ᠶᠤᠸᠠᠨ ᠪᠦᠦ ᠱᠠᠨ ᠲᠣᠭᠤᠷᠢᠭ ᠤᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ
ᠨᠡᠶᠢᠲᠡᠯᠡᠭᠰᠡᠨ ᠴᠠᠭ᠄
2023/5/23
ᠶᠤᠸᠠᠨ ᠪᠦᠦ ᠱᠠᠨ ᠲᠣᠭᠤᠷᠢᠭ ᠤᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ     ᠶᠤᠸᠠᠨ ᠪᠦᠦ ᠱᠠᠨ ᠲᠣᠭᠤᠷᠢᠭ ᠤᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶᠠᠨ ᠤ ᠲᠣᠪᠴᠢ ᠲᠠᠨᠢᠯᠴᠠᠭᠤᠯᠭ᠎ᠠ     ᠤᠯᠠᠭᠠᠨᠬᠠᠳᠠ ᠬᠤᠲᠠ ᠶᠢᠨ ᠶᠤᠸᠠᠨ ᠪᠦᠦ ᠱᠠᠨ ᠲᠣᠭᠤᠷᠢᠭ ᠤᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠨᠢ ᠤᠯᠠᠭᠠᠨᠬᠠᠳᠠ ᠬᠤᠲᠠ ᠶᠢᠨ ᠶᠤᠸᠠᠨ ᠪᠦᠦ ᠱᠠᠨ ᠲᠣᠭᠤᠷᠢᠭ ᠤᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶᠠᠨ ᠤ ᠫᠠᠶᠢᠰᠠ ᠶᠢ ᠡᠯᠭᠦᠵᠦ᠂ ᠤᠯᠠᠭᠠᠨᠬᠠᠳᠠ ᠬᠤᠲᠠ ᠶᠢᠨ ᠶᠤᠸᠠᠨ ᠪᠦᠦ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠵᠢᠯ ᠤᠨ ᠰᠠᠯᠠᠭ᠎ᠠ ᠮᠥᠴᠢᠷ ᠪᠠᠶᠢᠵᠤ᠂ ᠵᠢᠩᠬᠢᠨᠢ ᠰᠠᠯᠠᠭᠠᠨ ᠲᠠᠰ ᠪᠣᠯᠣᠨ᠎ᠠ᠃    ᠪᠠᠶᠢᠭᠤᠯᠭ᠎ᠠ ᠶᠢᠨ ᠬᠠᠶ᠋ᠢᠭ᠄ ᠶᠤᠸᠠᠨ ᠪᠦᠦ ᠱᠠᠨ ᠲᠣᠭᠤᠷᠢᠭ ᠤᠨ ᠫᠢᠩᠵᠤᠸᠠᠩ ᠪᠠᠯᠭᠠᠰᠤᠨ ᠤ ᠶᠢᠨ ᠾᠧ ᠵᠡᠭᠡᠯᠢ ᠶᠢᠨ ᠵᠡᠭᠦᠨ ᠬᠡᠰᠡᠭ ᠤᠨ ᠲᠤᠷᠰᠢᠯᠲᠠ ᠶᠢᠨ ᠪᠠᠭ᠎ᠠ ᠰᠤᠷᠭᠠᠭᠤᠯᠢ ᠶᠢᠨ ᠵᠡᠭᠦᠨ ᠲᠠᠯ᠎ᠠ    ᠬᠠᠷᠢᠯᠴᠠᠬᠤ ᠤᠲᠠᠰᠤ᠄ 0476-5850016    ᠬᠠᠷᠢᠭᠤᠴᠠᠯᠭᠠᠲᠠᠨ ᠄ ᠴᠧᠨ ᠰᠢᠸ ᠵᠢᠶᠦ᠋ᠨ    ᠠᠵᠢᠯᠯᠠᠬᠤ ᠴᠠᠭ᠄ ᠬᠠᠤᠯᠢ ᠪᠠᠷ ᠲᠣᠭᠲᠠᠭᠠᠭᠰᠠᠨ ᠠᠵᠢᠯᠯᠠᠬᠤ ᠡᠳᠦᠷ ᠤᠨ ᠦᠳᠡ ᠶᠢᠨ ᠡᠮᠦᠨᠡᠬᠢ 8᠄ 30 ︱ 12᠄ 00᠂ ᠦᠳᠡ ᠶᠢᠨ ᠬᠤᠶᠢᠨᠠᠬᠢ 14᠄ 30 ︱ 17᠄ 00    ᠰᠢᠤᠳᠠᠨ ᠳ᠋ᠤᠭᠠᠷ᠄ 024076    ᠨᠢᠭᠡ᠂ ᠭᠤᠣᠯ ᠡᠭᠦᠷᠭᠡ ᠬᠠᠷᠢᠭᠤᠴᠠᠯᠭ᠎ᠠ    ︵ᠨᠢᠭᠡ︶ ᠪᠥᠬᠦ ᠲᠣᠭᠤᠷᠢᠭ ᠤᠨ ᠬᠥᠮᠥᠨ ᠤ ᠬᠦᠴᠦᠨ ᠤ ᠡᠬᠢ ᠪᠠᠶᠠᠯᠢᠭ ᠪᠣᠯᠣᠨ ᠨᠡᠶᠢᠭᠡᠮ ᠤᠨ ᠪᠠᠲᠤᠯᠠᠭ᠎ᠠ ᠶᠢᠨ ᠦᠢᠯᠡᠰ ᠤᠨ ᠬᠥᠭᠵᠢᠯᠲᠡ ᠶᠢᠨ ᠲᠥᠯᠦᠪᠵᠢᠭᠦᠯᠭᠡ ᠂ ᠲᠥᠷᠥ ᠶᠢᠨ ᠪᠣᠳᠣᠯᠭ᠎ᠠ ᠂ ᠠᠷᠭ᠎ᠠ ᠬᠡᠮᠵᠢᠶ᠎ᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ ᠃   ︵ᠬᠤᠶᠠᠷ︶ ᠪᠥᠬᠦ ᠲᠣᠭᠤᠷᠢᠭ ᠤᠨ ᠬᠥᠮᠥᠨ ᠤ ᠬᠦᠴᠦᠨ ᠤ ᠡᠬᠢ ᠪᠠᠶᠠᠯᠢᠭ ᠢ ᠨᠡᠭᠡᠭᠡᠨ ᠬᠥᠭᠵᠢᠭᠦᠯᠬᠦ ᠲᠥᠯᠦᠪᠵᠢᠭᠦᠯᠭᠡ ᠶᠢ ᠲᠤᠭᠤᠷᠪᠢᠨ ᠲᠣᠭᠲᠠᠭᠠᠵᠤ᠂ ᠴᠢᠳᠠᠪᠤᠷᠢᠲᠠᠨ ᠢ ᠬᠥᠮᠥᠵᠢᠭᠦᠯᠬᠦ᠂ ᠣᠷᠣᠭᠤᠯᠤᠨ ᠠᠪᠴᠢᠷᠠᠬᠤ᠂ ᠬᠡᠷᠡᠭᠯᠡᠬᠦ᠂ ᠦᠨᠡᠯᠡᠬᠦ᠂ ᠤᠷᠮᠠᠰᠢᠭᠤᠯᠬᠤ ᠠᠷᠭ᠎ᠠ ᠬᠡᠮᠵᠢᠶ᠎ᠡ ᠶᠢ ᠵᠣᠬᠢᠶᠠᠨ ᠪᠠᠶᠢᠭᠤᠯᠤᠨ ᠲᠤᠭᠤᠷᠪᠢᠨ ᠲᠣᠭᠲᠠᠭᠠᠨ᠎ᠠ᠃ ᠪᠥᠬᠦ ᠲᠣᠭᠤᠷᠢᠭ ᠤᠨ ᠬᠥᠮᠥᠨ ᠤ ᠬᠦᠴᠦᠨ ᠤ ᠡᠬᠢ ᠪᠠᠶᠠᠯᠢᠭ ᠤᠨ ᠵᠠᠬ᠎ᠠ ᠳᠡᠯᠭᠡᠭᠦᠷ ᠤᠨ ᠬᠥᠭᠵᠢᠯᠲᠡ ᠶᠢᠨ ᠲᠥᠯᠦᠪᠵᠢᠭᠦᠯᠭᠡ ᠪᠣᠯᠣᠨ ᠬᠥᠮᠥᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠎ ᠤ ᠦᠢᠯᠡᠰ ᠤᠨ ᠬᠥᠭᠵᠢᠯᠲᠡ ᠂ ᠬᠥᠮᠥᠨ ᠤ ᠬᠦᠴᠦᠨ ᠎ ᠤ ᠡᠬᠢ ᠪᠠᠶᠠᠯᠢᠭ ᠎ ᠤᠨ ᠰᠢᠯᠵᠢᠯᠲᠡ ᠬᠢᠬᠦ ᠠᠷᠭ᠎ᠠ ᠬᠡᠮᠵᠢᠶ᠎ᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ ᠂ ᠬᠥᠮᠥᠨ ᠤ ᠬᠦᠴᠦᠨ ᠤ ᠡᠬᠢ ᠪᠠᠶᠠᠯᠢᠭ ᠤᠨ ᠵᠦᠢ ᠵᠣᠬᠢᠰᠲᠠᠢ ᠰᠢᠯᠵᠢᠬᠦ ᠂ ᠪᠦᠲᠦᠮᠵᠢᠲᠡᠶ ᠲᠣᠬᠢᠷᠠᠭᠤᠯᠬᠤ ᠶᠢ ᠠᠬᠢᠭᠤᠯᠤᠨ᠎ᠠ ᠃    ︵ᠭᠤᠷᠪᠠ︶ ᠬᠤᠲᠠ ᠬᠥᠳᠡᠭᠡ ᠶᠢᠨ ᠠᠵᠢᠯ ᠣᠯᠭᠤᠯᠲᠠ ᠶᠢᠨ ᠬᠥᠭᠵᠢᠯᠲᠡ ᠶᠢ ᠨᠢᠭᠡᠳᠦᠯᠲᠡᠢ ᠲᠥᠯᠥᠪᠯᠡᠬᠦ ᠲᠥᠯᠦᠪᠵᠢᠭᠦᠯᠭᠡ ᠪᠠ ᠠᠷᠭ᠎ᠠ ᠬᠡᠮᠵᠢᠶ᠎ᠡ ᠶᠢ ᠲᠤᠭᠤᠷᠪᠢᠨ ᠲᠣᠭᠲᠠᠭᠠᠵᠤ᠂ ᠣᠯᠠᠨ ᠨᠡᠶᠢᠲᠡ ᠶᠢᠨ ᠠᠵᠢᠯ ᠣᠯᠭᠤᠵᠤ ᠠᠳᠠᠯ ᠦᠢᠯᠡᠰ ᠴᠣᠭᠴᠠᠯᠠᠬᠤ ᠦᠢᠯᠡᠴᠢᠯᠡᠭᠡᠨ ᠤ ᠰᠢᠰᠲ᠋ᠧᠮᠵᠢ ᠶᠢ ᠲᠡᠭᠦᠯᠳᠡᠷᠵᠢᠭᠦᠯᠦᠨ᠎ᠡ᠃ ᠠᠵᠢᠯ ᠣᠯᠭᠤᠯᠲᠠ ᠶᠢᠨ ᠲᠤᠰᠠᠯᠠᠮᠵᠢ ᠶᠢᠨ ᠳᠦᠷᠢᠮ ᠪᠠ ᠠᠵᠢᠯ ᠮᠡᠷᠭᠡᠵᠢᠯ ᠤᠨ ᠬᠢᠷᠢ ᠬᠡᠮ ᠤᠨ ᠳᠦᠷᠢᠮ ᠢ ᠵᠣᠬᠢᠶᠠᠨ ᠪᠠᠶᠢᠭᠤᠯᠤᠨ ᠨᠠᠶᠢᠳᠠᠪᠤᠷᠢᠵᠢᠭᠤᠯᠵᠤ ᠂ ᠬᠤᠳᠠ ᠬᠥᠳᠡᠭᠡ ᠶᠢᠨ ᠬᠥᠳᠡᠯᠮᠦᠷᠢᠴᠢᠳ ᠲᠤ ᠬᠠᠨᠳᠤᠭᠤᠯᠤᠭᠰᠠᠨ ᠠᠵᠢᠯ ᠮᠡᠷᠭᠡᠵᠢᠯ ᠤᠨ ᠪᠣᠯᠪᠠᠰᠤᠷᠠᠯ ᠤᠨ ᠳᠦᠷᠢᠮ ᠢ ᠨᠢᠭᠡᠳᠦᠯᠲᠡᠢ ᠲᠥᠯᠥᠪᠯᠡᠨ ᠪᠠᠶᠢᠭᠤᠯᠤᠨ᠎ᠠ ᠃ ᠳᠡᠭᠡᠳᠦ ᠰᠤᠷᠭᠠᠭᠤᠯᠢ ᠲᠡᠭᠦᠰᠦᠭᠰᠡᠳ ᠲᠤ ᠠᠵᠢᠯ ᠣᠯᠭᠤᠬᠤ ᠲᠥᠷᠥ ᠶᠢᠨ ᠪᠣᠳᠣᠯᠭ᠎ᠠ ᠶᠢ ᠲᠦᠷᠦᠭᠦᠯᠡᠨ ᠨᠠᠶᠢᠳᠠᠪᠤᠷᠢᠵᠢᠭᠤᠯᠤᠨ᠎ᠠ᠃    ︵ ᠳᠥᠷᠪᠡ ︶ ᠬᠤᠲᠠ ᠬᠥᠳᠡᠭᠡ ᠶᠢ ᠬᠠᠮᠤᠷᠤᠭᠰᠠᠨ ᠣᠯᠠᠨ ᠲᠠᠰ ᠳᠠᠪᠬᠤᠷᠭ᠎ᠠ ᠶᠢᠨ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮᠵᠢ ᠶᠢ ᠪᠠᠶᠢᠭᠤᠯᠬᠤ ᠶᠢ ᠨᠢᠭᠡᠳᠦᠯᠲᠡᠢ ᠲᠥᠯᠥᠪᠯᠡᠨ ᠠᠬᠢᠭᠤᠯᠤᠨ᠎ᠠ᠃ ᠨᠠᠰᠤᠵᠢᠯ ᠂ ᠠᠵᠢᠯ ᠠᠯᠳᠠᠯᠲᠠ ᠂ ᠠᠵᠢᠯ ᠠᠴᠠ ᠪᠣᠯᠤᠭᠰᠠᠨ ᠭᠡᠮᠲᠦᠯ ᠵᠡᠷᠭᠡ ᠨᠡᠶᠢᠭᠡᠮ ᠤᠨ ᠳᠠᠭᠠᠳᠬᠠᠯ ᠵᠢᠴᠢ ᠨᠥᠬᠦᠪᠦᠷᠢ ᠳᠠᠭᠠᠳᠬᠠᠯ ᠎ ᠤᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ ᠂ ᠪᠥᠬᠦ ᠲᠣᠭᠤᠷᠢᠭ ᠤᠨ ᠬᠠᠮᠢᠶ᠎ᠠ ᠪᠦᠬᠦᠢ ᠪᠠᠷᠢᠮᠵᠢᠶ᠎ᠠ ᠶᠢ ᠵᠢᠯᠣᠭᠤᠳᠤᠨ ᠬᠡᠷᠡᠭᠵᠢᠭᠦᠯᠵᠦ ᠂ ᠪᠥᠬᠦ ᠲᠣᠭᠤᠷᠢᠭ ᠤᠨ ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦ ᠶᠢᠨ ᠲᠥᠰᠥᠪ ᠪᠠ ᠲᠥᠰᠥᠪ ᠤᠨ ᠭᠦᠢᠴᠡᠳᠬᠡᠯ ᠎ ᠤᠨ ᠲᠥᠰᠥᠯ ᠢ ᠨᠠᠶᠢᠷᠠᠭᠤᠯᠤᠨ ᠵᠣᠬᠢᠶᠠᠨ᠎ᠠ ᠃ ᠪᠥᠬᠦ ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ ᠲᠥᠯᠥᠪᠯᠡᠭᠡ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠤᠯᠤᠰ ᠤᠨ ᠱᠠᠭᠠᠷᠳᠠᠯᠭ᠎ᠠ ᠶᠣᠰᠣᠭᠠᠷ ᠨᠡᠶᠢᠭᠡᠮ ᠤᠨ ᠳᠠᠭᠠᠳᠬᠠᠯ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠨᠢᠭᠡᠳᠦᠯᠲᠡᠢ ᠲᠠᠪᠴᠠᠩ ᠢ ᠪᠠᠶᠢᠭᠤᠯᠤᠨ᠎ᠠ᠃    ︵ᠲᠠᠪᠤ︶ ᠪᠥᠬᠦ ᠲᠣᠭᠤᠷᠢᠭ ᠤᠨ ᠠᠵᠢᠯ ᠣᠯᠭᠤᠯᠲᠠ ᠂ ᠠᠵᠢᠯ ᠠᠯᠳᠠᠯᠲᠠ ᠪᠣᠯᠣᠨ ᠬᠠᠮᠢᠶ᠎ᠠ ᠪᠦᠬᠦᠢ ᠨᠡᠶᠢᠭᠡᠮ ᠤᠨ ᠳᠠᠭᠠᠳᠬᠠᠯ ᠎ ᠤᠨ ᠰᠠᠭᠤᠷᠢ ᠮᠥᠩᠭᠦ ᠶᠢᠨ ᠲᠥᠰᠥᠭᠡᠯᠡᠵᠦ ᠰᠡᠷᠡᠮᠵᠢᠯᠡᠭᠦᠯᠬᠦ ᠪᠠ ᠮᠡᠳᠡᠭᠡ ᠵᠠᠩᠭᠢ ᠪᠠᠷ ᠬᠥᠲᠥᠯᠥᠨ ᠵᠢᠯᠤᠭᠤᠳᠬᠤ ᠶᠢ ᠬᠠᠷᠢᠭᠤᠴᠠᠵᠤ ᠂ ᠠᠷᠭᠠᠴᠠᠭᠠᠬᠤ ᠲᠥᠰᠥᠯ ᠲᠤᠭᠤᠷᠪᠢᠵᠤ ᠂ ᠰᠡᠷᠭᠡᠶᠢᠯᠡᠬᠦ ᠂ ᠲᠣᠬᠢᠷᠠᠭᠤᠯᠬᠤ ᠪᠠ ᠡᠵᠡᠮᠳᠡᠬᠦ ᠶᠢ ᠬᠡᠷᠡᠭᠵᠢᠭᠦᠯᠵᠦ ᠂ ᠠᠵᠢᠯ ᠣᠯᠭᠤᠬᠤ ᠪᠠᠶᠢᠳᠠᠯ ᠤᠨ ᠲᠣᠭᠲᠠᠭᠤᠨ ᠪᠠᠶᠢᠬᠤ ᠪᠠ ᠬᠠᠮᠢᠶ᠎ᠠ ᠪᠦᠬᠦᠢ ᠨᠡᠶᠢᠭᠡᠮ ᠤᠨ ᠳᠠᠭᠠᠳᠬᠠᠯ ᠎ ᠤᠨ ᠰᠠᠭᠤᠷᠢ ᠮᠥᠩᠭᠦ ᠶᠢᠨ ᠶᠡᠷᠦᠩᠬᠡᠢ ᠣᠷᠣᠯᠭ᠎ᠠ ᠵᠠᠷᠤᠯᠭ᠎ᠠ ᠶᠢᠨ ᠲᠡᠩᠴᠡᠭᠦᠷᠢᠲᠡᠢ ᠪᠠᠶᠢᠬᠤ ᠶᠢ ᠪᠠᠲᠤᠯᠠᠨ᠎ᠠ ᠃    ︵ᠵᠢᠷᠭᠤᠭ᠎ᠠ︶ ᠬᠥᠳᠡᠯᠮᠦᠷᠢ ᠠᠵᠢᠯᠲᠠᠨ ᠤ ᠶᠠᠪᠤᠳᠠᠯ ᠤᠨ ᠮᠠᠷᠭᠤᠯᠳᠤᠭᠠᠨ ᠢ ᠡᠶᠡᠳᠡᠭᠦᠯᠬᠦ ᠬᠥᠨᠳᠡᠯᠡᠨ ᠠᠴᠠ ᠲᠠᠰᠤᠯᠬᠤ ᠳᠦᠷᠢᠮ ᠪᠠ ᠬᠥᠳᠡᠯᠮᠦᠷᠢ ᠶᠢᠨ     ᠬᠠᠷᠢᠴᠠᠭᠠᠨ ᠤ ᠲᠥᠷᠥ ᠶᠢᠨ ᠪᠣᠳᠣᠯᠭ᠎ᠠ ᠶᠢ ᠨᠢᠭᠡᠳᠦᠯᠲᠡᠢ ᠲᠥᠯᠥᠪᠯᠡᠨ ᠬᠡᠷᠡᠭᠵᠢᠭᠦᠯᠵᠦ᠂ ᠬᠥᠳᠡᠯᠮᠦᠷᠢ ᠶᠢᠨ ᠬᠠᠷᠢᠴᠠᠭ᠎ᠠ ᠶᠢ ᠵᠥᠪᠳᠡᠯᠴᠡᠨ ᠵᠣᠬᠢᠴᠠᠭᠤᠯᠬᠤ ᠲᠣᠭᠲᠠᠴᠠ ᠶᠢ ᠲᠡᠭᠦᠯᠳᠡᠷᠵᠢᠭᠦᠯᠦᠨ᠎ᠡ᠃ ᠠᠵᠢᠯᠲᠠᠨ ᠠᠵᠢᠯᠴᠢᠨ ᠤ ᠠᠵᠢᠯᠯᠠᠬᠤ ᠴᠠᠭ ᠂ ᠠᠮᠠᠷᠠᠯᠲᠠ ᠪᠠ ᠠᠮᠠᠷᠠᠯᠲᠠ ᠶᠢᠨ ᠴᠢᠯᠦᠭᠡ ᠂ ᠠᠮᠠᠷᠠᠯᠲᠠ ᠶᠢᠨ ᠬᠤᠭᠤᠴᠠᠭᠠᠨ ᠤ ᠳᠦᠷᠢᠮ ᠪᠠ ᠬᠡᠦᠬᠡᠳ ᠠᠵᠢᠯᠴᠢᠨ ᠂ ᠡᠮᠡᠭᠲᠡᠢ ᠠᠵᠢᠯᠴᠢᠨ ᠵᠢᠴᠢ ᠨᠠᠰᠤᠨ ᠳᠤ ᠬᠦᠷᠦᠭᠡᠳᠦᠢ ᠠᠵᠢᠯᠴᠢᠨ ᠢ ᠬᠠᠤᠯᠢ ᠪᠤᠰᠤ ᠪᠠᠷ ᠬᠡᠷᠡᠭᠯᠡᠬᠦ ᠶᠢ ᠠᠷᠢᠯᠭᠠᠬᠤ ᠣᠨᠴᠠᠭᠠᠶ ᠬᠥᠳᠡᠯᠮᠦᠷᠢ ᠶᠢᠨ ᠬᠠᠮᠠᠭᠠᠯᠠᠯᠲᠠ ᠶᠢᠨ ᠲᠦᠷᠦ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠎ᠠ ᠃ ᠬᠥᠳᠡᠯᠮᠦᠷᠢ ᠶᠢᠨ ᠪᠠᠲᠤᠯᠠᠭ᠎ᠠ ᠶᠢᠨ ᠬᠢᠨᠠᠨ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ ᠂ ᠬᠥᠳᠡᠯᠮᠦᠷᠢᠴᠢᠳ ᠤᠨ ᠡᠷᠬᠡ ᠪᠠᠨ ᠬᠠᠮᠠᠭᠠᠯᠠᠬᠤ ᠠᠵᠢᠯ ᠢ ᠵᠣᠬᠢᠴᠠᠭᠤᠯᠵᠤ ᠂ ᠬᠠᠤᠯᠢ ᠶᠢ ᠵᠥᠷᠢᠴᠡᠵᠦ ᠰᠠᠬᠢᠯᠭ᠎ᠠ ᠪᠠᠲᠤ ᠶᠢ ᠵᠥᠷᠢᠴᠡᠭᠰᠡᠨ ᠬᠡᠷᠡᠭ ᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠨ᠎ᠡ ᠃    ︵ᠳᠣᠯᠤᠭ᠎ᠠ︶ ᠮᠡᠷᠭᠡᠵᠢᠯ ᠤᠨ ᠴᠣᠯᠠ ᠶᠢᠨ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠢ ᠲᠦᠷᠦᠭᠦᠯᠡᠨ ᠠᠬᠢᠭᠤᠯᠵᠤ᠂ ᠲᠤᠰᠬᠠᠢ ᠮᠡᠷᠭᠡᠵᠢᠯ ᠤᠨ ᠠᠵᠢᠯᠲᠠᠨ ᠤ ᠬᠠᠮᠢᠶᠠᠷᠤᠯᠲᠠ ᠂ ᠦᠷᠭᠦᠯᠵᠢᠯᠡᠭᠰᠡᠨ ᠰᠤᠷᠭᠠᠨ ᠬᠥᠮᠦᠵᠢᠯ ᠵᠡᠷᠭᠡ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠂ ᠳᠡᠭᠡᠳᠦ ᠲᠠᠰ ᠳᠠᠪᠬᠤᠷᠭ᠎ᠠ ᠶᠢᠨ ᠲᠤᠰᠬᠠᠢ ᠮᠡᠷᠭᠡᠵᠢᠯ ᠤᠨ ᠴᠢᠳᠠᠪᠤᠷᠢᠲᠠᠨ ᠢ ᠰᠢᠯᠢᠨ ᠰᠣᠩᠭᠤᠬᠤ ᠪᠠ ᠬᠥᠮᠥᠵᠢᠭᠦᠯᠬᠦ ᠠᠵᠢᠯ ᠢ ᠬᠠᠷᠢᠭᠤᠴᠠᠨ᠎ᠠ᠃ ᠠᠵᠢᠯ ᠮᠡᠷᠭᠡᠵᠢᠯ ᠤᠨ ᠬᠢᠷᠢ ᠬᠡᠮ ᠤᠨ ᠳᠦᠷᠢᠮ ᠤᠨ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢ ᠣᠯᠠᠨ ᠡᠰᠢᠵᠢᠭᠦᠯᠦᠨ ᠦᠨᠡᠯᠡᠬᠦ ᠲᠣᠭᠲᠠᠴᠠ ᠶᠢ ᠪᠠᠶᠢᠭᠤᠯᠤᠨ᠎ᠠ ᠃    ︵ᠨᠠᠢᠮᠠ︶ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠪᠥᠬᠦ ᠲᠣᠭᠤᠷᠢᠭ ᠤᠨ ᠠᠵᠢᠯ ᠦᠢᠯᠡᠰ ᠤᠨ ᠨᠢᠭᠡᠴᠢ ᠶᠢᠨ ᠠᠵᠢᠯᠲᠠᠨ ᠤ ᠶᠠᠪᠤᠳᠠᠯ ᠤᠨ ᠳᠦᠷᠢᠮ ᠎ ᠤᠨ ᠥᠭᠡᠷᠡᠴᠢᠯᠡᠯᠲᠡ ᠶᠢ ᠲᠦᠯᠬᠢᠨ ᠠᠬᠢᠭᠤᠯᠵᠤ ᠂ ᠬᠠᠮᠢᠶᠠᠷᠤᠯᠲᠠ ᠶᠢᠨ ᠡᠷᠬᠡ ᠮᠡᠳᠡᠯ ᠎ ᠤᠨ ᠶᠣᠰᠣᠭᠠᠷ ᠪᠥᠬᠦ ᠲᠣᠭᠤᠷᠢᠭ ᠤᠨ ᠠᠵᠢᠯ ᠦᠢᠯᠡᠰ ᠨᠢᠭᠡᠴᠢ ᠶᠢᠨ ᠠᠵᠢᠯ ᠤᠨ ᠪᠠᠶᠢᠷᠢ ᠲᠣᠬᠢᠷᠠᠭᠤᠯᠬᠤ ᠂ ᠢᠯᠡ ᠪᠠᠷ ᠤᠷᠢᠬᠤ ᠂ ᠤᠷᠢᠵᠤ ᠬᠡᠷᠡᠭᠯᠡᠬᠦ ᠭᠡᠷ᠎ᠡ ᠵᠡᠷᠭᠡ ᠠᠵᠢᠯᠲᠠᠨ ᠎ ᠤ ᠶᠠᠪᠤᠳᠠᠯ ᠤ ᠶᠡᠷᠦᠩᠬᠡᠶᠢᠯᠡᠭᠰᠡᠨ ᠬᠠᠮᠢᠶᠠᠷᠤᠯᠲᠠ ᠶᠢᠨ ᠠᠵᠢᠯ ᠢ ᠵᠢᠷᠤᠮᠵᠢᠭᠤᠯᠵᠤ ᠂ ᠠᠵᠢᠯ ᠦᠢᠯᠡᠰ ᠤᠨ ᠨᠢᠭᠡᠴᠢ ᠶᠢᠨ ᠠᠵᠢᠯᠲᠠᠨ ᠪᠣᠯᠣᠨ ᠪᠠᠶᠢᠭᠤᠯᠭ᠎ᠠ ᠶᠢᠨ ᠦᠢᠯᠡᠴᠢᠯᠡᠭᠡᠨ ᠤ ᠠᠵᠢᠯᠲᠠᠨ ᠎ ᠤ ᠬᠠᠮᠢᠶᠠᠷᠤᠯᠲᠠ ᠶᠢᠨ ᠲᠥᠷᠥ ᠶᠢᠨ ᠪᠣᠳᠣᠯᠭ᠎ᠠ ᠶᠢ ᠵᠣᠬᠢᠶᠠᠨ ᠪᠠᠶᠢᠭᠤᠯᠤᠨ ᠨᠠᠶᠢᠳᠠᠪᠤᠷᠢᠵᠢᠭᠤᠯᠤᠨ᠎ᠠ ᠃    ︵ᠶᠢᠰᠦ︶ ᠪᠥᠬᠦ ᠲᠣᠭᠤᠷᠢᠭ ᠤᠨ ᠰᠠᠶᠢᠰᠢᠶᠠᠨ ᠬᠥᠬᠢᠭᠦᠯᠵᠦ ᠱᠠᠩᠨᠠᠬᠤ ᠳᠦᠷᠢᠮ ᠢ ᠵᠣᠬᠢᠶᠠᠨ ᠪᠠᠶᠢᠭᠤᠯᠤᠨ ᠲᠣᠭᠲᠠᠭᠠᠵᠤ᠂ ᠪᠥᠬᠦ ᠲᠣᠭᠤᠷᠢᠭ ᠤᠨ ᠰᠠᠶᠢᠰᠢᠶᠠᠨ ᠬᠥᠬᠢᠭᠦᠯᠵᠦ ᠱᠠᠩᠨᠠᠬᠤ ᠠᠵᠢᠯ ᠢ ᠶᠡᠷᠦᠩᠬᠡᠶᠢᠯᠡᠨ ᠬᠠᠮᠢᠶᠠᠷᠴᠤ᠂ ᠡᠷᠬᠡ ᠣᠯᠭᠤᠯᠲᠠ ᠶᠢ ᠦᠨᠳᠦᠰᠦᠯᠡᠨ ᠲᠣᠭᠤᠷᠢᠭ ᠤᠨ ᠨᠠᠮ ᠤᠨ ᠬᠤᠷᠢᠶ᠎ᠠ᠂ ᠲᠣᠭᠤᠷᠢᠭ ᠤᠨ ᠵᠠᠰᠠᠭ ᠤᠨ ᠣᠷᠳᠣᠨ ᠤ ᠨᠡᠷ᠎ᠡ ᠪᠠᠷ ᠥᠷᠨᠢᠭᠦᠯᠦᠭᠰᠡᠨ ᠲᠣᠭᠤᠷᠢᠭ ᠤᠨ ᠱᠠᠲᠤᠨ ᠤ ᠰᠠᠶᠢᠰᠢᠶᠠᠨ ᠬᠥᠬᠢᠭᠦᠯᠵᠦ ᠱᠠᠩᠨᠠᠬᠤ ᠠᠵᠢᠯᠯᠠᠭ᠎ᠠ ᠶᠢ ᠳᠠᠭᠠᠭᠠᠨ ᠭᠦᠢᠴᠡᠳᠬᠡᠨ᠎ᠡ᠃    ︵ᠠᠷᠪᠠ︶ ᠠᠵᠢᠯ ᠦᠢᠯᠡᠰ ᠎ ᠤᠨ ᠨᠢᠭᠡᠴᠢ ᠶᠢᠨ ᠠᠵᠢᠯᠲᠠᠨ ᠎ ᠤ ᠴᠠᠯᠢᠩ ᠤᠨ ᠣᠷᠣᠯᠭ᠎ᠠ ᠶᠢᠨ ᠬᠤᠪᠢᠶᠠᠷᠢᠯᠠᠯᠲᠠ ᠶᠢᠨ ᠲᠥᠷᠥ ᠶᠢᠨ ᠪᠣᠳᠣᠯᠭ᠎ᠠ ᠶᠢ ᠵᠣᠬᠢᠶᠠᠨ ᠪᠠᠶᠢᠭᠤᠯᠤᠨ ᠨᠠᠶᠢᠳᠠᠪᠤᠷᠢᠵᠢᠭᠤᠯᠵᠤ ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠶᠢᠨ ᠠᠵᠢᠯᠲᠠᠨ ᠎ ᠤ ᠠᠰᠠᠷᠠᠮᠵᠢ ᠪᠣᠯᠣᠨ ᠠᠵᠢᠯ ᠠᠴᠠ ᠪᠠᠨ ᠰᠠᠯᠵᠤ ᠠᠮᠠᠷᠠᠬᠤ ᠪᠠ ᠠᠵᠢᠯ ᠠᠴᠠ ᠪᠠᠨ ᠪᠠᠭᠤᠵᠤ ᠠᠮᠠᠷᠠᠬᠤ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ ᠂ ᠪᠥᠬᠦ ᠲᠣᠭᠤᠷᠢᠭ ᠤᠨ ᠠᠵᠢᠯ ᠦᠢᠯᠡᠰ ᠤᠨ ᠨᠢᠭᠡᠴᠢ ᠶᠢᠨ ᠴᠠᠯᠢᠩ ᠠᠰᠠᠷᠠᠮᠵᠢ ᠪᠣᠯᠣᠨ ᠠᠵᠢᠯᠲᠠᠨ ᠤ ᠠᠵᠢᠯ ᠠᠴᠠ ᠪᠠᠨ ᠰᠠᠯᠬᠤ ᠪᠠ ᠠᠵᠢᠯ ᠠᠴᠠ ᠪᠠᠨ ᠪᠠᠭᠤᠵᠤ ᠠᠵᠢᠯ ᠢ ᠬᠠᠷᠢᠭᠤᠴᠠᠨ᠎ᠠ᠃    ︵ᠠᠷᠪᠠᠨ ᠨᠢᠭᠡ︶ ᠪᠦᠬᠦ ᠲᠣᠭᠤᠷᠢᠭ ᠤᠨ ᠲᠠᠷᠢᠶᠠᠴᠢᠨ ᠬᠦᠴᠦ ᠶᠠᠪᠤᠭᠰᠠᠳ ᠎ ᠤᠨ ᠠᠵᠢᠯ ᠤᠨ ᠲᠥᠯᠦᠪᠵᠢᠭᠦᠯᠭᠡ ᠶᠢ ᠵᠣᠬᠢᠶᠠᠨ ᠪᠠᠶᠢᠭᠤᠯᠤᠨ ᠲᠤᠭᠤᠷᠪᠢᠵᠤ ᠂ ᠲᠠᠷᠢᠶᠠᠴᠢᠨ ᠬᠦᠴᠦ ᠶᠠᠪᠤᠭᠰᠠᠳ ᠲᠤ ᠬᠤᠯᠪᠣᠭᠳᠠᠬᠤ ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠲᠦᠯᠬᠢᠨ ᠠᠬᠢᠭᠤᠯᠵᠤ ᠂ ᠭᠤᠣᠯᠳᠠᠯᠭ᠎ᠠ ᠲᠠᠢ ᠬᠦᠴᠢᠷ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠵᠦ ᠂ ᠲᠠᠷᠢᠶᠠᠴᠢᠨ ᠬᠦᠴᠦ ᠶᠠᠪᠤᠭᠰᠠᠳ ᠤᠨ ᠬᠠᠤᠯᠢ ᠶᠣᠰᠣᠨ ᠎ ᠤ ᠡᠷᠬᠡ ᠠᠰᠢᠭ ᠢ ᠬᠠᠮᠠᠭᠠᠯᠠᠨ᠎ᠠ ᠃    ︵ ᠠᠷᠪᠠᠨ ᠬᠤᠶᠠᠷ ︶ ᠲᠣᠭᠤᠷᠢᠭ ᠤᠨ ᠨᠠᠮ ᠤᠨ ᠬᠤᠷᠢᠶ᠎ᠠ ᠂ ᠲᠣᠭᠤᠷᠢᠭ ᠤᠨ ᠵᠠᠰᠠᠭ ᠤᠨ ᠣᠷᠳᠣᠨ ᠤ ᠳᠠᠭᠠᠭᠠᠯᠭᠠᠭᠰᠠᠨ ᠪᠤᠰᠤᠳ ᠡᠭᠦᠷᠭᠡ ᠨᠦᠭᠦᠳ ᠢ ᠪᠡᠶᠡᠯᠡᠭᠦᠯᠬᠦ ᠬᠡᠷᠡᠭᠲᠡᠢ ᠃    ︵ ᠠᠷᠪᠠᠨ ᠭᠤᠷᠪᠠ ︶ ᠡᠭᠦᠷᠭᠡ ᠴᠢᠳᠠᠪᠤᠷᠢ ᠶᠢ ᠬᠤᠪᠢᠷᠠᠭᠤᠯᠬᠤ᠃ ᠵᠠᠰᠠᠭ ᠢ ᠴᠣᠮᠬᠠᠳᠬᠠᠨ ᠡᠷᠬᠡ ᠶᠢ ᠳᠣᠷᠣᠭᠰᠢ ᠪᠠᠭᠤᠯᠭᠠᠬᠤ ᠂ ᠴᠢᠯᠦᠭᠡᠲᠡᠢ ᠪᠣᠯᠭᠠᠬᠤ ᠪᠠ ᠬᠠᠮᠢᠶᠠᠷᠬᠤ ᠶᠢ ᠤᠶᠠᠯᠳᠤᠭᠤᠯᠬᠤ ᠂ ᠦᠢᠯᠡᠴᠢᠯᠡᠭᠡ ᠶᠢ ᠰᠢᠯᠢᠳᠡᠭᠵᠢᠭᠦᠯᠬᠦ   ᠥᠭᠡᠷᠡᠴᠢᠯᠡᠯᠲᠡ ᠶᠢ ᠭᠦᠨᠵᠡᠭᠡᠢ ᠲᠦᠯᠬᠢᠨ ᠠᠬᠢᠭᠤᠯᠵᠤ ᠂ ᠭᠠᠳᠠᠭᠠᠳᠤ ᠳᠤ ᠰᠢᠢᠳᠪᠦᠷᠢᠯᠡᠬᠦ ᠵᠦᠢᠯᠡᠰ ᠢ ᠵᠢᠷᠤᠮᠵᠢᠭᠤᠯᠤᠨ ᠰᠢᠯᠢᠳᠡᠭᠵᠢᠭᠦᠯᠵᠦ ᠂ ᠤᠯᠤᠰ ᠤᠨ ᠠᠵᠢᠯ ᠮᠡᠷᠭᠡᠵᠢᠯ ᠤᠨ ᠬᠢᠷᠢ ᠬᠡᠮ ᠤᠨ ᠳᠦᠷᠢᠮ ᠢ ᠨᠠᠶᠢᠳᠠᠪᠤᠷᠢᠵᠢᠭᠤᠯᠵᠤ ᠂  ᠤᠴᠢᠷ ᠶᠠᠪᠤᠳᠠᠯ ᠤᠨ ᠳᠤᠮᠳᠠᠬᠢ ᠪᠠ ᠤᠴᠢᠷ ᠶᠠᠪᠤᠳᠠᠯ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ ᠂ ᠠᠵᠢᠯ ᠣᠯᠭᠤᠯᠲᠠ ᠪᠠ ᠨᠡᠶᠢᠭᠡᠮ ᠤᠨ ᠪᠠᠲᠤᠯᠠᠭ᠎ᠠ ᠵᠡᠷᠭᠡ ᠤᠯᠠᠨ ᠨᠡᠶᠢᠲᠡ ᠶᠢᠨ ᠦᠢᠯᠡᠴᠢᠯᠡᠭᠡᠨ ᠤ ᠠᠷᠭ᠎ᠠ ᠮᠠᠶ᠋ᠢᠭ ᠤᠨ ᠲᠠᠯ᠎ᠠ ᠪᠠᠷ ᠰᠢᠨ᠎ᠡ ᠶᠢ ᠡᠭᠦᠳᠴᠦ ᠂ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠶᠢ ᠴᠢᠩᠭᠠᠳᠬᠠᠵᠤ ᠂ ᠤᠯᠠᠨ ᠨᠡᠶᠢᠲᠡ ᠶᠢᠨ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠦᠨ᠎ᠡ ᠃ 
 
ᠢᠷᠡᠯᠲᠡ᠄ ᠶᠤᠸᠠᠨ ᠪᠣᠥ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠰᠥᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1