵᠤ ᠵᠢᠭᠠᠨ ᠵᠢᠯᠣᠭᠤᠳᠤᠨ᠎ᠠ᠃     ︵ 4 ︶ ᠦᠨᠳᠦᠰᠦᠲᠡᠨ ᠤ ᠰᠤᠷᠭᠠᠨ ᠬᠥᠮᠦᠵᠢᠯ ᠤᠨ ᠠᠵᠢᠯ ᠢ ᠬᠠᠷᠢᠭᠤᠴᠠᠨ ᠵᠢᠯᠣᠭᠤᠳᠤᠨ᠎ᠠ ᠃ ᠪᠦᠬᠦ ᠲᠣᠭᠤᠷᠢᠭ ᠤᠨ ᠦᠨᠳᠦᠰᠦᠲᠡᠨ ᠤ ᠰᠤᠷᠭᠠᠨ ᠬᠥᠮᠦᠵᠢᠯ ᠎ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠰᠤᠳᠤᠯᠤᠨ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ ᠃ ᠦᠨᠳᠦᠰᠦᠲᠡᠨ ᠤ ᠰᠤᠷᠭᠠᠭᠤᠯᠢ ᠶᠢᠨ ᠬᠠᠮᠢᠶᠠᠷᠤᠯᠲᠠ ᠪᠠ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠠᠵᠢᠯ ᠢ ᠵᠢᠯᠣᠭᠤᠳᠤᠨ᠎ᠠ ᠃ ᠰᠤᠷᠭᠠᠭᠤᠯᠢ ᠶᠢᠨ ᠵᠢᠭᠠᠬᠤ ᠮᠠᠲ᠋ᠧᠷᠢᠶᠠᠯ ᠤᠨ ᠪᠠᠶᠢᠭᠤᠯᠤᠯᠲᠠ ᠪᠠ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢ ᠵᠢᠯᠣᠭᠤᠳᠤᠨ᠎ᠠ ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠰᠤᠷᠭᠠᠨ ᠬᠥᠮᠦᠵᠢᠯ ᠤᠨ ᠰᠢᠰᠲ᠋ᠧᠮ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠰᠤᠷᠭᠠᠨ ᠬᠥᠮᠦᠵᠢᠯ ᠪᠠ ᠴᠥᠭᠡᠨ ᠲᠣᠭᠠᠲᠤ ᠦᠨᠳᠦᠰᠦᠲᠡᠨ ᠤ ᠦᠭᠡ ᠬᠡᠯᠡ ᠦᠰᠦᠭ ᠪᠢᠴᠢᠭ ᠢ ᠳᠦᠷᠢᠮᠵᠢᠭᠦᠯᠬᠦ ᠠᠵᠢᠯ ᠢ ᠵᠢᠯᠣᠭᠤᠳᠤᠨ ᠵᠢᠯᠣᠭᠤᠳᠤᠨ᠎ᠠ ᠃    ︵5︶ ᠡᠯ᠎ᠡ ᠱᠠᠲᠤᠨ ᠤ ᠡᠯ᠎ᠡ ᠲᠥᠷᠥᠯ ᠤᠨ ᠰᠤᠷᠭᠠᠨ ᠬᠥᠮᠦᠵᠢᠯ ᠢ ᠬᠢᠨᠠᠨ ᠵᠢᠯᠤᠭᠤᠳᠴᠤ ᠪᠠᠶᠢᠴᠠᠭᠠᠬᠤ ᠪᠠ ᠦᠨᠡᠯᠡᠨ ᠵᠢᠱᠢᠵᠦ ᠵᠢᠯᠤᠭᠤᠳᠬᠤ ᠠᠵᠢᠯ ᠢ ᠬᠠᠷᠢᠭᠤᠴᠠᠨ᠎ᠠ᠃ ᠰᠠᠭᠤᠷᠢ ᠰᠤᠷᠭᠠᠨ ᠬᠥᠮᠦᠵᠢᠯ ᠤᠨ ᠬᠥᠭᠵᠢᠯᠲᠡ ᠶᠢᠨ ᠬᠢᠷᠢ ᠬᠡᠮᠵᠢᠶ᠎ᠡ ᠪᠠ ᠰᠤᠷᠭᠠᠨ ᠬᠥᠮᠦᠵᠢᠯ ᠤᠨ ᠵᠢᠭᠠᠨ ᠰᠤᠷᠭᠠᠬᠤ ᠶᠠᠰᠤ ᠴᠢᠨᠠᠷ ᠢ ᠬᠢᠨᠠᠨ ᠰᠢᠯᠭᠠᠨ᠎ᠠ ᠃    ︵ 6 ︶ ᠲᠤᠰ ᠰᠠᠯᠠᠭ᠎ᠠ ᠮᠥᠴᠢᠷ ᠤᠨ ᠢᠶᠠᠨ ᠰᠤᠷᠭᠠᠨ ᠬᠥᠮᠦᠵᠢᠯ ᠤᠨ ᠵᠠᠷᠤᠳᠠᠯ ᠢ ᠨᠢᠭᠡᠳᠦᠯᠲᠡᠢ ᠲᠥᠯᠥᠪᠯᠡᠨ ᠬᠠᠮᠢᠶᠠᠷᠬᠤ ᠶᠢ ᠬᠠᠷᠢᠭᠤᠴᠠᠨ᠎ᠠ ᠃ ᠰᠤᠷᠭᠠᠨ ᠬᠥᠮᠦᠵᠢᠯ ᠤᠨ ᠵᠠᠷᠤᠳᠠᠯ ᠢ ᠴᠤᠭᠯᠠᠭᠤᠯᠬᠤ ᠂ ᠰᠤᠷᠭᠠᠨ ᠬᠥᠮᠦᠵᠢᠯ ᠳᠤ ᠵᠣᠭᠤᠰ ᠰᠠᠯᠭᠠᠨ ᠥᠭᠬᠦ ᠂ ᠰᠤᠷᠭᠠᠨ ᠬᠥᠮᠦᠵᠢᠯ ᠤᠨ ᠦᠨᠳᠦᠰᠦᠨ ᠪᠦᠲᠦᠭᠡᠨ ᠪᠠᠶᠢᠭᠤᠯᠤᠯᠲᠠ ᠶᠢᠨ ᠪᠡᠯᠡ ᠣᠷᠣᠭᠤᠯᠤᠯᠲᠠ ᠶᠢ ᠬᠡᠷᠡᠭᠯᠡᠬᠦ ᠬᠠᠮᠢᠶᠠᠷᠤᠯᠲᠠ ᠶᠢᠨ ᠳᠦᠷᠢᠮ ᠪᠠ ᠠᠷᠭ᠎ᠠ ᠶᠢ ᠲᠣᠭᠲᠠᠭᠠᠬᠤ ᠳᠤ ᠣᠷᠣᠯᠴᠠᠨ᠎ᠠ ᠃ ᠰᠤᠷᠭᠠᠨ ᠬᠥᠮᠦᠵᠢᠯ ᠤᠨ ᠵᠦᠢᠯᠡᠰ ᠤᠨ ᠲᠥᠯᠦᠪᠵᠢᠭᠦᠯᠭᠡ ᠪᠠ ᠬᠡᠷᠡᠭᠵᠢᠭᠦᠯᠦᠯᠲᠡ ᠶᠢ ᠨᠢᠭᠡᠳᠦᠯᠲᠡᠢ ᠲᠥᠯᠥᠪᠯᠡᠨ ᠬᠠᠷᠢᠭᠤᠴᠠᠨ᠎ᠠ᠃ᠪᠥᠬᠦ ᠲᠣᠭᠤᠷᠢᠭ ᠤᠨ ᠰᠤᠷᠭᠠᠨ ᠬᠥᠮᠦᠵᠢᠯ ᠤᠨ ᠵᠠᠷᠤᠳᠠᠯ ᠤᠨ ᠬᠡᠷᠡᠭᠯᠡᠯᠲᠡ ᠶᠢᠨ ᠪᠠᠶᠢᠳᠠᠯ ᠳᠤ ᠬᠢᠨᠠᠯᠲᠠ ᠲᠠᠯᠪᠢᠬᠤ ᠪᠠ ᠬᠠᠮᠢᠶᠠᠷᠤᠯᠲᠠ ᠶᠠᠪᠤᠭᠤᠯᠤᠨ᠎ᠠ᠃ ᠡᠯ᠎ᠡ ᠱᠠᠲᠤᠨ ᠤ ᠡᠯ᠎ᠡ ᠲᠥᠷᠥᠯ ᠤᠨ ᠰᠤᠷᠭᠠᠭᠤᠯᠢ ᠶᠢᠨ ᠰᠣᠷᠣᠭᠴᠢ ᠶᠢ ᠲᠤᠰᠠᠯᠠᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃    ︵ 7 ︶ ᠡᠯ᠎ᠡ ᠱᠠᠲᠤᠨ ᠤ ᠡᠯ᠎ᠡ ᠲᠦᠷᠦᠯ ᠤᠨ ᠰᠤᠷᠭᠠᠭᠤᠯᠢ ᠶᠢᠨ ᠨᠠᠮ ᠤᠨ ᠪᠠᠶᠢᠭᠤᠯᠤᠯᠲᠠ ᠂ ᠦᠵᠡᠯ ᠰᠠᠨᠠᠭ᠎ᠠ ᠤᠯᠤᠰ ᠲᠦᠷᠦ ᠪᠠ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠢ ᠲᠥᠯᠥᠪᠵᠢᠭᠦᠯᠦᠨ ᠵᠢᠯᠣᠭᠤᠳᠤᠨ᠎ᠠ ᠃ ᠰᠤᠷᠭᠠᠨ ᠬᠥᠮᠦᠵᠢᠯ ᠤᠨ ᠰᠢᠰᠲ᠋ᠧᠮ ᠤᠨ ᠨᠢᠭᠡᠳᠦᠮᠡᠯ ᠹᠷᠣᠨᠲ ᠪᠠ ᠤᠯᠠᠨ ᠲᠦᠮᠡᠨ ᠤ ᠪᠦᠯᠬᠦᠮ ᠤᠨ ᠵᠣᠬᠢᠶᠠᠨ ᠪᠠᠶᠢᠭᠤᠯᠤᠯᠲᠠ ᠶᠢᠨ ᠠᠵᠢᠯ ᠢ ᠵᠢᠯᠣᠭᠤᠳᠤᠨ᠎ᠠ ᠃ ᠡᠯ᠎ᠡ ᠲᠥᠷᠥᠯ ᠤᠨ ᠰᠤᠷᠭᠠᠭᠤᠯᠢ ᠶᠢᠨ ᠶᠣᠰᠣ ᠮᠣᠷᠠᠯ ᠤᠨ ᠬᠥᠮᠦᠵᠢᠯ᠂ ᠪᠡᠶ᠎ᠡ ᠶᠢᠨ ᠲᠠᠮᠢᠷ ᠡᠷᠡᠭᠦᠯ ᠬᠠᠮᠠᠭᠠᠯᠠᠯ ᠬᠢᠭᠡᠳ ᠡᠷᠡᠭᠦᠯ ᠮᠡᠨᠳᠦ ᠶᠢᠨ ᠬᠥᠮᠦᠵᠢᠯ᠂ ᠤᠷᠠᠯᠢᠭ ᠬᠢᠭᠡᠳ ᠬᠥᠳᠡᠯᠮᠦᠷᠢ ᠶᠢᠨ ᠬᠥᠮᠦᠵᠢᠯ ᠵᠢᠴᠢ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠤᠨ ᠠᠵᠢᠯ ᠢ ᠵᠢᠯᠣᠭᠤᠳᠤᠨ᠎ᠠ᠃   ︵ 8 ︶ ᠪᠦᠬᠦ ᠲᠣᠭᠤᠷᠢᠭ ᠤᠨ ᠪᠠᠭᠰᠢ ᠶᠢᠨ ᠠᠵᠢᠯ ᠢ ᠭᠤᠣᠯᠯᠠᠨ ᠬᠠᠮᠢᠶᠠᠷᠤᠨ᠎ᠠ ᠃ ᠪᠦᠬᠦ ᠲᠣᠭᠤᠷᠢᠭ ᠤᠨ ᠰᠤᠷᠭᠠᠨ ᠬᠥᠮᠦᠵᠢᠯ  ᠤᠨ  ᠰᠢᠰᠲ᠋ᠧᠮ ᠤᠨ ᠴᠢᠳᠠᠪᠤᠷᠢᠲᠠᠨ ᠎ ᠤ ᠠᠵᠢᠯ ᠢ ᠨᠢᠭᠡᠳᠦᠯᠲᠡᠢ ᠲᠥᠯᠥᠪᠯᠡᠨ ᠬᠠᠮᠢᠶᠠᠷᠤᠨ᠎ᠠ ᠃ ᠡᠯ᠎ᠡ ᠱᠠᠲᠤᠨ ᠤ ᠡᠯ᠎ᠡ ᠲᠦᠷᠦᠯ ᠤᠨ ᠰᠤᠷᠭᠠᠭᠤᠯᠢ ᠶᠢᠨ ᠪᠠᠭᠰᠢ᠂ ᠰᠤᠷᠭᠠᠭᠤᠯᠢ ᠶᠢᠨ ᠵᠠᠬᠢᠷᠤᠯ ᠪᠣᠯᠣᠨ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠺᠠᠳ᠋ᠷ ᠤᠨ ᠡᠩᠨᠡᠭᠡᠨ ᠤ ᠪᠠᠶᠢᠭᠤᠯᠤᠯᠲᠠ ᠶᠢᠨ ᠪᠠᠭᠰᠢ ᠶᠢ ᠤᠷᠢᠨ ᠬᠡᠷᠡᠭᠯᠡᠬᠦ᠂ ᠠᠵᠢᠯ ᠤᠨ ᠪᠠᠶᠢᠷᠢ ᠳᠤ ᠤᠷᠢᠨ ᠬᠡᠷᠡᠭᠯᠡᠬᠦ ᠶᠢ ᠬᠠᠮᠢᠶᠠᠷᠬᠤ᠂ ᠮᠡᠷᠭᠡᠵᠢᠯ ᠤᠨ ᠴᠣᠯᠠ ᠶᠢ ᠬᠢᠨᠠᠨ ᠲᠣᠭᠲᠠᠭᠠᠬᠤ᠂ ᠪᠠᠭᠰᠢ ᠶᠢᠨ ᠪᠣᠯᠪᠠᠰᠤᠷᠠᠭᠤᠯᠤᠯ᠂ ᠪᠠᠭᠰᠢ ᠶᠢᠨ ᠬᠦᠰᠦᠨᠦᠭᠲᠦ ᠶᠢᠨ ᠱᠠᠩᠨᠠᠯ᠂ ᠪᠠᠭᠰᠢ ᠶᠢᠨ ᠬᠢᠷᠢ ᠬᠡᠮ ᠢ ᠮᠠᠭᠠᠳᠯᠠᠨ ᠲᠣᠭᠲᠠᠭᠠᠬᠤ ᠵᠡᠷᠭᠡ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃    ︵9︶ ᠪᠥᠬᠦ ᠲᠣᠭᠤᠷᠢᠭ ᠤᠨ ᠰᠤᠷᠭᠠᠨ ᠬᠥᠮᠦᠵᠢᠯ ᠤᠨ ᠰᠣᠷᠣᠭᠴᠢ ᠡᠯᠰᠡᠬᠦ ᠰᠢᠯᠭᠠᠯᠲᠠ ᠶᠢᠨ ᠠᠵᠢᠯ ᠢ ᠨᠢᠭᠡᠳᠦᠯᠲᠡᠢ ᠲᠥᠯᠥᠪᠯᠡᠨ ᠬᠠᠮᠢᠶᠠᠷᠴᠤ ᠵᠢᠯᠣᠭᠤᠳᠤᠨ᠎ᠠ᠃    ︵10︶ ᠪᠥᠬᠦ ᠲᠣᠭᠤᠷᠢᠭ ᠤᠨ ᠰᠤᠷᠭᠠᠨ ᠬᠥᠮᠦᠵᠢᠯ ᠤᠨ ᠰᠢᠨᠵᠢᠯᠡᠬᠦ ᠤᠬᠠᠭᠠᠨ ᠤ ᠰᠤᠳᠤᠯᠭᠠᠨ᠂ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢᠨ ᠰᠤᠳᠤᠯᠭᠠᠨ᠂ ᠰᠤᠷᠭᠠᠨ ᠬᠥᠮᠦᠵᠢᠯ ᠤᠨ ᠮᠡᠷᠭᠡᠵᠢᠯ ᠲᠣᠨᠣᠭᠯᠠᠯ ᠤᠨ ᠠᠵᠢᠯ ᠢ ᠨᠢᠭᠡᠳᠦᠯᠲᠡᠢ ᠲᠥᠯᠥᠪᠯᠡᠨ ᠵᠢᠯᠤᠭᠤᠳᠴᠤ᠂ ᠪᠥᠬᠦ ᠲᠣᠭᠤᠷᠢᠭ ᠤᠨ ᠰᠤᠷᠭᠠᠨ ᠬᠥᠮᠦᠵᠢᠯ ᠤᠨ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢᠨ ᠠᠵᠢᠯ ᠢ ᠠᠬᠢᠭᠤᠯᠤᠨ᠎ᠠ᠃    ︵11︶ ᠰᠤᠷᠭᠠᠨ ᠬᠥᠮᠦᠵᠢᠯ ᠤᠨ ᠰᠢᠰᠲ᠋ᠧᠮ ᠤᠨ ᠲᠣᠭᠲᠠᠭᠤᠨ ᠪᠠᠶᠢᠳᠠᠯ ᠢ ᠬᠠᠮᠠᠭᠠᠯᠠᠬᠤ ᠵᠢᠴᠢ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠢ ᠵᠢᠯᠣᠭᠤᠳᠤᠨ ᠵᠣᠬᠢᠴᠠᠭᠤᠯᠤᠨ᠎ᠠ᠃ ᠳᠤᠮᠳᠠᠳᠤ ᠪᠠᠭ᠎ᠠ ᠰᠤᠷᠭᠠᠭᠤᠯᠢ ᠶᠢᠨ ᠠᠷᠤ ᠲᠠᠯ᠎ᠠ ᠶᠢᠨ ᠠᠵᠢᠯ ᠤᠨ ᠬᠠᠮᠢᠶᠠᠷᠤᠯᠲᠠ ᠪᠠ ᠥᠭᠡᠷᠡᠴᠢᠯᠡᠯᠲᠡ ᠶᠢᠨ ᠠᠵᠢᠯ ᠢ ᠵᠢᠭᠠᠨ  ᠵᠢᠯᠣᠭᠤᠳᠤᠨ᠎ᠠ᠃    ︵12︶ ᠪᠥᠬᠦ ᠲᠣᠭᠤᠷᠢᠭ ᠤᠨ ᠰᠤᠷᠭᠠᠨ ᠬᠥᠮᠦᠵᠢᠯ ᠤᠨ ᠰᠢᠰᠲ᠋ᠧᠮ ᠤᠨ ᠭᠠᠳᠠᠭᠠᠳᠤ ᠲᠠᠢ ᠬᠠᠮᠲᠤᠷᠠᠯᠴᠠᠬᠤ ᠪᠠ ᠰᠣᠯᠢᠯᠴᠠᠬᠤ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠤᠨ᠎ᠠ᠃    ︵ 13 ︶ ᠦᠭᠡ ᠬᠡᠯᠡ ᠦᠰᠦᠭ ᠪᠢᠴᠢᠭ ᠤᠨ ᠠᠵᠢᠯ ᠤᠨ ᠴᠢᠭᠯᠡᠯᠲᠡ ᠂ ᠲᠦᠷᠦ ᠶᠢᠨ ᠪᠣᠳᠣᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠂ ᠪᠦᠬᠦ ᠲᠣᠭᠤᠷᠢᠭ ᠤᠨ ᠬᠢᠲᠠᠳ ᠦᠭᠡ ᠬᠡᠯᠡ ᠦᠰᠦᠭ ᠪᠢᠴᠢᠭ ᠤᠨ ᠠᠵᠢᠯ ᠤᠨ ᠳᠤᠮᠳᠠ ᠤᠷᠲᠤ ᠬᠤᠭᠤᠴᠠᠭᠠᠨ ᠤ ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠵᠤ ᠂ ᠬᠢᠲᠠᠳ ᠦᠭᠡ ᠬᠡᠯᠡ ᠦᠰᠦᠭ ᠪᠢᠴᠢᠭ ᠤᠨ ᠠᠵᠢᠯ ᠤᠨ ᠳᠦᠷᠢᠮᠵᠢᠭᠰᠡᠨ ᠪᠠᠶᠢᠭᠤᠯᠤᠯᠲᠠ ᠶᠢ ᠬᠢᠨᠠᠨ ᠪᠠᠶᠢᠴᠠᠭᠠᠵᠤ ᠂ ᠨᠡᠶᠢᠲᠡᠯᠢᠭ ᠬᠡᠯᠡ ᠪᠠ ᠨᠡᠶᠢᠲᠡᠯᠢᠭ ᠬᠡᠯᠡ ᠶᠢ ᠲᠦᠭᠡᠮᠡᠯᠵᠢᠭᠦᠯᠬᠦ ᠪᠠᠭᠰᠢ ᠶᠢᠨ ᠪᠣᠯᠪᠠᠰᠤᠷᠠᠯ ᠤᠨ ᠠᠵᠢᠯ ᠢ ᠵᠢᠯᠣᠭᠤᠳᠤᠨ᠎ᠠ ᠃    ︵ 14 ︶ ᠲᠣᠭᠤᠷᠢᠭ ᠤᠨ ᠨᠠᠮ ᠤᠨ ᠬᠤᠷᠢᠶᠠᠨ ᠤ ᠰᠤᠷᠭᠠᠨ ᠬᠥᠮᠦᠵᠢᠯ ᠤᠨ ᠠᠵᠢᠯ ᠤᠨ ᠤᠳᠤᠷᠢᠳᠬᠤ ᠳᠤᠭᠤᠶᠢᠯᠠᠩ ᠤᠨ ᠡᠳᠦᠷ ᠲᠤᠳᠤᠮ ᠤᠨ ᠠᠵᠢᠯ ᠢ ᠬᠠᠷᠢᠭᠤᠴᠠᠨ᠎ᠠ᠃    ︵ 15 ︶ ᠲᠣᠭᠤᠷᠢᠭ ᠤᠨ ᠨᠠᠮ ᠤᠨ ᠬᠤᠷᠢᠶ᠎ᠠ ᠂ ᠲᠣᠭᠤᠷᠢᠭ ᠤᠨ ᠵᠠᠰᠠᠭ ᠤᠨ ᠣᠷᠳᠣᠨ ᠤ ᠳᠠᠭᠠᠭᠠᠯᠭᠠᠭᠰᠠᠨ ᠪᠤᠰᠤᠳ ᠡᠭᠦᠷᠭᠡ ᠨᠦᠭᠦᠳ ᠢ ᠪᠡᠶᠡᠯᠡᠭᠦᠯᠦᠨ᠎ᠡ ᠃    ᠬᠤᠶᠠᠷ ᠂ ᠳᠣᠲᠣᠭᠠᠳᠤ ᠪᠠᠶᠢᠭᠤᠯᠤᠮᠵᠢ    ᠳᠡᠭᠡᠷᠡᠬᠢ ᠡᠭᠦᠷᠭᠡ ᠬᠠᠷᠢᠭᠤᠴᠠᠯᠭ᠎ᠠ ᠶᠢ ᠦᠨᠳᠦᠰᠦᠯᠡᠨ᠂ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠳᠤ 5 ᠳᠣᠲᠣᠭᠠᠳᠤ ᠪᠠᠶᠢᠭᠤᠯᠤᠮᠵᠢ ᠲᠠᠢ᠄    ︵ᠨᠢᠭᠡ︶ ᠠᠯᠪᠠᠨ ᠭᠡᠷ    ᠪᠠᠶᠢᠭᠤᠯᠭ᠎ᠠ ᠶᠢᠨ ᠡᠳᠦᠷ ᠲᠤᠲᠤᠮ ᠤᠨ ᠠᠵᠢᠯᠯᠠᠭᠠᠨ ᠪᠠ ᠶᠡᠷᠦᠩᠬᠡᠶᠢᠯᠡᠨ ᠵᠣᠬᠢᠴᠠᠭᠤᠯᠬᠤ ᠶᠢ ᠬᠠᠷᠢᠭᠤᠴᠠᠵᠤ᠂ ᠶᠡᠷᠦᠩᠬᠡᠶᠢᠯᠡᠭᠰᠡᠨ ᠴᠢᠨᠠᠷᠲᠠᠢ ᠡᠬᠡ ᠪᠢᠴᠢᠭ ᠲᠤᠭᠤᠷᠪᠢᠬᠤ᠂ ᠪᠢᠴᠢᠭ ᠮᠠᠲ᠋ᠧᠷᠢᠶᠠᠯ ᠴᠠᠬᠢᠯᠭᠠᠨ ᠮᠡᠳᠡᠭᠡ ᠰᠢᠢᠳᠪᠦᠷᠢᠯᠡᠬᠦ᠂ ᠬᠤᠷᠠᠯ ᠵᠣᠬᠢᠶᠠᠨ ᠪᠠᠶᠢᠭᠤᠯᠬᠤ᠂ ᠮᠡᠳᠡᠭᠡ ᠵᠠᠩᠭᠢ ᠤᠬᠠᠭᠤᠯᠬᠤ᠂ ᠪᠢᠴᠢᠭ ᠬᠠᠷ᠎ᠠ ᠲᠠᠩᠰᠠ ᠡᠪᠬᠡᠮᠡᠯ ᠤᠨ ᠬᠠᠮᠢᠶᠠᠷᠤᠯᠲᠠ᠂ ᠨᠢᠭᠤᠴᠠ ᠶᠢ ᠬᠠᠮᠠᠭᠠᠯᠠᠬᠤ ᠨᠢᠭᠤᠴᠠ ᠴᠢᠬᠤᠯᠠ ᠮᠠᠲ᠋ᠧᠷᠢᠶᠠᠯ᠂ ᠵᠠᠰᠠᠭ ᠤᠨ ᠶᠠᠪᠤᠳᠠᠯ ᠢ ᠢᠯᠡ ᠪᠣᠯᠭᠠᠬᠤ᠂ ᠰᠢᠮᠳᠠᠭᠤᠯᠤᠨ ᠪᠠᠶᠢᠴᠠᠭᠠᠵᠤ ᠰᠢᠮᠳᠠᠭᠤᠯᠤᠨ ᠭᠦᠢᠴᠡᠳᠬᠡᠬᠦ᠂ ᠠᠷᠤ ᠲᠠᠯ᠎ᠠ ᠶᠢᠨ ᠦᠢᠯᠡᠴᠢᠯᠡᠭᠡᠨ ᠤ ᠪᠠᠲᠤᠯᠠᠭ᠎ᠠ ᠵᠡᠷᠭᠡ ᠠᠵᠢᠯ ᠢ ᠡᠭᠦᠷᠭᠡᠯᠡᠨ᠎ᠡ᠃ ᠰᠤᠷᠭᠠᠨ ᠬᠥᠮᠦᠵᠢᠯ ᠤᠨ ᠰᠢᠰᠲ᠋ᠧᠮ ᠤᠨ ᠬᠠᠤᠯᠢ ᠳᠦᠷᠢᠮ ᠤᠨ ᠪᠠᠶᠢᠭᠤᠯᠤᠯᠲᠠ ᠶᠢ ᠵᠢᠯᠤᠭᠤᠳᠴᠤ᠂ ᠰᠤᠷᠭᠠᠨ ᠬᠥᠮᠦᠵᠢᠯ ᠤᠨ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠢ ᠰᠤᠳᠤᠯᠬᠤ᠂ ᠵᠠᠰᠠᠭ ᠵᠠᠬᠢᠷᠭᠠᠨ ᠢᠶᠠᠷ ᠳᠠᠬᠢᠨ ᠵᠥᠪᠯᠡᠬᠦ᠂ ᠵᠠᠰᠠᠭ ᠵᠠᠬᠢᠷᠭᠠᠨ ᠤ ᠵᠠᠷᠭᠤ ᠬᠦᠯᠢᠶᠡᠬᠦ᠂ ᠰᠤᠷᠭᠠᠨ ᠬᠥᠮᠦᠵᠢᠯ ᠤᠨ ᠵᠠᠬᠢᠳᠠᠯ ᠰᠣᠷᠪᠤᠯᠵᠢᠯᠠᠭ᠎ᠠ ᠪᠠ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠤᠨ ᠬᠠᠤᠯᠢ ᠶᠣᠰᠣᠴᠢ ᠴᠢᠨᠠᠷ ᠤᠨ ᠬᠢᠨᠠᠨ ᠪᠠᠶᠢᠴᠠᠭᠠᠯᠲᠠ ᠶᠢ ᠬᠠᠷᠢᠭᠤᠴᠠᠨ᠎ᠠ᠃ ᠰᠤᠷᠭᠠᠨ ᠬᠥᠮᠦᠵᠢᠯ ᠢᠶᠠᠷ ᠶᠠᠳᠠᠭᠤ ᠶᠢ ᠲᠡᠳᠬᠦᠬᠦ ᠪᠠ ᠠᠵᠢᠯ ᠲᠥᠷᠥᠯ ᠤᠨ ᠰᠢᠰᠲ᠋ᠧᠮ ᠢᠶᠠᠷ ᠢᠶᠠᠨ ᠲᠤᠰᠠᠯᠠᠬᠤ ᠶᠢ ᠵᠢᠭᠠᠨ ᠵᠢᠯᠣᠭᠤᠳᠤᠨ᠎ᠠ᠃ ᠪᠠᠶᠢᠭᠤᠯᠭ᠎ᠠ ᠶᠢᠨ ᠠᠵᠢᠯ ᠠᠴᠠ ᠪᠠᠨ ᠰᠠᠯᠤᠭᠰᠠᠨ ᠪᠠ ᠠᠵᠢᠯ ᠠᠴᠠ ᠪᠠᠨ ᠠᠮᠠᠷᠠᠭᠰᠠᠨ ᠬᠦᠮᠦᠰ ᠤᠨ ᠠᠵᠢᠯ ᠢ ᠬᠠᠷᠢᠭᠤᠴᠠᠨ᠎ᠠ᠃    ᠬᠠᠷᠢᠭᠤᠴᠠᠯᠭᠠᠲᠠᠨ ᠄ ᠮᠧᠩ ᠰᠢᠶᠠᠩ ᠰᠢᠨ    ᠴᠠᠬᠢᠯᠭᠠᠨ ᠮᠡᠳᠡᠭᠡ᠄ 3510464    ᠠᠵᠢᠯᠯᠠᠬᠤ ᠭᠠᠵᠠᠷ᠄ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠶᠢᠨ 416 ᠲᠠᠰᠤᠭ    ( ᠬᠤᠶᠠᠷ ) ᠠᠵᠢᠯᠲᠠᠨ ᠤ ᠶᠠᠪᠤᠳᠠᠯ ᠤᠨ ᠲᠠᠰᠤᠭ    ᠪᠦᠬᠦ ᠲᠣᠭᠤᠷᠢᠭ ᠤᠨ ᠰᠤᠷᠭᠠᠨ ᠬᠥᠮᠦᠵᠢᠯ ᠤᠨ ᠰᠢᠰᠲ᠋ᠧᠮ ᠤᠨ ᠠᠵᠢᠯᠲᠠᠨ ᠎ ᠤ ᠶᠠᠪᠤᠳᠠᠯ ᠤᠨ ᠳᠦᠷᠢᠮ ᠎ ᠤᠨ ᠥᠭᠡᠷᠡᠴᠢᠯᠡᠯᠲᠡ ᠪᠣᠯᠣᠨ ᠪᠠᠭᠰᠢ ᠶᠢᠨ ᠡᠩᠨᠡᠭᠡᠨ ᠤ ᠪᠠᠶᠢᠭᠤᠯᠤᠯᠲᠠ ᠬᠢᠭᠡᠳ ᠬᠠᠮᠢᠶᠠᠷᠤᠯᠲᠠ ᠶᠢᠨ ᠠᠵᠢᠯ ᠢ ᠵᠣᠬᠢᠴᠠᠭᠤᠯᠤᠨ ᠵᠢᠯᠤᠭᠤᠳᠬᠤ ᠶᠢ ᠬᠠᠷᠢᠭᠤᠴᠠᠨ᠎ᠠ ᠃ ᠺᠠᠳ᠋ᠷ ᠤᠨ ᠬᠠᠮᠢᠶᠠᠷᠤᠯᠲᠠ ᠶᠢᠨ ᠡᠷᠬᠡ ᠮᠡᠳᠡᠯ ᠤᠨ ᠬᠡᠪᠴᠢᠶᠡᠨ ᠤ ᠶᠣᠰᠣᠭᠠᠷ ᠂ ᠪᠦᠬᠦ ᠲᠣᠭᠤᠷᠢᠭ ᠤᠨ ᠰᠤᠷᠭᠠᠭᠤᠯᠢ ᠶᠢᠨ ᠺᠠᠳ᠋ᠷ ᠢ ᠰᠢᠯᠢᠨ ᠳᠡᠪᠰᠢᠭᠦᠯᠬᠦ ᠂ ᠬᠥᠮᠥᠵᠢᠭᠦᠯᠬᠦ ᠂ ᠬᠢᠨᠠᠨ ᠰᠢᠯᠭᠠᠬᠤ ᠂ ᠲᠣᠮᠢᠯᠠᠬᠤ ᠪᠠᠭᠤᠯᠭᠠᠬᠤ ᠪᠠ ᠬᠠᠮᠢᠶᠠᠷᠬᠤ ᠠᠵᠢᠯ ᠢ ᠬᠠᠷᠢᠭᠤᠴᠠᠨ᠎ᠠ ᠃ ᠪᠥᠬᠦ ᠲᠣᠭᠤᠷᠢᠭ ᠤᠨ ᠰᠤᠷᠭᠠᠨ ᠬᠥᠮᠦᠵᠢᠯ ᠤᠨ ᠰᠢᠰᠲ᠋ᠧᠮ ᠤᠨ ᠪᠠᠶᠢᠭᠤᠯᠤᠮᠵᠢ ᠶᠢᠨ ᠣᠷᠣᠨ ᠲᠤᠭ᠎ᠠ᠂ ᠴᠠᠯᠢᠩ ᠢ ᠬᠢᠨᠠᠨ ᠬᠠᠷᠭᠤᠭᠤᠯᠬᠤ᠂ ᠠᠵᠢᠯ ᠰᠢᠯᠵᠢᠭᠦᠯᠬᠦ᠂ ᠰᠢᠨ᠎ᠡ ᠪᠠᠭᠰᠢ ᠶᠢ ᠰᠢᠯᠭᠠᠨ ᠡᠯᠰᠡᠬᠦ᠂ ᠰᠤᠷᠭᠠᠨ ᠬᠥᠮᠦᠵᠢᠯ ᠤᠨ ᠠᠵᠢᠯᠲᠠᠨ ᠤ ᠶᠠᠪᠤᠳᠠᠯ ᠤᠨ ᠪᠦᠷᠢᠳᠬᠡᠯ᠂ ᠺᠠᠳ᠋ᠷ ᠤᠨ ᠲᠠᠩᠰᠠ ᠡᠪᠬᠡᠮᠡᠯ ᠪᠠ ᠪᠠᠭᠰᠢ ᠶᠢᠨ ᠠᠵᠢᠯᠲᠠᠨ ᠤ ᠶᠠᠪᠤᠳᠠᠯ ᠤᠨ ᠲᠠᠩᠰᠠ ᠡᠪᠬᠡᠮᠡᠯ ᠤᠨ ᠬᠠᠮᠢᠶᠠᠷᠤᠯᠲᠠ ᠵᠡᠷᠭᠡ ᠠᠵᠢᠯ ᠢ ᠬᠠᠷᠢᠭᠤᠴᠠᠨ᠎ᠠ᠃ ᠪᠦᠬᠦ ᠲᠣᠭᠤᠷᠢᠭ ᠤᠨ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠂ ᠪᠠᠭ᠎ᠠ ᠰᠤᠷᠭᠠᠭᠤᠯᠢ ᠂ ᠬᠡᠦᠬᠡᠳ  ᠤᠨ ᠴᠡᠴᠡᠷᠯᠢᠭ ᠤᠨ ᠰᠤᠷᠭᠠᠭᠤᠯᠢ ᠶᠢᠨ ᠪᠠᠭᠰᠢ ᠶᠢᠨ ᠬᠢᠷᠢ ᠬᠡᠮ ᠢ ᠥᠨᠡᠯᠡᠬᠦ ᠠᠵᠢᠯ ᠢ ᠬᠠᠷᠢᠭᠤᠴᠠᠨ᠎ᠠ ᠃ ᠰᠤᠷᠭᠠᠨ ᠬᠥᠮᠦᠵᠢᠯ ᠤᠨ ᠰᠢᠰᠲ᠋ᠧᠮ ᠤᠨ ᠡᠯ᠎ᠡ ᠨᠢᠭᠡᠴᠢ ᠶᠢᠨ ᠠᠵᠢᠯᠲᠠᠨ ᠤ ᠦᠷᠭᠦᠯᠵᠢᠯᠡᠭᠰᠡᠨ ᠰᠤᠷᠭᠠᠨ ᠬᠥᠮᠦᠵᠢᠯ ᠪᠠ ᠲᠤᠰᠬᠠᠢ ᠮᠡᠷᠭᠡᠵᠢᠯ ᠤᠨ ᠠᠵᠢᠯᠲᠠᠨ ᠤ ᠲᠤᠰᠢᠶᠠᠯ ᠢ ᠲᠣᠭᠲᠠᠭᠠᠬᠤ ᠤᠷᠢᠬᠤ ᠵᠢᠴᠢ ᠮᠡᠷᠭᠡᠵᠢᠯ ᠤᠨ ᠠᠵᠢᠯᠴᠢᠨ ᠤ ᠠᠵᠢᠯ ᠮᠡᠷᠭᠡᠵᠢᠯ ᠤᠨ ᠬᠢᠷᠢ ᠬᠡᠮ ᠢ ᠬᠢᠨᠠᠨ ᠲᠣᠭᠲᠠᠭᠠᠬᠤ᠂ ᠰᠢᠯᠭᠠᠨ ᠦᠨᠡᠯᠡᠬᠦ ᠪᠠᠷ ᠮᠡᠳᠡᠭᠦᠯᠬᠦ ᠠᠵᠢᠯ ᠢ ᠵᠣᠬᠢᠶᠠᠨ ᠪᠠᠶᠢᠭᠤᠯᠤᠨ ᠵᠣᠬᠢᠴᠠᠭᠤᠯᠬᠤ ᠶᠢ ᠬᠠᠷᠢᠭᠤᠴᠠᠨ᠎ᠠ᠃ ᠪᠥᠬᠦ ᠲᠣᠭᠤᠷᠢᠭ ᠤᠨ ᠰᠤᠷᠭᠠᠨ ᠬᠥᠮᠦᠵᠢᠯ ᠤᠨ ᠰᠢᠰᠲ᠋ᠧᠮ ᠤᠨ ᠠᠵᠢᠯᠲᠠᠨ ᠢ ᠬᠥᠬᠢᠭᠦᠯᠦᠨ ᠱᠠᠩᠨᠠᠬᠤ ᠪᠠ ᠵᠢᠭᠠᠨ ᠰᠤᠷᠭᠠᠬᠤ ᠴᠢᠳᠠᠪᠤᠷᠢᠲᠠᠨ᠂ ᠬᠢᠴᠢᠶᠡᠯ ᠲᠥᠷᠥᠯ ᠤᠨ ᠳᠠᠭᠠᠭᠤᠯᠤᠭᠴᠢ᠂ ᠭᠤᠣᠯᠯᠠᠭᠴᠢ ᠪᠠᠭᠰᠢ᠂ ᠣᠨᠴᠠ ᠲᠠᠰ ᠤᠨ ᠪᠠᠭᠰᠢ ᠶᠢ ᠦᠨᠡᠯᠡᠨ ᠲᠣᠭᠲᠠᠭᠠᠵᠤ ᠲᠠᠨᠢᠯᠴᠠᠭᠤᠯᠬᠤ ᠠᠵᠢᠯ ᠢ ᠬᠠᠷᠢᠭᠤᠴᠠᠨ᠎ᠠ ᠃ ᠪᠥᠬᠦ  ᠲᠣᠭᠤᠷᠢᠭ ᠤᠨ ᠰᠤᠷᠭᠠᠨ ᠬᠥᠮᠦᠵᠢᠯ ᠤᠨ ᠰᠢᠰᠲ᠋ᠧᠮ ᠤᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠠᠵᠢᠯᠲᠠᠨ᠂ ᠳᠤᠮᠳᠠᠳᠤ ᠪᠠᠭ᠎ᠠ ᠰᠤᠷᠭᠠᠭᠤᠯᠢ ᠶᠢᠨ ᠵᠠᠬᠢᠷᠤᠯ ᠪᠠ ᠪᠠᠭᠰᠢ ᠶᠢᠨ ᠪᠣᠯᠪᠠᠰᠤᠷᠠᠭᠤᠯᠤᠯ ᠤᠨ ᠲᠥᠯᠦᠪᠵᠢᠭᠦᠯᠭᠡ ᠶᠢ ᠨᠢᠭᠡᠳᠦᠯᠲᠡᠢ ᠲᠥᠯᠥᠪᠯᠡᠨ ᠲᠣᠭᠲᠠᠭᠠᠵᠤ᠂ ᠳᠤᠮᠳᠠᠳᠤ ᠪᠠᠭ᠎ᠠ ᠰᠤᠷᠭᠠᠭᠤᠯᠢ ᠶᠢᠨ ᠵᠠᠬᠢᠷᠤᠯ ᠵᠢᠴᠢ ᠵᠠᠩᠭᠢᠯᠠᠭ᠎ᠠ ᠶᠢᠨ ᠺᠠᠳ᠋ᠷ ᠤᠨ ᠪᠣᠯᠪᠠᠰᠤᠷᠠᠭᠤᠯᠤᠯ᠂ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠶᠢᠨ ᠪᠥᠬᠦ ᠠᠵᠢᠯᠲᠠᠨ ᠤ ᠠᠵᠢᠯ ᠤᠨ ᠪᠠᠶᠢᠷᠢ ᠶᠢᠨ ᠪᠣᠯᠪᠠᠰᠤᠷᠠᠭᠤᠯᠤᠯ᠂ ᠰᠤᠷᠤᠯᠭ᠎ᠠ ᠶᠢᠨ ᠨᠠᠮᠲᠠᠷ ᠢ ᠳᠡᠭᠡᠭᠰᠢᠯᠡᠭᠦᠯᠬᠦ ᠪᠣᠯᠪᠠᠰᠤᠷᠠᠭᠤᠯᠤᠯ ᠂ ᠰᠤᠷᠭᠠᠨ ᠬᠥᠮᠦᠵᠢᠯ ᠤᠨ ᠮᠡᠷᠭᠡᠵᠢᠯ ᠤᠨ ᠴᠢᠳᠠᠪᠤᠷᠢ ᠶᠢᠨ ᠪᠣᠯᠪᠠᠰᠤᠷᠠᠭᠤᠯᠤᠯ᠂ ᠭᠤᠣᠯᠯᠠᠭᠴᠢ ᠪᠠᠭᠰᠢ ᠶᠢᠨ ᠪᠣᠯᠪᠠᠰᠤᠷᠠᠭᠤᠯᠤᠯ᠂ ᠰᠢᠨᠵᠢᠯᠡᠭᠡᠨ ᠤ ᠰᠠᠯᠠᠭ᠎ᠠ ᠶᠢᠨ ᠳᠠᠭᠠᠭᠤᠯᠤᠭᠴᠢ ᠶᠢᠨ ᠪᠣᠯᠪᠠᠰᠤᠷᠠᠭᠤᠯᠤᠯ ᠪᠠ ᠰᠢᠨ᠎ᠡ ᠪᠠᠭᠰᠢ ᠶᠢᠨ ᠠᠵᠢᠯ ᠤᠨ ᠪᠠᠶᠢᠷᠢ ᠳᠤ ᠭᠠᠷᠬᠤ ᠪᠣᠯᠪᠠᠰᠤᠷᠠᠭᠤᠯᠤᠯ ᠤᠨ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠪᠥᠬᠦ ᠲᠣᠭᠤᠷᠢᠭ ᠤᠨ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠶᠢ ᠦᠷᠭᠦᠯᠵᠢᠯᠡᠨ ᠰᠤᠷᠭᠠᠨ ᠬᠥᠮᠥᠵᠢᠭᠦᠯᠬᠦ ᠠᠵᠢᠯ ᠢ ᠬᠠᠷᠢᠭᠤᠴᠠᠨ᠎ᠠ ᠃ ᠪᠥᠬᠦ  ᠲᠣᠭᠤᠷᠢᠭ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠶᠢᠨ ᠠᠵᠢᠯ ᠤᠨ ᠠᠮᠵᠢᠯᠲᠠ ᠪᠦᠲᠦᠮᠵᠢ ᠶᠢᠨ ᠴᠠᠯᠢᠩ ᠢ ᠰᠢᠯᠭᠠᠨ ᠬᠢᠨᠠᠬᠤ ᠠᠵᠢᠯ ᠵᠢᠴᠢ ᠱᠠᠩᠨᠠᠯ ᠤᠨ ᠴᠢᠨᠠᠷᠲᠠᠢ ᠠᠵᠢᠯ ᠤᠨ ᠠᠮᠵᠢᠯᠲᠠ ᠪᠦᠲᠦᠮᠵᠢ ᠶᠢᠨ ᠴᠠᠯᠢᠩ ᠤᠨ ᠬᠤᠪᠢᠶᠠᠷᠢᠯᠠᠯᠲᠠ ᠶᠢ ᠵᠢᠯᠤᠭᠤᠳᠬᠤ᠂ ᠬᠢᠨᠠᠯᠲᠠ ᠲᠠᠯᠪᠢᠬᠤ ᠪᠠ ᠪᠠᠶᠢᠴᠠᠭᠠᠬᠤ ᠶᠢ ᠬᠠᠷᠢᠭᠤᠴᠠᠵᠤ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠶᠢᠨ ᠵᠠᠬᠢᠷᠤᠯ ︵ᠱᠦᠵᠢ︶᠎ ᠤᠨ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠵᠢᠴᠢ ᠱᠠᠩᠨᠠᠯ ᠤᠨ ᠴᠢᠨᠠᠷᠲᠠᠢ ᠠᠵᠢᠯ ᠤᠨ ᠠᠮᠵᠢᠯᠲᠠ ᠪᠦᠲᠦᠮᠵᠢ ᠶᠢᠨ ᠴᠠᠯᠢᠩ ᠤᠨ ᠬᠤᠪᠢᠶᠠᠷᠢᠯᠠᠯᠲᠠ ᠶᠢ ᠬᠠᠷᠢᠭᠤᠴᠠᠨ᠎ᠠ᠃ ᠪᠠᠭᠰᠢ ᠶᠢᠨ ᠶᠣᠰᠣ ᠮᠣᠷᠠᠯ ᠤᠨ ᠪᠠᠶᠢᠭᠤᠯᠤᠯᠲᠠ ᠶᠢᠨ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ ᠃    ᠬᠠᠷᠢᠭᠤᠴᠠᠯᠭᠠᠲᠠᠨ᠄ ᠯᠢ ᠯᠢ    ᠴᠠᠬᠢᠯᠭᠠᠨ ᠮᠡᠳᠡᠭᠡ᠄ 3510421    ᠠᠵᠢᠯᠯᠠᠬᠤ ᠭᠠᠵᠠᠷ᠄ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠶᠢᠨ 303 ᠲᠠᠰᠤᠭ    ︵ ᠭᠤᠷᠪᠠ ︶ ᠲᠥᠯᠥᠪᠯᠡᠭᠡ ᠡᠳ᠋ ᠤᠨ ᠶᠠᠪᠤᠳᠠᠯ ᠤᠨ  ᠲᠠᠰᠤᠭ    ᠪᠦᠬᠦ ᠲᠣᠭᠤᠷᠢᠭ ᠤᠨ ᠰᠤᠷᠭᠠᠨ ᠬᠥᠮᠦᠵᠢᠯ ᠤᠨ ᠦᠢᠯᠡᠰ ᠤᠨ ᠲᠥᠯᠦᠪᠵᠢᠭᠦᠯᠭᠡ ᠂ ᠲᠥᠯᠥᠪᠯᠡᠭᠡ ᠪᠣᠯᠣᠨ ᠲᠤᠭ᠎ᠠ ᠪᠦᠷᠢᠳᠬᠡᠯ ᠤᠨ ᠠᠵᠢᠯ ᠢ ᠬᠠᠷᠢᠭᠤᠴᠠᠵᠤ ᠂ ᠪᠦᠬᠦ ᠲᠣᠭᠤᠷᠢᠭ ᠤᠨ ᠰᠤᠷᠭᠠᠨ ᠬᠥᠮᠦᠵᠢᠯ ᠤᠨ ᠲᠤᠰᠬᠠᠢ ᠵᠦᠢᠯ ᠎ ᠤᠨ ᠵᠠᠷᠤᠳᠠᠯ ᠪᠣᠯᠣᠨ ᠪᠤᠰᠤᠳ ᠰᠤᠷᠭᠠᠨ ᠬᠥᠮᠦᠵᠢᠯ  ᠤᠨ ᠵᠠᠷᠤᠳᠠᠯ  ᠳᠤ ᠬᠢᠨᠠᠯᠲᠠ ᠲᠠᠯᠪᠢᠵᠤ ᠬᠠᠮᠢᠶᠠᠷᠬᠤ ᠎ ᠶᠢ ᠬᠠᠷᠢᠭᠤᠴᠠᠨ᠎ᠠ ᠃ ᠪᠦᠬᠦ ᠲᠣᠭᠤᠷᠢᠭ ᠤᠨ ᠬᠥᠳᠡᠭᠡ ᠲᠣᠰᠬᠤᠨ ᠤ ᠠᠯᠪᠠᠨ ᠵᠢᠷᠤᠮ ᠎ ᠤᠨ ᠰᠤᠷᠭᠠᠨ ᠬᠥᠮᠦᠵᠢᠯ ᠤᠨ ᠵᠠᠷᠤᠳᠠᠯ ᠢ ᠪᠠᠲᠤᠯᠠᠬᠤ ᠲᠣᠭᠲᠠᠴᠠ ᠶᠢᠨ ᠥᠭᠡᠷᠡᠴᠢᠯᠡᠯᠲᠡ ᠶᠢᠨ ᠠᠵᠢᠯ ᠎ ᠢ ᠬᠠᠷᠢᠭᠤᠴᠠᠵᠤ ᠂ ᠪᠠᠲᠤᠯᠠᠭ᠎ᠠ ᠶᠢᠨ ᠲᠣᠭᠲᠠᠴᠠ ᠶᠢ ᠬᠠᠮᠢᠶᠠᠷᠬᠤ ᠂ ᠬᠢᠨᠠᠯᠲᠠ ᠲᠠᠯᠪᠢᠬᠤ ᠪᠠ ᠵᠢᠯᠤᠭᠤᠳᠬᠤ ᠶᠢ ᠬᠡᠷᠡᠭᠵᠢᠭᠦᠯᠦᠨ᠎ᠡ ᠃ ᠪᠥᠬᠦ ᠲᠣᠭᠤᠷᠢᠭ ᠤᠨ ᠰᠤᠷᠭᠠᠨ ᠬᠥᠮᠦᠵᠢᠯ ᠤᠨ ᠲᠥᠷᠥᠯ ᠵᠦᠢᠯ ᠳᠤ ᠬᠢᠨᠠᠯᠲᠠ ᠲᠠᠯᠪᠢᠵᠤ ᠬᠠᠮᠢᠶᠠᠷᠬᠤ ᠶᠢ ᠬᠠᠷᠢᠭᠤᠴᠠᠨ᠎ᠠ᠃ ᠪᠥᠬᠦ ᠲᠣᠭᠤᠷᠢᠭ ᠤᠨ ᠰᠤᠷᠭᠠᠨ ᠬᠥᠮᠦᠵᠢᠯ ᠤᠨ ᠰᠦᠢᠳᠬᠡᠯ ᠬᠤᠷᠢᠶᠠᠬᠤ ᠪᠠ ᠬᠡᠷᠡᠭᠯᠡᠭᠰᠡᠨ ᠪᠠᠶᠢᠳᠠᠯ ᠳᠤ ᠬᠢᠨᠠᠯᠲᠠ ᠲᠠᠯᠪᠢᠬᠤ ᠂ ᠪᠠᠶᠢᠴᠠᠭᠠᠬᠤ ᠪᠠ ᠵᠢᠯᠤᠭᠤᠳᠬᠤ ᠶᠢ ᠬᠠᠷᠢᠭᠤᠴᠠᠨ᠎ᠠ᠃ ᠲᠣᠪᠴᠢᠶᠠᠨ ᠤ ᠪᠠᠶᠢᠭᠤᠯᠭ᠎ᠠ ᠶᠢᠨ ᠡᠳ᠋ ᠤᠨ ᠶᠠᠪᠤᠳᠠᠯ ᠤᠨ ᠬᠠᠮᠢᠶᠠᠷᠤᠯᠲᠠ᠂ ᠰᠤᠷᠭᠠᠨ ᠬᠥᠮᠦᠵᠢᠯ ᠤᠨ ᠰᠢᠰᠲ᠋ᠧᠮ ᠤᠨ ᠡᠯ᠎ᠡ ᠨᠢᠭᠡᠴᠢ ᠶᠢᠨ ᠲᠣᠭᠲᠠᠮᠠᠯ ᠬᠥᠷᠥᠩᠭᠡ ᠶᠢᠨ ᠬᠠᠮᠢᠶᠠᠷᠤᠯᠲᠠ᠂ ᠪᠥᠬᠦ ᠲᠣᠭᠤᠷᠢᠭ ᠤᠨ ᠰᠤᠷᠭᠠᠨ ᠬᠥᠮᠦᠵᠢᠯ ᠤᠨ ᠦᠨᠳᠦᠰᠦᠨ ᠪᠦᠲᠦᠭᠡᠨ ᠪᠠᠶᠢᠭᠤᠯᠤᠯᠲᠠ ᠪᠣᠯᠣᠨ ᠰᠤᠷᠭᠠᠨ ᠬᠥᠮᠦᠵᠢᠯ ᠤᠨ ᠲᠣᠨᠤᠭ ᠲᠥᠬᠦᠭᠡᠷᠦᠮᠵᠢ ᠵᠡᠷᠭᠡ ᠶᠢᠨ ᠲᠥᠯᠥᠪᠯᠡᠭᠡ ᠪᠣᠯᠣᠨ ᠲᠥᠰᠥᠪ ᠤᠨ ᠭᠦᠢᠴᠡᠳᠬᠡᠯ ᠢ ᠬᠠᠷᠢᠭᠤᠴᠠᠬᠤ ᠶᠢᠨ ᠬᠠᠮᠲᠤ ᠵᠢᠯᠣᠭᠤᠳᠤᠨ ᠬᠢᠨᠠᠯᠲᠠ ᠲᠠᠯᠪᠢᠨ᠎ᠠ᠃ ᠬᠤᠯᠪᠣᠭᠳᠠᠯ ᠪᠦᠬᠦᠢ ᠰᠤᠷᠭᠠᠨ ᠬᠥᠮᠦᠵᠢᠯ ᠤᠨ ᠵᠠᠷᠤᠳᠠᠯ ᠤᠨ ︽ᠭᠤᠷᠪᠠ ᠶᠢ ᠨᠡᠮᠡᠭᠳᠡᠭᠦᠯᠬᠦ︾ ᠪᠠ ᠪᠠᠭᠰᠢ ᠶᠢᠨ ᠴᠠᠯᠢᠩ ᠣᠯᠭᠤᠭᠰᠠᠨ ᠪᠠᠶᠢᠳᠠᠯ ᠢ ᠬᠢᠨᠠᠨ ᠰᠢᠯᠭᠠᠬᠤ ᠶᠢ ᠬᠠᠷᠢᠭᠤᠴᠠᠨ᠎ᠠ᠃    ᠬᠠᠷᠢᠭᠤᠴᠠᠯᠭᠠᠲᠠᠨ ᠄ ᠵᠠᠩ ᠬᠤᠸᠠ    ᠴᠠᠬᠢᠯᠭᠠᠨ ᠮᠡᠳᠡᠭᠡ᠄ 3510392    ᠠᠵᠢᠯᠯᠠᠬᠤ ᠭᠠᠵᠠᠷ᠄ ᠲᠣᠭᠤᠷᠢᠭ ᠤᠨ ᠰᠤᠷᠭᠠᠨ ᠬᠥᠮᠦᠵᠢᠯ ᠤᠨ  ᠲᠣᠪᠴᠢᠶᠠᠨ ᠤ 411 ᠲᠠᠰᠤᠭ    ︵ ᠳᠥᠷᠪᠡ ︶ ᠰᠠᠭᠤᠷᠢ ᠰᠤᠷᠭᠠᠨ ᠬᠥᠮᠦᠵᠢᠯ ᠪᠠ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠲᠠᠰᠤᠭ    ᠪᠥᠬᠦ ᠲᠣᠭᠤᠷᠢᠭ ᠤᠨ ᠰᠠᠭᠤᠷᠢ ᠰᠤᠷᠭᠠᠨ ᠬᠥᠮᠦᠵᠢᠯ ︵ ᠡᠩ ᠎ ᠤᠨ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠂ ᠪᠠᠭ᠎ᠠ ᠰᠤᠷᠭᠠᠭᠤᠯᠢ ᠂ ᠣᠨᠴᠠᠭᠠᠢ ᠰᠤᠷᠭᠠᠨ ᠬᠥᠮᠦᠵᠢᠯ ᠂ ᠬᠡᠦᠬᠡᠳ ᠤᠨ ᠰᠤᠷᠭᠠᠨ ᠬᠥᠮᠦᠵᠢᠯ ︶ ᠂ ᠦᠨᠳᠦᠰᠦᠲᠡᠨ ᠤ ᠰᠤᠷᠭᠠᠨ ᠬᠥᠮᠦᠵᠢᠯ ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠂ ᠨᠠᠰᠤᠨ ᠎ ᠳᠤ ᠬᠥᠷᠥᠭᠰᠡᠳ ᠤᠨ ᠰᠤᠷᠭᠠᠨ ᠬᠥᠮᠦᠵᠢᠯ ᠂ ᠠᠷᠠᠳ ᠠᠴᠠ ᠡᠷᠬᠢᠯᠡᠭᠰᠡᠨ ᠰᠤᠷᠭᠠᠨ ᠬᠥᠮᠦᠵᠢᠯ ᠎ ᠤᠨ ᠠᠵᠢᠯ ᠢ ᠬᠠᠷᠢᠭᠤᠴᠠᠨ ᠬᠠᠮᠢᠶᠠᠷᠴᠤ ᠂ ᠶᠢᠰᠦᠨ ᠵᠢᠯ ᠤᠨ ᠠᠯᠪᠠᠨ ᠵᠢᠷᠤᠮ ᠎ ᠤᠨ ᠰᠤᠷᠭᠠᠨ ᠬᠥᠮᠦᠵᠢᠯ ᠪᠣᠯᠣᠨ ᠬᠡᠪ ᠴᠢᠨᠠᠷ ᠤᠨ ᠰᠤᠷᠭᠠᠨ ᠬᠥᠮᠦᠵᠢᠯ ᠢ ᠲᠦᠯᠬᠢᠨ ᠠᠬᠢᠭᠤᠯᠬᠤ ᠠᠵᠢᠯ ᠎ ᠢ ᠭᠤᠣᠯᠳᠠᠯᠭ᠎ᠠ ᠲᠠᠢ ᠬᠡᠷᠡᠭᠵᠢᠭᠦᠯᠦᠨ᠎ᠡ ᠃ ᠪᠦᠬᠦ ᠲᠣᠭᠤᠷᠢᠭ ᠤᠨ ᠵᠠᠯᠠᠭᠤᠴᠤᠳ ᠢᠳᠡᠷᠴᠦᠳ ᠤᠨ ᠦᠰᠦᠭ ᠦᠯᠦ ᠲᠠᠨᠢᠬᠤ ᠶᠠᠪᠤᠳᠠᠯ ᠢ ᠠᠷᠢᠯᠭᠠᠬᠤ ᠠᠵᠢᠯ ᠢ ᠬᠠᠷᠢᠭᠤᠴᠠᠨ᠎ᠠ ᠃ ᠰᠠᠭᠤᠷᠢ ᠰᠤᠷᠭᠠᠨ ᠬᠥᠮᠦᠵᠢᠯ ᠤᠨ ᠥᠭᠡᠷᠡᠴᠢᠯᠡᠯᠲᠡ ᠵᠢᠴᠢ ᠶᠣᠰᠣ ᠰᠤᠷᠲᠠᠬᠤᠨ ᠤ ᠬᠥᠮᠦᠵᠢᠯ᠂ ᠰᠡᠳᠬᠢᠴᠡ ᠶᠢᠨ ᠡᠷᠡᠭᠦᠯ ᠮᠡᠨᠳᠦ᠂ ᠰᠢᠨᠵᠢᠯᠡᠬᠦ ᠤᠬᠠᠭᠠᠨ ᠮᠡᠷᠭᠡᠵᠢᠯ ᠰᠤᠷᠭᠠᠨ ᠬᠥᠮᠦᠵᠢᠯ ᠤᠨ ᠠᠵᠢᠯ ᠢ ᠵᠢᠯᠣᠭᠤᠳᠤᠨ ᠬᠡᠷᠡᠭᠵᠢᠭᠦᠯᠵᠦ᠂ ᠪᠥᠬᠦ  ᠲᠣᠭᠤᠷᠢᠭ ᠤᠨ ᠰᠠᠭᠤᠷᠢ ᠰᠤᠷᠭᠠᠨ ᠬᠥᠮᠦᠵᠢᠯ ᠤᠨ ᠬᠥᠭᠵᠢᠯᠲᠡ ᠶᠢᠨ ᠲᠥᠯᠦᠪᠵᠢᠭᠦᠯᠭᠡ᠂ ᠬᠡᠷᠡᠭᠵᠢᠭᠦᠯᠬᠦ ᠠᠷᠭ᠎ᠠ ᠪᠠ ᠠᠷᠭ᠎ᠠ ᠬᠡᠮᠵᠢᠶ᠎ᠡ ᠶᠢ ᠲᠣᠭᠲᠠᠭᠠᠨ᠎ᠠ᠃ ᠳᠤᠮᠳᠠᠳᠤ ᠪᠠᠭ᠎ᠠ ᠰᠤᠷᠭᠠᠭᠤᠯᠢ ᠶᠢᠨ ᠰᠤᠷᠭᠠᠭᠤᠯᠢ ᠶᠢᠨ ᠬᠠᠮᠢᠶᠠᠷᠤᠯᠲᠠ ᠶᠢ ᠬᠠᠷᠢᠭᠤᠴᠠᠵᠤ᠂ ᠰᠤᠷᠭᠠᠭᠤᠯᠢ ᠶᠢᠨ ᠪᠦᠲᠦᠭᠡᠨ ᠪᠠᠶᠢᠭᠤᠯᠤᠯᠲᠠ᠂ ᠬᠠᠮᠢᠶᠠᠷᠤᠯᠲᠠ ᠶᠢᠨ ᠪᠠᠷᠢᠮᠵᠢᠶ᠎ᠠ ᠪᠣᠯᠣᠨ ᠬᠤᠯᠪᠣᠭᠳᠠᠯ ᠪᠦᠬᠦᠢ ᠠᠷᠭ᠎ᠠ ᠬᠡᠮᠵᠢᠶ᠎ᠡ ᠶᠢ ᠲᠣᠭᠲᠠᠭᠠᠬᠤ ᠶᠢᠨ ᠬᠠᠮᠲᠤ ᠪᠠᠶᠢᠴᠠᠭᠠᠵᠤ ᠦᠨᠡᠯᠡᠨ ᠵᠢᠱᠢᠬᠦ ᠠᠵᠢᠯ ᠢ ᠥᠷᠨᠢᠭᠦᠯᠦᠨ᠎ᠡ ᠃ ᠪᠥᠬᠦ ᠲᠣᠭᠤᠷᠢᠭ ᠤᠨ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ᠂ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ ᠤᠨ ᠰᠣᠷᠣᠭᠴᠢ ᠡᠯᠰᠡᠬᠦ ᠲᠥᠯᠥᠪᠯᠡᠭᠡ ᠲᠣᠭᠲᠠᠭᠠᠬᠤ ᠪᠠ ᠰᠣᠷᠣᠭᠴᠢ ᠡᠯᠰᠡᠬᠦ ᠠᠵᠢᠯ ᠢ ᠬᠠᠷᠢᠭᠤᠴᠠᠵᠤ᠂ ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ ᠤᠨ ᠰᠤᠷᠭᠠᠭᠤᠯᠢ ᠳᠤ ᠣᠷᠣᠬᠤ ᠪᠠ ᠲᠡᠭᠦᠰᠬᠦ ᠬᠢᠷᠢ ᠬᠡᠮ ᠢ ᠬᠢᠨᠠᠨ ᠲᠣᠭᠲᠠᠭᠠᠬᠤ᠂ ᠰᠤᠷᠭᠠᠭᠤᠯᠢ ᠶᠢᠨ ᠬᠠᠷᠢᠶ᠎ᠠ ᠶᠢᠨ ᠬᠠᠮᠢᠶᠠᠷᠤᠯᠲᠠ᠂ ᠰᠤᠷᠤᠯᠭ᠎ᠠ ᠲᠡᠭᠦᠰᠦᠭᠰᠡᠨ ᠦᠨᠡᠮᠯᠡᠯ ᠣᠯᠭᠤᠬᠤ ᠠᠵᠢᠯ ᠢ ᠬᠠᠷᠢᠭᠤᠴᠠᠨ᠎ᠠ᠃ ᠰᠠᠭᠤᠷᠢ ᠰᠤᠷᠭᠠᠨ ᠬᠥᠮᠦᠵᠢᠯ ᠤᠨ ᠦᠨᠡᠯᠡᠨ ᠵᠢᠱᠢᠬᠦ ᠪᠠᠷᠢᠮᠵᠢᠶ᠎ᠠ ᠶᠢ ᠲᠣᠭᠲᠠᠭᠠᠬᠤ ᠵᠢᠴᠢ ᠦᠨᠡᠯᠡᠨ ᠵᠢᠱᠢᠵᠦ ᠵᠢᠯᠤᠭᠤᠳᠬᠤ ᠠᠵᠢᠯ ᠢ ᠬᠠᠷᠢᠭᠤᠴᠠᠨ᠎ᠠ ᠃ ᠳᠡᠭᠡᠳᠦ ᠱᠠᠲᠤᠨ ᠤ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠳᠤᠮᠳᠠᠳᠤ ᠪᠠᠭ᠎ᠠ ᠰᠤᠷᠭᠠᠭᠤᠯᠢ ᠶᠢᠨ ᠵᠢᠭᠠᠬᠤ ᠮᠠᠲ᠋ᠧᠷᠢᠶᠠᠯ ᠪᠠ ᠵᠢᠭᠠᠨ ᠰᠤᠷᠭᠠᠬᠤ ᠶᠢᠨ ᠬᠠᠪᠰᠤᠷᠤᠮᠵᠢ ᠪᠣᠯᠬᠤ ᠨᠣᠮ ᠤᠨ ᠬᠡᠷᠡᠭᠯᠡᠯᠲᠡ ᠬᠠᠮᠢᠶᠠᠷᠤᠯᠲᠠ ᠶᠢ ᠬᠠᠷᠢᠭᠤᠴᠠᠨ᠎ᠠ ᠃ ᠡᠩ ᠤᠨ ᠳᠤᠮᠳᠠᠳᠤ ᠪᠠᠭ᠎ᠠ ᠰᠤᠷᠭᠠᠭᠤᠯᠢ ᠶᠢᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠰᠤᠳᠤᠯᠭᠠᠨ ᠪᠠ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯ ᠢ ᠵᠢᠭᠠᠨ ᠵᠢᠯᠣᠭᠤᠳᠤᠨ᠎ᠠ᠃ ᠬᠡᠦᠬᠡᠳ ᠤᠨ ᠰᠤᠷᠭᠠᠨ ᠬᠥᠮᠦᠵᠢᠯ ᠤᠨ ᠳᠦᠷᠢᠮ ᠪᠣᠯᠣᠨ ᠬᠡᠦᠬᠡᠳ ᠤᠨ ᠰᠤᠷᠭᠠᠨ ᠬᠥᠮᠦᠵᠢᠯ ᠤᠨ ᠦᠢᠯᠡᠰ ᠤᠨ ᠬᠥᠭᠵᠢᠯᠲᠡ ᠶᠢᠨ ᠬᠤᠯᠪᠣᠭᠳᠠᠯ ᠪᠦᠬᠦᠢ ᠲᠥᠯᠦᠪᠵᠢᠭᠦᠯᠭᠡ ᠶᠢ ᠬᠠᠷᠢᠭᠤᠴᠠᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ ᠃ ᠬᠡᠦᠬᠡᠳ ᠤᠨ ᠴᠡᠴᠡᠷᠯᠢᠭ ᠤᠨ ᠲᠤᠬᠠᠶᠢᠯᠠᠭᠰᠠᠨ ᠠᠵᠢᠯ ᠤᠨ ᠤᠳᠤᠷᠢᠳᠤᠯᠭ᠎ᠠ ᠶᠢ ᠡᠭᠦᠷᠭᠡᠯᠡᠵᠦ᠂ ᠬᠠᠮᠢᠶ᠎ᠠ ᠪᠦᠬᠦᠢ ᠪᠠᠷᠢᠮᠵᠢᠶ᠎ᠠ ᠶᠢ ᠲᠣᠭᠲᠠᠭᠠᠨ᠂ ᠲᠥᠷᠥᠯ ᠬᠤᠪᠢᠶᠠᠨ ᠲᠠᠰ ᠲᠣᠭᠲᠠᠭᠠᠨ ᠬᠠᠮᠢᠶᠠᠷᠬᠤ ᠶᠢ ᠬᠡᠷᠡᠭᠵᠢᠭᠦᠯᠵᠦ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠬᠡᠦᠬᠡᠳ ᠤᠨ ᠴᠡᠴᠡᠷᠯᠢᠭ ᠤᠨ ᠰᠦᠢᠳᠬᠡᠯ ᠬᠤᠷᠢᠶᠠᠬᠤ ᠪᠠᠷᠢᠮᠵᠢᠶ᠎ᠠ ᠶᠢᠨ ᠲᠤᠬᠠᠢ ᠰᠠᠨᠠᠯ ᠢᠶᠠᠨ  ᠳᠤᠷᠠᠳᠤᠨ᠎ᠠ᠃ ᠨᠢᠯᠬ᠎ᠠ ᠬᠡᠦᠬᠡᠳ ᠢ ᠦᠨᠡᠯᠡᠨ ᠵᠢᠱᠢᠬᠦ ᠳᠦᠷᠢᠮ ᠢ ᠪᠠᠶᠢᠭᠤᠯᠤᠨ᠎ᠠ ᠃ ᠡᠯ᠎ᠡ ᠲᠥᠷᠥᠯ ᠤᠨ ᠬᠡᠦᠬᠡᠳ ᠤᠨ ᠴᠡᠴᠡᠷᠯᠢᠭ ᠤᠨ ᠳᠠᠷᠤᠭ᠎ᠠ᠂ ᠪᠠᠭᠰᠢ ᠶᠢ ᠬᠥᠮᠥᠵᠢᠭᠦᠯᠦᠨ ᠪᠣᠯᠪᠠᠰᠤᠷᠠᠭᠤᠯᠵᠤ᠂ ᠴᠡᠴᠡᠷᠯᠢᠭ ᠤᠨ ᠳᠠᠷᠤᠭ᠎ᠠ᠂ ᠪᠠᠭᠰᠢ ᠶᠢ ᠬᠢᠨᠠᠨ ᠰᠢᠯᠭᠠᠬᠤ ᠪᠠ ᠬᠢᠷᠢ ᠬᠡᠮ ᠢ ᠬᠢᠨᠠᠨ ᠲᠣᠭᠲᠠᠭᠠᠬᠤ ᠳᠦᠷᠢᠮ ᠢ ᠪᠠᠶᠢᠭᠤᠯᠤᠨ᠎ᠠ᠃ ᠭᠡᠷ ᠪᠦᠯᠢ ᠶᠢᠨ ᠬᠡᠦᠬᠡᠳ ᠤᠨ ᠰᠤᠷᠭᠠᠨ ᠬᠥᠮᠦᠵᠢᠯ ᠢ ᠪᠣᠳᠠᠲᠠᠢ ᠪᠠᠷ ᠵᠢᠯᠤᠭᠤᠳᠬᠤ ᠪᠠ ᠲᠦᠯᠬᠢᠨ ᠠᠬᠢᠭᠤᠯᠵᠤ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠠᠯᠠᠭ᠎ᠠ ᠮᠥᠴᠢᠷ ᠲᠠᠢ ᠬᠠᠮᠲᠤᠷᠠᠨ᠂ 0 ︱ 6 ᠨᠠᠰᠤᠨ ᠤ ᠬᠡᠦᠬᠡᠳ ᠤᠨ ᠭᠡᠷ ᠤᠨ ᠠᠬᠠᠮᠠᠳ ᠤᠨ ᠰᠢᠨᠵᠢᠯᠡᠬᠦ ᠤᠬᠠᠭᠠᠨᠴᠢ ᠪᠠᠷ ᠬᠡᠦᠬᠡᠳ ᠬᠥᠮᠥᠵᠢᠭᠦᠯᠬᠦ ᠵᠢᠯᠣᠭᠤᠳᠤᠯᠭ᠎ᠠ ᠶᠢ ᠬᠠᠮᠲᠤᠪᠠᠷ ᠥᠷᠨᠢᠭᠦᠯᠦᠨ᠎ᠡ᠃ ᠪᠥᠬᠦ ᠲᠣᠭᠤᠷᠢᠭ ᠤᠨ ᠠᠵᠢᠯ ᠮᠡᠷᠭᠡᠵᠢᠯ ᠤᠨ ᠰᠤᠷᠭᠠᠭᠤᠯᠢ ᠶᠢᠨ ᠲᠤᠰᠬᠠᠢ ᠮᠡᠷᠭᠡᠵᠢᠯ ᠤᠨ ᠪᠠᠶᠢᠷᠢᠯᠠᠭᠤᠯᠤᠯᠲᠠ᠂ ᠰᠤᠷᠭᠠᠭᠤᠯᠢ ᠶᠢᠨ ᠬᠠᠷᠢᠶ᠎ᠠ ᠶᠢᠨ ᠬᠠᠮᠢᠶᠠᠷᠤᠯᠲᠠ᠂ ᠵᠢᠭᠠᠨ ᠰᠤᠷᠭᠠᠬᠤ ᠰᠤᠳᠤᠯᠬᠤ᠂ ᠳᠠᠳᠤᠯᠭ᠎ᠠ ᠶᠢᠨ ᠬᠠᠮᠢᠶᠠᠷᠤᠯᠲᠠ ᠶᠢ ᠬᠠᠷᠢᠭᠤᠴᠠᠨ᠎ᠠ ᠃ ᠠᠵᠢᠯ ᠮᠡᠷᠭᠡᠵᠢᠯ ᠤᠨ ᠰᠤᠷᠭᠠᠭᠤᠯᠢ ᠶᠢᠨ ᠨᠠᠰᠤᠨ ᠳᠤ ᠬᠦᠷᠦᠭᠰᠡᠳ ᠤᠨ ᠰᠤᠷᠭᠠᠨ ᠬᠥᠮᠦᠵᠢᠯ ᠤᠨ ᠪᠣᠯᠪᠠᠰᠤᠷᠠᠭᠤᠯᠤᠯ ᠤᠨ ᠠᠷᠠᠳ ᠠᠴᠠ ᠡᠷᠭᠢᠯᠡᠭᠰᠡᠨ ᠰᠤᠷᠭᠠᠨ ᠬᠥᠮᠦᠵᠢᠯ ᠤᠨ ᠪᠠᠶᠢᠭᠤᠯᠤᠮᠵᠢ ᠶᠢᠨ ᠬᠢᠨᠠᠨ ᠵᠥᠪᠰᠢᠶᠡᠷᠡᠬᠦ ᠬᠠᠮᠢᠶᠠᠷᠤᠯᠲᠠ ᠶᠢ ᠬᠠᠷᠢᠭᠤᠴᠠᠵᠤ᠂ ᠠᠷᠠᠳ ᠠᠴᠠ ᠡᠷᠭᠢᠯᠡᠭᠰᠡᠨ ᠰᠤᠷᠭᠠᠨ ᠬᠥᠮᠦᠵᠢᠯ ᠤᠨ ᠪᠠᠶᠢᠭᠤᠯᠤᠮᠵᠢ ᠶᠢᠨ ᠰᠤᠷᠭᠠᠭᠤᠯᠢ ᠡᠷᠭᠢᠯᠡᠬᠦ ᠠᠵᠢᠯᠯᠠᠭ᠎ᠠ ᠶᠢ ᠵᠢᠷᠤᠮᠵᠢᠭᠤᠯᠤᠨ᠂ ᠠᠷᠠᠳ ᠠᠴᠠ ᠡᠷᠭᠢᠯᠡᠭᠰᠡᠨ ᠰᠤᠷᠭᠠᠨ ᠬᠥᠮᠦᠵᠢᠯ ᠤᠨ ᠪᠠᠶᠢᠭᠤᠯᠤᠮᠵᠢ ᠶᠢᠨ ᠰᠣᠷᠣᠭᠴᠢ ᠡᠯᠰᠡᠬᠦ ᠵᠠᠷ ᠤᠨ ᠬᠢᠨᠠᠨ ᠵᠥᠪᠰᠢᠶᠡᠷᠡᠵᠦ ᠳᠠᠩᠰᠠᠯᠠᠬᠤ ᠶᠢ ᠬᠠᠷᠢᠭᠤᠴᠠᠨ᠎ᠠ    ᠬᠠᠷᠢᠭᠤᠴᠠᠯᠭᠠᠲᠠᠨ ᠄ ᠸᠠᠩ ᠵᠢᠶᠠᠨ ᠰᠢᠨ    ᠴᠠᠬᠢᠯᠭᠠᠨ ᠮᠡᠳᠡᠭᠡ᠄ 3516171    ᠠᠵᠢᠯᠯᠠᠬᠤ ᠭᠠᠵᠠᠷ᠄ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶᠠᠨ ᠤ 305 ᠲᠠᠰᠤᠭ    ︵ ᠲᠠᠪᠤ ︶ ᠪᠡᠶ᠎ᠡ ᠶᠢᠨ ᠲᠠᠮᠢᠷ ᠡᠷᠡᠭᠦᠯ ᠬᠠᠮᠠᠭᠠᠯᠠᠯ ᠬᠢᠭᠡᠳ ᠤᠷᠠᠯᠢᠭ ᠤᠨ ᠰᠤᠷᠭᠠᠨ ᠬᠥᠮᠦᠵᠢᠯ ᠤᠨ ᠲᠠᠰᠤᠭ    ᠪᠥᠬᠦ ᠲᠣᠭᠤᠷᠢᠭ ᠤᠨ ᠰᠤᠷᠭᠠᠭᠤᠯᠢ ᠶᠢᠨ ᠪᠡᠶ᠎ᠡ ᠶᠢᠨ ᠲᠠᠮᠢᠷ᠂ ᠡᠷᠡᠭᠦᠯ ᠬᠠᠮᠠᠭᠠᠯᠠᠯ ᠪᠣᠯᠣᠨ ᠤᠷᠠᠯᠢᠭ ᠤᠨ ᠬᠥᠮᠦᠵᠢᠯ ᠤᠨ ᠠᠵᠢᠯ ᠢ ᠵᠢᠯᠤᠭᠤᠳᠴᠤ᠂ ᠰᠤᠷᠭᠠᠭᠤᠯᠢ ᠶᠢᠨ ᠪᠡᠶ᠎ᠡ ᠶᠢᠨ ᠲᠠᠮᠢᠷ᠂ ᠡᠷᠡᠭᠦᠯ ᠬᠠᠮᠠᠭᠠᠯᠠᠯ᠂ ᠤᠷᠠᠯᠢᠭ ᠬᠢᠭᠡᠳ ᠡᠷᠡᠭᠦᠯ ᠮᠡᠨᠳᠦ ᠶᠢᠨ ᠬᠥᠮᠦᠵᠢᠯ ᠤᠨ ᠠᠵᠢᠯ ᠤᠨ ᠵᠢᠯᠤᠭᠤᠳᠬᠤ ᠴᠢᠨᠠᠷᠲᠠᠢ ᠪᠢᠴᠢᠭ ᠮᠠᠲ᠋ᠧᠷᠢᠶᠠᠯ ᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠡᠯ᠎ᠡ ᠲᠦᠷᠦᠯ ᠤᠨ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠤᠷᠤᠯᠳᠤᠭᠠᠨ ᠪᠠ ᠤᠷᠠᠯᠢᠭ ᠤᠨ ᠠᠵᠢᠯᠯᠠᠭ᠎ᠠ ᠶᠢ ᠵᠣᠬᠢᠶᠠᠨ ᠪᠠᠶᠢᠭᠤᠯᠵᠤ ᠂ ᠬᠠᠮᠢᠶ᠎ᠠ ᠪᠦᠬᠦᠢ ᠲᠤᠰᠬᠠᠢ ᠮᠡᠷᠭᠡᠵᠢᠯ ᠤᠨ ᠪᠠᠭᠰᠢ ᠶᠢᠨ ᠪᠣᠯᠪᠠᠰᠤᠷᠠᠭᠤᠯᠤᠯ᠂ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ᠂ ᠵᠢᠭᠠᠬᠤ ᠮᠠᠲ᠋ᠧᠷᠢᠶᠠᠯ ᠬᠢᠭᠡᠳ ᠬᠢᠴᠢᠶᠡᠯ ᠤᠨ ᠪᠦᠲᠦᠭᠡᠨ ᠪᠠᠶᠢᠭᠤᠯᠤᠯᠲᠠ ᠶᠢ ᠵᠢᠯᠤᠭᠤᠳᠬᠤ ᠳᠤ ᠣᠷᠣᠯᠴᠠᠨ᠎ᠠ ᠃ ᠰᠤᠷᠭᠠᠭᠤᠯᠢ ᠶᠢᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠭᠠᠨ ᠬᠥᠮᠦᠵᠢᠯ᠂ ᠰᠤᠷᠤᠭᠴᠢᠳ ᠤᠨ ᠴᠡᠷᠢᠭ ᠤᠨ ᠪᠣᠯᠪᠠᠰᠤᠷᠠᠯ ᠤᠨ ᠠᠵᠢᠯ ᠢ ᠵᠣᠬᠢᠴᠠᠭᠤᠯᠤᠨ‌‍ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡ ᠪᠠ ᠰᠤᠷᠤᠭᠴᠢᠳ ᠤᠨ ᠰᠢᠮ᠎ᠡ ᠲᠡᠵᠢᠭᠡᠯ ᠢ ᠰᠠᠶᠢᠵᠢᠷᠠᠭᠤᠯᠬᠤ ᠠᠵᠢᠯ ᠢ ᠬᠠᠷᠢᠭᠤᠴᠠᠨ᠎ᠠ᠃ ᠰᠤᠷᠭᠠᠭᠤᠯᠢ ᠶᠢᠨ ᠪᠡᠶ᠎ᠡ ᠶᠢᠨ ᠲᠠᠮᠢᠷ ᠂ ᠡᠷᠡᠭᠦᠯ ᠬᠠᠮᠠᠭᠠᠯᠠᠯ ᠵᠡᠷᠭᠡ ᠲᠠᠯ᠎ᠠ ᠶᠢᠨ ᠠᠶᠤᠯᠭᠦᠢ ᠶᠢᠨ ᠬᠠᠮᠢᠶᠠᠷᠤᠯᠲᠠ ᠶᠢᠨ ᠠᠵᠢᠯ ᠢ ᠵᠢᠯᠣᠭᠤᠳᠤᠨ᠎ᠠ ᠃ ᠪᠠᠶᠢᠭᠤᠯᠭ᠎ᠠ ᠶᠢᠨ ᠨᠠᠮ ᠤᠨ ᠵᠣᠬᠢᠶᠠᠨ ᠪᠠᠶᠢᠭᠤᠯᠤᠯᠲᠠ ᠂ ᠪᠠᠶᠢᠭᠤᠯᠭ᠎ᠠ ᠪᠠ ᠬᠠᠷᠢᠶ᠎ᠠ ᠠᠵᠢᠯ ᠦᠢᠯᠡᠰ ᠤᠨ ᠨᠢᠭᠡᠴᠢ ᠶᠢᠨ ᠨᠠᠮ ᠤᠨ ᠪᠠᠶᠢᠭᠤᠯᠤᠯᠲᠠ ᠂ ᠤᠯᠠᠨ ᠲᠦᠮᠡᠨ ᠤ ᠪᠦᠯᠬᠦᠮ ᠵᠡᠷᠭᠡ ᠶᠢᠨ ᠠᠵᠢᠯ ᠢ ᠬᠠᠷᠢᠭᠤᠴᠠᠨ᠎ᠠ ᠃    ᠬᠠᠷᠢᠭᠤᠴᠠᠯᠭᠠᠲᠠᠨ ᠄ ᠵᠠᠩ ᡁᠢ    ᠴᠠᠬᠢᠯᠭᠠᠨ ᠮᠡᠳᠡᠭᠡ ᠄ 3518922    ᠠᠵᠢᠯᠯᠠᠬᠤ ᠭᠠᠵᠠᠷ᠄ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶᠠᠨ ᠤ 309 ᠲᠠᠰᠤᠭ    ᠤᠯᠠᠭᠠᠨᠬᠠᠳᠠ ᠬᠤᠲᠠ ᠶᠢᠨ ᠶᠤᠸᠠᠨ ᠪᠦᠦ ᠱᠠᠨ ᠲᠣᠭᠤᠷᠢᠭ ᠤᠨ ᠰᠤᠷᠭᠠᠨ ᠬᠥᠮᠦᠵᠢᠯ ᠵᠢᠭᠠᠨ ᠰᠤᠷᠭᠠᠯᠲᠠ ᠪᠣᠯᠪᠠᠰᠤᠷᠠᠭᠤᠯᠤᠯ ᠤᠨ ᠰᠤᠳᠤᠯᠭᠠᠨ ᠤ ᠲᠥᠪ᠂ ᠤᠯᠠᠭᠠᠨᠬᠠᠳᠠ ᠬᠤᠲᠠ ᠶᠢᠨ ᠶᠤᠸᠠᠨ ᠪᠦᠦ ᠱᠠᠨ ᠲᠣᠭᠤᠷᠢᠭ ᠤᠨ ᠰᠤᠷᠤᠭᠴᠢ ᠡᠯᠰᠡᠬᠦ ᠰᠢᠯᠭᠠᠯᠲᠠ ᠶᠢᠨ ᠲᠥᠪ᠂ ᠤᠯᠠᠭᠠᠨᠬᠠᠳᠠ ᠬᠤᠲᠠ ᠶᠢᠨ ᠶᠤᠸᠠᠨ ᠪᠦᠦ ᠱᠠᠨ ᠲᠣᠭᠤᠷᠢᠭ ᠤᠨ ᠴᠠᠬᠢᠯᠭᠠᠨᠵᠢᠭᠰᠠᠨ ᠰᠤᠷᠭᠠᠨ ᠬᠥᠮᠦᠵᠢᠯ ᠤᠨ ᠲᠥᠪ ᠢ ᠡᠮᠬᠢᠯᠡᠨ ᠨᠡᠶᠢᠯᠡᠭᠦᠯᠵᠦ᠂ ᠤᠯᠠᠭᠠᠨᠬᠠᠳᠠ ᠬᠤᠲᠠ ᠶᠢᠨ ᠶᠤᠸᠠᠨ ᠪᠦᠦ ᠱᠠᠨ ᠲᠣᠭᠤᠷᠢᠭ ᠤᠨ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢᠨ ᠰᠤᠳᠤᠯᠭᠠᠨ ᠤ ᠲᠥᠪ ᠢ ᠪᠠᠶᠢᠭᠤᠯᠵᠤ᠂ ᠤᠯᠠᠭᠠᠨᠬᠠᠳᠠ ᠬᠤᠲᠠ ᠶᠢᠨ ᠶᠤᠸᠠᠨ ᠪᠦᠦ ᠱᠠᠨ ᠲᠣᠭᠤᠷᠢᠭ ᠤᠨ ᠰᠣᠷᠣᠭᠴᠢ ᠡᠯᠰᠡᠬᠦ ᠰᠢᠯᠭᠠᠯᠲᠠ ᠶᠢᠨ ᠲᠥᠪ ᠤᠨ ᠫᠠᠶᠢᠰᠠ ᠶᠢ ᠡᠯᠭᠦᠵᠦ᠂ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠳᠤ ᠬᠠᠷᠢᠶᠠᠯᠠᠭᠳᠠᠬᠤ ᠨᠡᠶᠢᠲᠡ ᠶᠢᠨ ᠠᠰᠠᠷᠠᠮᠵᠢ ᠶᠢᠨ ᠨᠢᠭᠡᠳᠦᠭᠡᠷ ᠲᠥᠷᠥᠯ ᠤᠨ ᠠᠵᠢᠯ ᠦᠢᠯᠡᠰ ᠤᠨ ᠨᠢᠭᠡᠴᠢ ᠪᠣᠯᠭᠠᠵᠤ᠂ ᠪᠠᠶᠢᠭᠤᠯᠤᠮᠵᠢ ᠶᠢᠨ ᠬᠡᠪ ᠪᠠᠷᠢᠮᠵᠢᠶ᠎ᠠ ᠨᠢ ᠵᠢᠩᠬᠢᠨᠢ ᠰᠠᠯᠠᠭᠠᠨ ᠲᠠᠰ ᠲᠠᠢ ᠲᠡᠩᠴᠡᠨ᠎ᠡ᠃    ᠤᠯᠠᠭᠠᠨᠬᠠᠳᠠ ᠬᠤᠲᠠ ᠶᠢᠨ ᠶᠤᠸᠠᠨ ᠪᠦᠦ ᠱᠠᠨ ᠲᠣᠭᠤᠷᠢᠭ ᠤᠨ ᠰᠤᠷᠭᠠᠭᠤᠯᠢ ᠶᠢᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠲᠥᠪ᠂ ᠤᠯᠠᠭᠠᠨᠬᠠᠳᠠ ᠬᠤᠲᠠ ᠶᠢᠨ ᠶᠤᠸᠠᠨ ᠪᠦᠦ ᠱᠠᠨ ᠲᠣᠭᠤᠷᠢᠭ ᠤᠨ ᠰᠤᠷᠤᠭᠴᠢᠳ ᠢ ᠲᠤᠰᠠᠯᠠᠨ ᠲᠡᠳᠬᠦᠬᠦ ᠬᠠᠮᠢᠶᠠᠷᠤᠯᠲᠠ ᠶᠢᠨ ᠲᠥᠪ᠂ ᠤᠯᠠᠭᠠᠨᠬᠠᠳᠠ ᠬᠤᠲᠠ ᠶᠢᠨ ᠶᠤᠸᠠᠨ ᠪᠦᠦ ᠱᠠᠨ ᠲᠣᠭᠤᠷᠢᠭ ᠤᠨ ᠰᠤᠷᠭᠠᠨ ᠬᠥᠮᠦᠵᠢᠯ ᠤᠨ ᠳᠣᠲᠣᠭᠠᠳᠤ ᠶᠢᠨ ᠬᠢᠨᠠᠨ ᠪᠤᠳᠤᠬᠤ ᠲᠥᠪ ᠢ ᠡᠮᠬᠢᠯᠡᠨ ᠨᠡᠶᠢᠯᠡᠭᠦᠯᠵᠦ᠂ ᠤᠯᠠᠭᠠᠨᠬᠠᠳᠠ ᠬᠤᠲᠠ ᠶᠢᠨ ᠶᠤᠸᠠᠨ ᠪᠦᠦ ᠱᠠᠨ ᠲᠣᠭᠤᠷᠢᠭ ᠤᠨ ᠰᠤᠷᠭᠠᠭᠤᠯᠢ ᠶᠢᠨ ᠦᠢᠯᠡᠴᠢᠯᠡᠭᠡᠨ ᠤ ᠪᠠᠲᠤᠯᠠᠭ᠎ᠠ ᠶᠢᠨ ᠲᠥᠪ ᠢ ᠪᠠᠶᠢᠭᠤᠯᠵᠤ᠂ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶᠠᠨ ᠤ ᠬᠠᠷᠢᠶ᠎ᠠ ᠨᠢᠭᠡᠳᠦᠭᠡᠷ ᠲᠥᠷᠥᠯ ᠤᠨ ᠠᠵᠢᠯ ᠦᠢᠯᠡᠰ ᠤᠨ ᠨᠢᠭᠡᠴᠢ ᠪᠣᠯᠭᠠᠵᠤ ᠂ ᠪᠠᠶᠢᠭᠤᠯᠤᠮᠵᠢ ᠶᠢᠨ ᠬᠡᠪ ᠪᠠᠷᠢᠮᠵᠢᠶ᠎ᠠ ᠎ ᠨᠢ ᠰᠲ᠋ᠣᠺ ᠤᠨ ᠲᠠᠰ ᠪᠣᠯᠤᠨ᠎ᠠ ᠃ᠤᠯᠠᠭᠠᠨᠬᠠᠳᠠ ᠬᠤᠳᠠ ᠶᠢᠨ ᠶᠤᠸᠠᠨ ᠪᠦᠦ ᠱᠠᠨ ᠲᠣᠭᠤᠷᠢᠭ ᠤᠨ ᠵᠠᠯᠠᠭᠤᠴᠤᠳ ᠪᠠᠭᠠᠴᠤᠳ ᠤᠨ ᠰᠣᠶᠣᠯ ᠤᠨ ᠲᠥᠪ ᠤᠨ ᠨᠡᠷ᠎ᠡ ᠶᠢ ᠤᠯᠠᠭᠠᠨᠬᠠᠳᠠ ᠬᠤᠳᠠ ᠶᠢᠨ ᠶᠤᠸᠠᠨ ᠪᠦᠦ ᠱᠠᠨ ᠲᠣᠭᠤᠷᠢᠭ ᠤᠨ ᠵᠠᠯᠠᠭᠤᠴᠤᠳ ᠪᠠᠭᠠᠴᠤᠳ ᠤᠨ ᠬᠥᠳᠡᠯᠭᠡᠭᠡᠨ ᠤ ᠲᠥᠪ ᠭᠡᠵᠦ ᠬᠠᠯᠠᠵᠤ ᠂ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶᠠᠨ ᠤ ᠬᠠᠷᠢᠶᠠᠨ ᠳᠠᠬᠢ ᠨᠡᠶᠢᠲᠡ ᠶᠢᠨ ᠠᠰᠠᠷᠠᠮᠵᠢ ᠶᠢᠨ ᠬᠤᠶᠠᠳᠤᠭᠠᠷ ᠲᠦᠷᠦᠯ ᠤᠨ ᠠᠵᠢᠯ ᠦᠢᠯᠡᠰ ᠤᠨ  ᠨᠢᠭᠡᠴᠢ ᠪᠣᠯᠭᠠᠵᠤ᠂ ᠪᠠᠶᠢᠭᠤᠯᠤᠮᠵᠢ ᠶᠢᠨ ᠬᠡᠪ ᠪᠠᠷᠢᠮᠵᠢᠶ᠎ᠠ ᠨᠢ ᠰᠲ᠋ᠣᠺ ᠤᠨ ᠲᠡᠰ ᠪᠣᠯᠤᠨ᠎ᠠ᠃ 
 
ᠢᠷᠡᠯᠲᠡ᠄ ᠶᠤᠸᠠᠨ ᠪᠣᠥ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠰᠥᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1