1.06 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠭᠰᠠᠨ ᠥᠪᠥᠷ ᠮᠣᠩᠭᠤᠯ ᠤᠨ ᠮᠣᠣ ᠶᠤᠸᠠᠨ ᠡᠮ ᠤᠨ ᠦᠢᠯᠡᠰ ᠤᠨ ᠬᠢᠵᠠᠭᠠᠷᠲᠤ ᠺᠣᠮᠫᠠᠨᠢ ᠶᠢᠨ ᠠᠵᠤ ᠦᠢᠯᠡᠰ ᠤᠨ ᠬᠦᠷᠢᠶᠡᠯᠡᠩ ᠤᠨ ᠲᠥᠰᠥᠯ ᠤᠨ ᠪᠦᠲᠦᠭᠡᠨ ᠪᠠᠶᠢᠭᠤᠯᠤᠯᠲᠠ ᠡᠬᠢᠯᠡᠪᠡ
ᠨᠡᠶᠢᠲᠡᠯᠡᠭᠰᠡᠨ ᠴᠠᠭ᠄
2023/5/24
    ᠣᠶᠢᠷ᠎ᠠ ᠳᠤ᠂ 1.06 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠭᠰᠠᠨ ᠥᠪᠥᠷ ᠮᠣᠩᠭᠤᠯ ᠤᠨ ᠮᠣᠣ ᠶᠤᠸᠠᠨ ᠡᠮ ᠤᠨ ᠦᠢᠯᠡᠰ ᠤᠨ ᠬᠢᠵᠠᠭᠠᠷᠲᠤ ᠺᠣᠮᠫᠠᠨᠢ ᠶᠢᠨ ᠹᠧᠩ ᠱᠦᠢ ᠭᠧᠦ ᠪᠠᠯᠭᠠᠰᠤᠨ ᠤ ᠣᠳᠣᠬᠢᠴᠢᠯᠠᠭᠰᠠᠨ ᠬᠢᠲᠠᠳ ᠡᠮ ᠤᠨ ᠮᠠᠲ᠋ᠧᠷᠢᠶᠠᠯ ᠤᠨ ᠠᠵᠤ ᠦᠢᠯᠡᠰ ᠤᠨ ᠬᠦᠷᠢᠶᠡᠯᠡᠩ ᠤᠨ ᠲᠥᠰᠥᠯ ᠎ ᠤᠨ ᠪᠦᠲᠦᠭᠡᠨ ᠪᠠᠶᠢᠭᠤᠯᠤᠯᠲᠠ  ᠡᠬᠢᠯᠡᠪᠡ᠃ ᠲᠣᠰ ᠲᠥᠰᠥᠯ ᠎ ᠨᠢ ᠹᠧᠩ ᠱᠦᠢ ᠭᠧᠦ ᠪᠠᠯᠭᠠᠰᠤᠨ ᠤ ᠰᠢᠶᠠ ᠺᠠᠨ ᠽᠢ ᠲᠣᠰᠬᠤᠨ ᠳᠤ ᠪᠠᠶᠢᠷᠢᠰᠢᠵᠤ᠂ 5300 ᠮᠦ ᠭᠠᠵᠠᠷ ᠡᠵᠡᠯᠡᠵᠦ᠂ ᠭᠤᠣᠯᠳᠠᠭᠤ ︽ᠬᠤᠶᠠᠷ ᠲᠥᠪ ᠨᠢᠭᠡ ᠰᠠᠭᠤᠷᠢᠨ ᠭᠠᠵᠠᠷ︾᠂ ᠲᠤᠬᠠᠶᠢᠯᠠᠪᠠᠯ ᠡᠮ ᠤᠨ ᠮᠠᠲ᠋ᠧᠷᠢᠶᠠᠯ ᠪᠣᠯᠪᠠᠰᠤᠷᠠᠭᠤᠯᠬᠤ ᠲᠥᠪ᠂ ᠡᠮ ᠤᠨ ᠮᠠᠲ᠋ᠧᠷᠢᠶᠠᠯ ︵ᠦᠷ᠎ᠡ ᠶᠢᠨ ᠴᠢᠬᠢ︶᠎ ᠤᠨ ᠠᠷᠠᠯᠵᠢᠶᠠᠨ ᠤ ᠲᠥᠪ ᠪᠠ ᠵᠢᠩᠬᠢᠨᠢ ᠡᠮ ᠤᠨ ᠮᠠᠲ᠋ᠧᠷᠢᠶᠠᠯ ᠳᠠᠷᠢᠬᠤ ᠰᠠᠭᠤᠷᠢᠨ ᠭᠠᠵᠠᠷ ᠢ ᠪᠦᠲᠦᠭᠡᠨ ᠪᠠᠶᠢᠭᠤᠯᠵᠤ᠂ ᠬᠤᠷᠳᠤᠨ ᠴᠠᠭᠠᠨ᠂ ᠱᠦᠭᠦᠷᠭᠡᠨ᠎ᠡ᠂ ᠰᠢᠷᠪᠦᠰᠦᠨ ᠦᠨᠳᠦᠰᠦ ᠵᠡᠷᠭᠡ ᠬᠢᠲᠠᠳ ᠡᠮ ᠤᠨ ᠮᠠᠲ᠋ᠧᠷᠢᠶᠠᠯ ᠢ ᠦᠢᠯᠡᠳᠪᠦᠷᠢᠯᠡᠨ ᠪᠣᠯᠪᠠᠰᠤᠷᠠᠭᠤᠯᠵᠤ ᠂ ᠵᠢᠱᠢᠯᠲᠡ ᠪᠠᠷ 2025 ᠣᠨ ᠤ 6 ᠰᠠᠷ᠎ᠠ ᠳᠤ ᠪᠠᠶᠢᠭᠤᠯᠵᠤ ᠳᠠᠭᠤᠰᠬᠠᠨ᠎ᠠ᠃ ᠠᠰᠢᠭᠯᠠᠯᠲᠠ ᠳᠤ ᠣᠷᠣᠭᠰᠠᠨ ᠤ ᠳᠠᠷᠠᠭ᠎ᠠ᠂ ᠵᠢᠯ ᠳᠤ 3000 ᠲᠦᠮᠡᠨ ᠲᠥᠭᠦᠷᠢᠭ ᠤᠨ ᠦᠢᠯᠡᠳᠬᠦᠨ ᠤ ᠥᠷᠲᠡᠭ᠂ 150 ᠲᠦᠮᠡᠨ ᠲᠥᠭᠦᠷᠢᠭ ᠤᠨ ᠠᠰᠢᠭ ᠭᠠᠶᠢᠯᠢ ᠶᠢ ᠪᠡᠶᠡᠯᠡᠭᠦᠯᠵᠦ᠂ 200 ᠭᠠᠷᠤᠢ ᠬᠥᠮᠥᠨ ᠤ ᠠᠵᠢᠯ ᠣᠯᠭᠤᠯᠲᠠ ᠶᠢ ᠳᠠᠶᠢᠴᠢᠯᠠᠨ᠎ᠠ  
 
ᠢᠷᠡᠯᠲᠡ᠄ ᠶᠤᠸᠠᠨ ᠪᠣᠥ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠰᠥᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1