ᠲᠣᠭᠤᠷᠢᠭ ᠤᠨ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠤᠨ ᠤ ᠲᠣᠪᠴᠢᠶ᠎ᠠ | ᠡᠷᠳᠡᠨᠢ ᠰᠢᠰᠢ ᠳᠠᠷᠢᠬᠤ ᠶᠢ ︽ᠨᠠᠶᠢᠳᠠᠨ ᠬᠠᠮᠢᠶᠠᠷᠤᠭᠤᠯᠬᠤ︾ ᠵᠠᠭᠪᠤᠷ ᠢᠶᠠᠷ ︽ᠲᠠᠷᠢᠶᠠᠨ ᠭᠠᠵᠠᠷ ᠤᠨ ᠬᠠᠮᠢᠶᠠᠷᠤᠭᠴᠢ | ︾ ᠶᠢ ᠪᠣᠶ ᠪᠣᠯᠭᠠᠵᠤ ᠪᠠᠶᠢᠨ᠎ᠠ᠃ ︽ᠺᠣᠮᠫᠠᠨᠢ + ᠬᠤᠷᠰᠢᠶ᠎ᠠ + ᠲᠠᠷᠢᠶᠠᠴᠢᠨ ᠡᠷᠦᠬᠡ︾ ᠰᠢᠨ᠎ᠡ ᠵᠠᠭᠪᠤᠷ ᠡᠭᠦᠳᠴᠦ᠂ | ᠲᠠᠷᠢᠶᠠᠴᠢᠨ ᠡᠷᠦᠬᠡ ᠯᠦᠭᠡ ᠡᠷᠳᠡᠨᠢ ᠰᠢᠰᠢ ᠳᠠᠷᠢᠬᠤ ᠪᠥᠬᠦ ᠶᠠᠪᠤᠴᠠ ᠶᠢᠨ ᠨᠠᠶᠢᠳᠠᠨ ᠬᠠᠮᠢᠶᠠᠷᠤᠭᠤᠯᠬᠤ | ᠦᠢᠯᠡᠴᠢᠯᠡᠭᠡᠨ ᠳᠤ ᠭᠠᠷ ᠤᠨ ᠥᠰᠥᠭ ᠵᠢᠷᠤᠵᠤ᠂ ᠬᠤᠷᠰᠢᠶ᠎ᠠ ᠠᠴᠠ ᠲᠠᠷᠢᠶᠠᠯᠠᠩ ᠤᠨ ᠦᠢᠯᠡᠳᠪᠦᠷᠢᠯᠡᠯ ᠤᠨ | ᠬᠡᠷᠡᠭᠰᠡᠯ ᠢ ᠬᠤᠳᠠᠯᠳᠤᠨ ᠠᠪᠬᠤ᠂ ᠮᠠᠰᠢᠨ ᠢᠶᠠᠷ ᠳᠠᠷᠢᠬᠤ᠂ ᠡᠪᠡᠰᠦ ᠠᠷᠢᠯᠭᠠᠵᠤ ᠬᠠᠳᠤᠬᠤ ᠵᠡᠷᠭᠡ ᠲᠠᠷᠢᠶᠠᠯᠠᠩ ᠤᠨ | ᠮᠡᠷᠭᠡᠵᠢᠯ ᠤᠨ ᠦᠢᠯᠡᠴᠢᠯᠡᠭᠡ ᠶᠢ ᠲᠥᠪᠯᠡᠷᠡᠭᠦᠯᠦᠨ ᠥᠷᠨᠢᠭᠦᠯᠥᠨ᠂ ᠡᠷᠳᠡᠨᠢ ᠰᠢᠰᠢ ᠳᠠᠷᠢᠬᠤ ᠪᠥᠬᠦ ᠶᠠᠪᠤᠴᠠ ᠶᠢᠨ ︽ | ᠨᠠᠶᠢᠳᠠᠨ ᠬᠠᠮᠢᠶᠠᠷᠤᠭᠤᠯᠬᠤ︾ ᠶᠢ ᠪᠡᠶᠡᠯᠡᠭᠦᠯᠵᠦ ᠪᠠᠶᠢᠨ᠎ᠠ᠃ ᠣᠳᠣᠬᠠᠨ ᠳᠤ᠂ ︽ᠨᠠᠶᠢᠳᠠᠨ ᠬᠠᠮᠢᠶᠠᠷᠤᠭᠤᠯᠬᠤ︾ | ᠵᠠᠭᠪᠤᠷ ᠢᠶᠠᠷ ᠳᠠᠮᠵᠢᠭᠤᠯᠤᠨ 4000 ᠮᠦ ᠡᠷᠳᠡᠨᠢ ᠰᠢᠰᠢ ᠳᠠᠷᠢᠬᠤ ᠠᠵᠢᠯ ᠢ ᠪᠡᠶᠡᠯᠡᠭᠦᠯᠵᠦ᠂ ᠮᠦ ᠪᠦᠷᠢ ᠶᠢᠨ ᠴᠢᠬᠢ | ᠮᠣᠳᠣᠨ ᠤ ᠨᠢᠭᠲᠠᠴᠠ ᠶᠢ 6000 ᠰᠠᠭᠤᠷᠢ ᠪᠣᠯᠭᠠᠵᠤ᠂ ᠮᠦ ᠪᠦᠷᠢ ᠶᠢᠨ ᠴᠢᠬᠢ ᠮᠣᠳᠣᠨ ᠤ ᠬᠠᠮᠠᠭᠠᠯᠠᠯᠲᠠ ᠶᠢᠨ | ᠬᠡᠮᠵᠢᠶ᠎ᠡ ᠶᠢ 5000 ᠭᠠᠷᠤᠢ ᠪᠣᠯᠭᠠᠵᠤ᠂ ᠮᠦ ᠪᠦᠷᠢ ᠶᠢᠨ ᠣᠷᠣᠯᠭ᠎ᠠ ᠶᠢ ᠳᠤᠮᠳᠠᠴᠢ ᠪᠠᠷ 180 ᠲᠥᠭᠦᠷᠢᠭ | ᠨᠡᠮᠡᠭᠳᠡᠭᠦᠯᠪᠡ᠃ | |