ᠶᠤᠸᠠᠨ ᠪᠦᠦ ᠱᠠᠨ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ
ᠨᠡᠶᠢᠲᠡᠯᠡᠭᠰᠡᠨ ᠴᠠᠭ᠄
2023/5/24
    ᠤᠯᠠᠭᠠᠨᠬᠠᠳᠠ ᠬᠤᠲᠠ ᠶᠢᠨ ᠶᠤᠸᠠᠨ ᠪᠦᠦ ᠱᠠᠨ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠳᠤ ᠤᠯᠠᠭᠠᠨᠬᠠᠳᠠ ᠬᠤᠲᠠ ᠶᠢᠨ ᠶᠤᠸᠠᠨ ᠪᠦᠦ ᠱᠠᠨ ᠲᠣᠭᠤᠷᠢᠭ ᠤᠨ ᠬᠢᠲᠠᠳ ᠮᠣᠩᠭᠤᠯ ᠡᠮ ᠡᠮᠨᠡᠯᠭᠡ ᠶᠢᠨ ᠬᠠᠮᠢᠶᠠᠷᠤᠯᠲᠠ ᠶᠢᠨ ᠲᠣᠪᠴᠢᠶ᠎ᠠ᠂ ᠤᠯᠠᠭᠠᠨᠬᠠᠳᠠ ᠬᠤᠲᠠ ᠶᠢᠨ ᠶᠤᠸᠠᠨ ᠪᠦᠦ ᠱᠠᠨ ᠲᠣᠭᠤᠷᠢᠭ ᠤᠨ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠤ ᠵᠥᠪᠯᠡᠯ ᠤᠨ ᠠᠯᠪᠠᠨ ᠭᠡᠷ ᠤᠨ ᠫᠠᠶᠢᠰᠠ ᠶᠢ ᠨᠡᠮᠡᠵᠦ ᠡᠯᠭᠦᠨ᠎ᠡ᠃ ᠤᠯᠠᠭᠠᠨᠬᠠᠳᠠ ᠬᠤᠲᠠ ᠶᠢᠨ ᠶᠤᠸᠠᠨ ᠪᠦᠦ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠪᠦᠷᠢᠯᠳᠦᠭᠦᠨ ᠰᠠᠯᠠᠭ᠎ᠠ ᠮᠥᠴᠢᠷ ᠪᠠᠶᠢᠵᠤ ᠂  ᠵᠢᠩᠬᠢᠨᠢ ᠰᠠᠯᠠᠭᠠᠨ ᠲᠠᠰ ᠪᠣᠯᠣᠨ᠎ᠠ᠃    ᠬᠠᠷᠢᠭᠤᠴᠠᠯᠭᠠᠲᠠᠨ ᠄ ᠸᠠᠩ ᠰᠢᠤᠸᠠᠢ ᠮᠢᠨ    ᠪᠠᠶᠢᠭᠤᠯᠭ᠎ᠠ ᠶᠢᠨ ᠬᠠᠶ᠋ᠢᠭ᠄ ᠤᠯᠠᠭᠠᠨᠬᠠᠳᠠ ᠬᠤᠲᠠ ᠶᠢᠨ ᠶᠤᠸᠠᠨ ᠪᠦᠦ ᠱᠠᠨ ᠲᠣᠭᠤᠷᠢᠭ ᠤᠨ ᠫᠢᠩᠵᠤᠸᠠᠩ ᠪᠠᠯᠭᠠᠰᠤᠨ ᠤ ᠰᠢ ᠴᠧᠩ ᠲᠣᠭᠤᠷᠢᠭ᠃    ᠠᠵᠢᠯᠯᠠᠬᠤ ᠴᠠᠭ᠄ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ᠂ ᠦᠳᠡ ᠶᠢᠨ ᠡᠮᠦᠨᠡᠬᠢ 8᠄ 30 ︱ 12 ᠄ 00᠂ ᠦᠳᠡ ᠶᠢᠨ ᠬᠤᠶᠢᠨᠠᠬᠢ 14᠄ 30 ︱ 17᠄ 00᠃    ᠬᠠᠷᠢᠯᠴᠠᠬᠤ ᠤᠲᠠᠰᠤ᠄ 0476-2245817᠃    ᠰᠢᠤᠳᠠᠨ ᠳ᠋ᠤᠭᠠᠷ᠄ 024076    ᠨᠢᠭᠡ ᠂ ᠭᠤᠣᠯ ᠡᠭᠦᠷᠭᠡ ᠬᠠᠷᠢᠭᠤᠴᠠᠯᠭ᠎ᠠ᠄    ︵ᠨᠢᠭᠡ︶ ᠶᠤᠸᠠᠨ ᠪᠦᠦ ᠱᠠᠨ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠦᠢᠯᠡᠰ ᠤᠨ ᠬᠥᠭᠵᠢᠯᠲᠡ ᠶᠢᠨ ᠲᠥᠯᠦᠪᠵᠢᠭᠦᠯᠭᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠡᠬᠢ ᠪᠠᠶᠠᠯᠢᠭ ᠤᠨ ᠲᠣᠬᠢᠷᠠᠭᠤᠯᠤᠯᠲᠠ ᠶᠢ ᠨᠢᠭᠡᠳᠦᠯᠲᠡᠢ ᠲᠥᠯᠥᠪᠯᠡᠨ ᠲᠥᠯᠥᠪᠵᠢᠭᠦᠯᠵᠦ᠂ ᠣᠷᠣᠨ ᠪᠦᠰᠡ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠪᠠ ᠬᠡᠷᠡᠭᠵᠢᠭᠦᠯᠬᠦ ᠶᠢ ᠵᠢᠯᠣᠭᠤᠳᠤᠨ᠎ᠠ᠃ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠣᠯᠠᠨ ᠨᠡᠶᠢᠲᠡ ᠶᠢᠨ ᠦᠨᠳᠦᠰᠦᠨ ᠦᠢᠯᠡᠴᠢᠯᠡᠭᠡ ᠶᠢ ᠠᠳᠠᠯᠢ ᠲᠡᠭᠰᠢ ᠪᠣᠯᠭᠠᠬᠤ᠂ ᠨᠡᠶᠢᠳᠡᠮ ᠠᠰᠢᠭ ᠬᠦᠷᠲᠡᠭᠡᠬᠦ᠂ ᠳᠥᠭᠦᠮ ᠳᠥᠲᠡ ᠪᠣᠯᠭᠠᠬᠤ ᠪᠠ ᠣᠯᠠᠨ ᠨᠡᠶᠢᠲᠡ ᠶᠢᠨ ᠡᠬᠢ ᠪᠠᠶᠠᠯᠢᠭ ᠢ ᠦᠨᠳᠦᠰᠦᠨ ᠱᠠᠲᠤ  ᠲᠡᠶᠢᠰᠢ ᠤᠷᠲᠤᠳᠬᠠᠬᠤ ᠶᠢ ᠠᠬᠢᠭᠤᠯᠬᠤ ᠵᠡᠷᠭᠡ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃    ︵ᠬᠤᠶᠠᠷ︶ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠢ ᠵᠣᠬᠢᠴᠠᠭᠤᠯᠤᠨ ᠠᠬᠢᠭᠤᠯᠵᠤ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠥᠷᠥ ᠶᠢᠨ ᠪᠣᠳᠣᠯᠭ᠎ᠠ᠂ ᠠᠷᠭ᠎ᠠ ᠬᠡᠮᠵᠢᠶ᠎ᠡ ᠶᠢᠨ ᠰᠠᠨᠠᠭᠤᠯᠭ᠎ᠠ  ᠶᠢ ᠰᠤᠳᠤᠯᠤᠨ ᠳᠤᠷᠠᠳᠴᠤ᠂ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠢ ᠬᠡᠷᠡᠭᠵᠢᠭᠦᠯᠵᠦ᠂ ᠬᠠᠮᠢᠶᠠᠷᠬᠤ ᠪᠠ ᠡᠷᠭᠢᠯᠡᠬᠦ ᠶᠢ ᠰᠠᠯᠭᠠᠬᠤ ᠶᠢ ᠠᠬᠢᠭᠤᠯᠤᠨ᠂ ᠣᠲᠣ ᠦᠶ᠎ᠡ ᠶᠢᠨ ᠡᠮᠨᠡᠯᠭᠡ ᠶᠢᠨ ᠬᠤᠷᠢᠶᠠᠨ ᠤ ᠬᠠᠮᠢᠶᠠᠷᠤᠯᠲᠠ ᠶᠢᠨ ᠳᠦᠷᠢᠮ ᠢ ᠪᠦᠷᠢᠨᠰᠢᠭᠦᠯᠵᠦ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠣᠯᠠᠨ ᠨᠡᠶᠢᠲᠡ ᠶᠢᠨ ᠦᠢᠯᠡᠴᠢᠯᠡᠭᠡ ᠬᠠᠩᠭᠠᠬᠤ ᠭᠤᠣᠯ ᠴᠣᠭᠴᠠ ᠶᠢᠨ ᠣᠯᠠᠨ ᠡᠰᠢᠵᠢᠭᠰᠡᠨ᠂ ᠬᠠᠩᠭᠠᠬᠤ ᠠᠷᠭ᠎ᠠ ᠮᠠᠶ᠋ᠢᠭ ᠤᠨ ᠣᠯᠠᠨ ᠶᠠᠩᠵᠤᠴᠢᠯᠠᠬᠤ ᠶᠢ ᠠᠬᠢᠭᠤᠯᠬᠤ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠡᠮᠴᠢᠯᠡᠭᠡᠨ ᠤ ᠦᠢᠯᠡᠴᠢᠯᠡᠭᠡ ᠪᠠ ᠡᠮ ᠤᠨ ᠵᠦᠢᠯ ᠤᠨ ᠦᠨ᠎ᠡ ᠬᠠᠩᠰᠢ ᠶᠢᠨ ᠳᠥᠷᠢᠮ ᠤᠨ ᠲᠥᠷᠦ ᠶᠢᠨ ᠪᠣᠳᠤᠯᠭ᠎ᠠ ᠶᠢᠨ ᠰᠠᠨᠠᠭᠤᠯᠭ᠎ᠠ ᠶᠢ ᠳᠤᠷᠠᠳᠤᠨ᠎ᠠ᠃    ︵ᠭᠤᠷᠪᠠ︶ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠯᠦᠪᠵᠢᠭᠦᠯᠭᠡ ᠵᠢᠴᠢ ᠠᠷᠠᠳ ᠲᠦᠮᠡᠨ ᠤ ᠡᠷᠡᠭᠦᠯ ᠮᠡᠨᠳᠦ ᠳᠤ ᠬᠦᠨᠳᠦ ᠨᠣᠴᠢᠲᠠᠢ ᠬᠤᠣᠷ ᠬᠥᠨᠥᠭᠡᠯ ᠤᠴᠠᠷᠠᠭᠤᠯᠬᠤ ᠣᠯᠠᠨ ᠨᠡᠶᠢᠲᠡ ᠶᠢᠨ ᠠᠰᠠᠭᠤᠳᠠᠯ ᠳᠤ ᠭᠠᠷ ᠲᠦᠷᠦᠭᠦ ᠠᠷᠭ᠎ᠠ ᠬᠡᠮᠵᠢᠶ᠎ᠡ ᠶᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠨᠠᠶᠢᠳᠠᠪᠤᠷᠢᠵᠢᠭᠤᠯᠵᠤ᠂ ᠤᠯᠤᠰ ᠤᠨ ᠴᠠᠷᠤᠯᠲᠠ ᠶᠢᠨ ᠲᠥᠯᠦᠪᠵᠢᠭᠦᠯᠭᠡ ᠶᠢ ᠬᠡᠷᠡᠭᠵᠢᠭᠦᠯᠦᠨ᠂ ᠡᠷᠡᠭᠦᠯ ᠬᠠᠮᠠᠭᠠᠯᠠᠯ ᠤᠨ ᠪᠠᠴᠢᠮ ᠪᠠᠶᠢᠳᠠᠯ ᠢ ᠠᠷᠭᠠᠴᠠᠬᠤ ᠠᠵᠢᠯ ᠢ ᠬᠠᠷᠢᠭᠤᠴᠠᠵᠤ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠭᠡᠨᠡᠳᠲᠡ ᠶᠢᠨ ᠬᠡᠷᠡᠭ ᠢ ᠰᠡᠷᠭᠡᠶᠢᠯᠡᠨ ᠬᠢᠵᠠᠭᠠᠷᠯᠠᠬᠤ ᠪᠠ ᠣᠯᠠᠨ ᠨᠡᠶᠢᠲᠡ ᠶᠢᠨ ᠭᠡᠨᠡᠳᠲᠡ ᠶᠢᠨ ᠡᠯ᠎ᠡ ᠲᠥᠷᠥᠯ ᠤᠨ ᠬᠡᠷᠡᠭ ᠤᠨ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠤᠨ᠎ᠠ᠃    ︵ᠳᠥᠷᠪᠡ︶ ᠬᠥᠮᠥᠨ ᠠᠮᠠ ᠶᠢᠨ ᠨᠠᠰᠤᠵᠢᠯᠲᠠ ᠶᠢ ᠠᠷᠭᠠᠴᠠᠬᠤ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠵᠣᠬᠢᠴᠠᠭᠤᠯᠤᠨ ᠨᠠᠶᠢᠳᠠᠪᠤᠷᠢᠵᠢᠭᠤᠯᠵᠤ᠂ ᠪᠥᠬᠦ ᠲᠣᠭᠤᠷᠢᠭ ᠤᠨ ᠨᠠᠰᠤᠲᠠᠶᠢᠴᠤᠳ ᠤᠨ ᠡᠷᠡᠭᠦᠯ ᠮᠡᠨᠳᠦ ᠶᠢᠨ ᠦᠢᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠪᠠ ᠡᠮᠨᠡᠬᠦ ᠰᠤᠪᠢᠯᠠᠬᠤ ᠶᠢ ᠤᠶᠠᠯᠳᠤᠭᠤᠯᠬᠤ ᠠᠵᠢᠯ ᠢ ᠬᠠᠷᠢᠭᠤᠴᠠᠨ ᠠᠬᠢᠭᠤᠯᠤᠨ᠎ᠠ᠃    ︵ᠲᠠᠪᠤ︶ ᠤᠯᠤᠰ ᠤᠨ ᠡᠮ ᠤᠨ ᠵᠦᠢᠯ ᠤᠨ ᠲᠥᠷᠥ ᠶᠢᠨ ᠪᠣᠳᠣᠯᠭ᠎ᠠ ᠪᠠ ᠦᠨᠳᠦᠰᠦᠨ ᠡᠮ ᠤᠨ ᠵᠦᠢᠯ ᠤᠨ ᠳᠦᠷᠢᠮ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠢᠳᠡᠭᠡᠨ ᠤ ᠠᠶᠤᠯᠭᠦᠢ ᠶᠢᠨ ᠲᠦᠭᠰᠢᠭᠦᠷᠢ ᠶᠢ ᠬᠢᠨᠠᠨ ᠬᠡᠮᠵᠢᠬᠦ ᠂ ᠦᠨᠡᠯᠡᠨ ᠵᠢᠱᠢᠬᠦ ᠶᠢ ᠵᠣᠬᠢᠶᠠᠨ ᠪᠠᠶᠢᠭᠤᠯᠤᠨ ᠥᠷᠨᠢᠭᠦᠯᠬᠦ ᠬᠡᠷᠡᠭᠲᠡᠢ ᠃    ︵ ᠵᠢᠷᠭᠤᠭ᠎ᠠ ︶ ᠲᠤᠰᠢᠶᠠᠯ ᠬᠠᠷᠢᠭᠤᠴᠠᠯᠭ᠎ᠠ ᠶᠢᠨ ᠢᠶᠠᠨ ᠬᠡᠪᠴᠢᠶᠡᠨ ᠳᠣᠲᠣᠷᠠᠬᠢ ᠠᠵᠢᠯ ᠮᠡᠷᠭᠡᠵᠢᠯ ᠤᠨ ᠡᠷᠡᠭᠦᠯ ᠬᠠᠮᠠᠭᠠᠯᠠᠯ ᠂ ᠰᠠᠴᠤᠷᠠᠭ ᠢᠳᠡᠪᠬᠢ ᠡᠷᠡᠭᠦᠯ ᠬᠠᠮᠠᠭᠠᠯᠠᠯ ᠂ ᠣᠷᠴᠢᠨ ᠠᠬᠤᠢ ᠶᠢᠨ ᠡᠷᠡᠭᠦᠯ ᠬᠠᠮᠠᠭᠠᠯᠠᠯ ᠂ ᠰᠤᠷᠭᠠᠭᠤᠯᠢ ᠶᠢᠨ ᠡᠷᠡᠭᠦᠯ ᠬᠠᠮᠠᠭᠠᠯᠠᠯ ᠂ ᠤᠯᠠᠨ ᠨᠡᠶᠢᠲᠡ ᠶᠢᠨ ᠲᠠᠯᠠᠪᠤᠷ ᠤᠨ ᠡᠷᠡᠭᠦᠯ ᠬᠠᠮᠠᠭᠠᠯᠠᠯ ᠂ ᠤᠤᠭᠤᠬᠤ ᠤᠰᠤᠨ ᠤ ᠡᠷᠡᠭᠦᠯ ᠬᠠᠮᠠᠭᠠᠯᠠᠯ ᠵᠡᠷᠭᠡ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠵᠤ ᠂ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠵᠠᠰᠠᠬᠤ ᠳᠤ ᠬᠢᠨᠠᠯᠲᠠ ᠲᠠᠯᠪᠢᠬᠤ ᠶᠢ ᠬᠠᠷᠢᠭᠤᠴᠠᠵᠤ ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠶᠡᠷᠦᠩᠬᠡᠶᠢᠯᠡᠭᠰᠡᠨ ᠬᠢᠨᠠᠯᠲᠠ ᠶᠢᠨ ᠰᠢᠰᠲ᠋ᠧᠮ ᠢ ᠲᠡᠭᠦᠯᠳᠡᠷᠵᠢᠭᠦᠯᠦᠨ᠎ᠡ ᠃ ︽ ᠲᠠᠮᠠᠬᠢ ᠶᠢ ᠬᠢᠵᠠᠭᠠᠷᠯᠠᠬᠤ ᠪᠣᠷᠣ ᠲᠥᠯᠥᠪ ᠤᠨ ᠨᠡᠶᠢᠲᠡ ᠶᠢᠨ ᠭᠡᠷ᠎ᠡ ︾᠎ ᠶᠢᠨ ᠭᠡᠷ᠎ᠡ ᠭᠦᠢᠴᠡᠳᠬᠡᠬᠦ ᠠᠵᠢᠯ ᠢ ᠲᠦᠷᠦᠭᠦᠯᠡᠨ ᠬᠢᠨ᠎ᠡ ᠃    ︵ᠳᠣᠯᠤᠭ᠎ᠠ︶ ᠡᠮᠴᠢᠯᠡᠭᠡᠨ ᠤ ᠪᠠᠶᠢᠭᠤᠯᠤᠮᠵᠢ᠂ ᠡᠮᠴᠢᠯᠡᠭᠡᠨ ᠤ ᠦᠢᠯᠡᠴᠢᠯᠡᠭᠡᠨ ᠤ ᠠᠵᠢᠯ ᠲᠥᠷᠥᠯ ᠤᠨ ᠬᠠᠮᠢᠶᠠᠷᠤᠯᠲᠠ ᠶᠢᠨ ᠠᠷᠭ᠎ᠠ ᠶᠢ ᠨᠠᠶᠢᠳᠠᠪᠤᠷᠢᠵᠢᠭᠤᠯᠬᠤ ᠶᠢᠨ ᠬᠠᠮᠲᠤ ᠵᠣᠬᠢᠶᠠᠨ ᠪᠠᠶᠢᠭᠤᠯᠤᠨ ᠬᠢᠨᠠᠯᠲᠠ ᠲᠠᠯᠪᠢᠵᠤ ᠬᠡᠷᠡᠭᠵᠢᠭᠦᠯᠦᠨ᠂ ᠡᠮᠴᠢᠯᠡᠭᠡᠨ ᠤ ᠦᠢᠯᠡᠴᠢᠯᠡᠭᠡᠨ ᠤ ᠦᠨᠡᠯᠡᠯᠲᠡ ᠪᠠ ᠬᠢᠨᠠᠯᠲᠠ ᠬᠠᠮᠢᠶᠠᠷᠤᠯᠲᠠ ᠶᠢᠨ ᠰᠢᠰᠲ᠋ᠧᠮᠵᠢ ᠶᠢ ᠪᠠᠶᠢᠭᠤᠯᠤᠨ᠎ᠠ᠃ ᠡᠮᠴᠢᠯᠡᠭᠡᠨ ᠤ ᠦᠢᠯᠡᠴᠢᠯᠡᠭᠡᠨ ᠤ ᠵᠢᠷᠤᠮᠵᠢᠯ᠂ ᠪᠠᠷᠢᠮᠵᠢᠶ᠎ᠠ ᠪᠠ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠲᠤᠰᠬᠠᠢ ᠮᠡᠷᠭᠡᠵᠢᠯ ᠤᠨ ᠠᠵᠢᠯᠲᠠᠨ ᠤ ᠠᠵᠢᠯ ᠡᠷᠭᠢᠯᠡᠬᠦ ᠳᠦᠷᠢᠮ᠂ ᠦᠢᠯᠡᠴᠢᠯᠡᠭᠡᠨ ᠤ ᠵᠢᠷᠤᠮᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃    ︵ᠨᠠᠢᠮᠠ︶ ᠲᠥᠯᠥᠪᠯᠡᠭᠡᠲᠦ ᠦᠷᠡᠵᠢᠯ ᠤᠨ ᠬᠠᠮᠢᠶᠠᠷᠤᠯᠲᠠ ᠪᠠ ᠦᠢᠯᠡᠴᠢᠯᠡᠭᠡᠨ ᠤ ᠠᠵᠢᠯ ᠢ ᠬᠠᠷᠢᠭᠤᠴᠠᠵᠤ᠂ ᠬᠥᠮᠥᠨ ᠠᠮᠠ ᠶᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠠᠵᠢᠯ ᠢ ᠥᠷᠨᠢᠭᠦᠯᠦᠨ᠂ ᠬᠥᠮᠥᠨ ᠠᠮᠠ ᠬᠢᠭᠡᠳ ᠭᠡᠷ ᠪᠦᠯᠢ ᠶᠢᠨ ᠬᠥᠭᠵᠢᠯᠲᠡ ᠶᠢᠨ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠶᠢ ᠳᠤᠷᠠᠳᠴᠤ ᠂ ᠲᠥᠯᠥᠪᠯᠡᠭᠡᠲᠦ ᠦᠷᠡᠵᠢᠯ ᠤᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠎ᠠ᠃    ︵ᠶᠢᠰᠦ︶ ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ᠂ ᠡᠬᠡ ᠨᠢᠯᠬᠠᠰ ᠤᠨ ᠡᠷᠡᠭᠦᠯ ᠮᠡᠨᠳᠦ ᠶᠢᠨ ᠦᠢᠯᠡᠴᠢᠯᠡᠭᠡᠨ ᠤ ᠰᠢᠰᠲ᠋ᠧᠮᠵᠢ ᠪᠠ ᠶᠡᠷᠦᠩᠬᠡᠢ ᠰᠠᠯᠠᠭᠠᠨ ᠤ ᠡᠮᠴᠢ ᠶᠢᠨ ᠡᠩᠨᠡᠭᠡ ᠶᠢᠨ ᠪᠠᠶᠢᠭᠤᠯᠤᠯᠲᠠ ᠶᠢ ᠵᠢᠯᠤᠭᠤᠳᠴᠤ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠦᠨ ᠬᠥᠭᠵᠢᠬᠦ ᠶᠢ ᠠᠬᠢᠭᠤᠯᠤᠨ᠎ᠠ᠃    ︵ᠠᠷᠪᠠ︶ ᠬᠢᠲᠠᠳ ᠡᠮ ᠡᠮᠨᠡᠯᠭᠡ ᠮᠣᠩᠭᠤᠯ ᠡᠮ ᠡᠮᠨᠡᠯᠭᠡ ᠶᠢᠨ ᠡᠮᠴᠢᠯᠡᠭᠡ᠂ ᠡᠷᠡᠭᠦᠯᠵᠢᠯ᠂ ᠰᠤᠷᠭᠠᠨ ᠬᠥᠮᠦᠵᠢᠯ᠂ ᠰᠢᠨᠵᠢᠯᠡᠬᠦ ᠤᠬᠠᠭᠠᠨ ᠤ ᠰᠤᠳᠤᠯᠭᠠᠨ᠂ ᠰᠣᠶᠣᠯ ᠵᠢᠴᠢ ᠬᠠᠮᠢᠶ᠎ᠠ ᠪᠦᠬᠦᠢ ᠠᠵᠤ ᠦᠢᠯᠡᠰ ᠤᠨ ᠥᠭᠡᠷᠡᠴᠢᠯᠡᠯᠲᠡ ᠬᠥᠭᠵᠢᠯᠲᠡ ᠬᠢᠭᠡᠳ ᠭᠠᠳᠠᠭᠠᠳᠤ ᠯᠤᠭ᠎ᠠ ᠶᠢᠨ ᠰᠣᠯᠢᠯᠴᠠᠭ᠎ᠠ ᠬᠠᠮᠲᠤᠷᠠᠯᠴᠠᠭ᠎ᠠ ᠶᠢ ᠪᠠᠲᠤᠯᠠᠬᠤ ᠪᠠ ᠠᠬᠢᠭᠤᠯᠵᠤ᠂ ᠮᠣᠩᠭᠤᠯ ᠡᠮ ᠡᠮᠨᠡᠯᠭᠡ ᠬᠢᠲᠠᠳ ᠡᠮ ᠡᠮᠨᠡᠯᠭᠡ ᠶᠢᠨ ᠤᠯᠠᠮᠵᠢᠯᠠᠨ ᠵᠠᠯᠭᠠᠮᠵᠢᠯᠠᠵᠤ ᠰᠢᠨ᠎ᠡ ᠶᠢ ᠡᠭᠦᠳᠬᠦ ᠪᠠ ᠬᠥᠭᠵᠢᠭᠦᠯᠦᠨ ᠮᠠᠨᠳᠤᠭᠤᠯᠬᠤ ᠶᠢ ᠠᠬᠢᠭᠤᠯᠤᠨ᠎ᠠ᠃    ︵ᠠᠷᠪᠠᠨ ᠨᠢᠭᠡ︶ ᠪᠥᠬᠦ ᠲᠣᠭᠤᠷᠢᠭ ᠤᠨ ᠴᠢᠬᠤᠯᠠ ᠬᠤᠷᠠᠯ ᠬᠢᠭᠡᠳ ᠴᠢᠬᠤᠯᠠ ᠶᠡᠭᠡ ᠠᠵᠢᠯᠯᠠᠭ᠎ᠠ ᠶᠢᠨ ᠡᠮᠨᠡᠯᠭᠡ ᠡᠷᠡᠭᠦᠯ ᠬᠠᠮᠠᠭᠠᠯᠠᠯ ᠎ ᠤᠨ ᠪᠠᠲᠤᠯᠠᠭ᠎ᠠ ᠶᠢᠨ ᠠᠵᠢᠯ ᠢ ᠬᠠᠷᠢᠭᠤᠴᠠᠨ᠎ᠠ ᠃ ᠪᠦᠬᠦ ᠲᠣᠭᠤᠷᠢᠭ ‍ᠤᠨ‌ᠡᠷᠡᠭᠦᠯ ᠮᠡᠨᠳᠦ ᠶᠢ ᠬᠠᠮᠠᠭᠠᠯᠠᠬᠤ ᠡᠲᠡᠭᠡᠳ ᠤᠨ ᠡᠮ ᠡᠮᠨᠡᠯᠭᠡ ᠡᠷᠡᠭᠦᠯ ᠮᠡᠨᠳᠦ ᠶᠢ ᠬᠠᠮᠠᠭᠠᠯᠠᠬᠤ ᠠᠵᠢᠯ ᠢ ᠬᠠᠷᠢᠭᠤᠴᠠᠨ᠎ᠠ᠃    ︵ᠠᠷᠪᠠᠨ ᠬᠤᠶᠠᠷ︶ ᠳᠠᠭᠠᠭᠠᠨ ᠠᠪᠬᠤ ᠲᠣᠭᠤᠷᠢᠭ ᠤᠨ ᠨᠠᠰᠤᠲᠠᠶᠢᠴᠤᠳ ᠤᠨ ᠠᠵᠢᠯ ᠤᠨ ᠵᠥᠪᠯᠡᠯ ᠤᠨ ᠡᠳᠦᠷ ᠲᠤᠲᠤᠮ ᠤᠨ ᠠᠵᠢᠯ᠃    ︵ ᠠᠷᠪᠠᠨ ᠭᠤᠷᠪᠠ ︶ ᠲᠣᠭᠤᠷᠢᠭ ᠤᠨ ᠨᠠᠮ ᠤᠨ ᠬᠤᠷᠢᠶ᠎ᠠ ᠂ ᠲᠣᠭᠤᠷᠢᠭ ᠤᠨ ᠵᠠᠰᠠᠭ ᠤᠨ ᠣᠷᠳᠣᠨ ᠤ ᠳᠠᠭᠠᠭᠠᠯᠭᠠᠭᠰᠠᠨ ᠪᠤᠰᠤᠳ ᠡᠭᠦᠷᠭᠡ ᠨᠦᠭᠦᠳ ᠢ ᠪᠡᠶᠡᠯᠡᠭᠦᠯᠬᠦ ᠬᠡᠷᠡᠭᠲᠡᠢ ᠃    ᠬᠤᠶᠠᠷ ᠂ ᠳᠣᠲᠣᠭᠠᠳᠤ ᠪᠠᠶᠢᠭᠤᠯᠤᠮᠵᠢ ᠄    ︵ᠨᠢᠭᠡ︶ ᠠᠯᠪᠠᠨ ᠭᠡᠷ᠃ ᠪᠠᠶᠢᠭᠤᠯᠭ᠎ᠠ ᠶᠢᠨ ᠡᠳᠦᠷ ᠲᠤᠲᠤᠮ ᠤᠨ ᠠᠵᠢᠯᠯᠠᠭᠠᠨ ᠪᠠ ᠶᠡᠷᠦᠩᠬᠡᠶᠢᠯᠡᠨ ᠵᠣᠬᠢᠴᠠᠭᠤᠯᠬᠤ ᠶᠢ ᠬᠠᠷᠢᠭᠤᠴᠠᠨ᠎ᠠ᠃ ᠠᠯᠪᠠᠨ ᠪᠢᠴᠢᠭ ᠢ ᠰᠢᠢᠳᠪᠦᠷᠢᠯᠡᠬᠦ ᠂ ᠵᠠᠰᠠᠭ ᠤᠨ ᠶᠠᠪᠤᠳᠠᠯ ᠢ ᠢᠯᠡ ᠪᠣᠯᠭᠠᠬᠤ ᠂ ᠨᠢᠭᠤᠴᠠ ᠴᠢᠬᠤᠯᠠ ᠨᠢᠭᠤᠴᠠ ᠶᠢ ᠬᠠᠮᠠᠭᠠᠯᠠᠬᠤ ᠂ ᠮᠡᠳᠡᠭᠡ ᠵᠠᠩᠭᠢ ᠶᠢ ᠤᠬᠠᠭᠤᠯᠬᠤ ᠂ ᠵᠠᠬᠢᠳᠠᠯ ᠰᠣᠷᠪᠤᠯᠵᠢᠯᠠᠭ᠎ᠠ ᠶᠢ ᠬᠦᠯᠢᠶᠡᠨ ᠠᠪᠬᠤ ᠂ ᠠᠮᠤᠷ ᠲᠦᠪᠰᠢᠨ ᠢ ᠬᠠᠮᠠᠭᠠᠯᠠᠬᠤ ᠂ ᠬᠢᠨᠠᠨ ᠰᠢᠯᠭᠠᠵᠤ ᠰᠢᠪᠠᠳᠠᠨ ᠰᠢᠢᠳᠪᠦᠷᠢᠯᠡᠭᠦᠯᠬᠦ ᠂ ᠠᠷᠤ ᠲᠠᠯ᠎ᠠ ᠶᠢᠨ ᠦᠢᠯᠡᠴᠢᠯᠡᠭᠡᠨ ᠤ ᠪᠠᠲᠤᠯᠠᠭ᠎ᠠ ᠂ ᠡᠳ᠋ ᠤᠨ ᠶᠠᠪᠤᠳᠠᠯ ᠤᠨ ᠬᠠᠮᠢᠶᠠᠷᠤᠯᠲᠠ ᠂ ᠣᠷᠣᠨ ᠲᠤᠭ᠎ᠠ ᠶᠢᠨ ᠠᠵᠢᠯᠲᠠᠨ ᠤ ᠶᠠᠪᠤᠳᠠᠯ ᠂ ᠠᠵᠢᠯ ᠠᠴᠠ ᠪᠠᠨ ᠰᠠᠯᠵᠤ ᠠᠮᠠᠷᠠᠭᠰᠠᠨ ᠪᠠ ᠠᠵᠢᠯ ᠠᠴᠠ ᠪᠠᠨ ᠪᠠᠭᠤᠵᠤ ᠠᠮᠠᠷᠠᠭᠰᠠᠨ ᠬᠥᠮᠥᠰ ᠵᠡᠷᠭᠡ ᠠᠵᠢᠯ ᠢ ᠡᠭᠦᠷᠭᠡᠯᠡᠨ᠎ᠡ ᠃ ᠬᠠᠷᠢᠶ᠎ᠠ ᠨᠢᠭᠡᠴᠢ ᠶᠢᠨ ᠢᠶᠠᠨ ᠠᠵᠢᠯᠲᠠᠨ ᠤ ᠶᠠᠪᠤᠳᠠᠯ᠂ ᠡᠳ᠋ ᠤᠨ ᠶᠠᠪᠤᠳᠠᠯ ᠵᠡᠷᠭᠡ ᠠᠵᠢᠯ ᠢ ᠵᠢᠯᠣᠭᠤᠳᠤᠨ᠎ᠠ᠃ ᠪᠥᠬᠦ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠦᠢᠯᠡᠰ ᠤᠨ ᠬᠥᠭᠵᠢᠯᠲᠡ ᠶᠢᠨ ᠳᠤᠮᠳᠠ ᠣᠷᠳᠣ ᠬᠤᠭᠤᠴᠠᠭᠠᠨ ᠤ ᠲᠥᠯᠦᠪᠵᠢᠭᠦᠯᠭᠡ ᠶᠢ ᠵᠣᠬᠢᠶᠠᠨ ᠪᠠᠶᠢᠭᠤᠯᠤᠨ ᠲᠤᠭᠤᠷᠪᠢᠵᠤ᠂ ᠡᠷᠡᠭᠦᠯ ᠡᠩᠬᠡ ᠶᠤᠸᠠᠨ ᠪᠦᠦ ᠱᠠᠨ ᠤ ᠪᠦᠲᠦᠭᠡᠨ ᠪᠠᠶᠢᠭᠤᠯᠤᠯᠲᠠ ᠶᠢ ᠵᠣᠬᠢᠴᠠᠭᠤᠯᠤᠨ ᠠᠬᠢᠭᠤᠯᠬᠤ ᠠᠵᠢᠯ ᠢ ᠡᠭᠦᠷᠭᠡᠯᠡᠵᠦ᠂ ᠪᠥᠬᠦ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠦᠢᠯᠡᠴᠢᠯᠡᠭᠡᠨ ᠤ ᠰᠢᠰᠲ᠋ᠧᠮᠵᠢ᠂ ᠮᠡᠳᠡᠭᠡ ᠵᠠᠩᠭᠢᠵᠢᠯᠲᠠ ᠶᠢᠨ ᠪᠦᠲᠦᠭᠡᠨ ᠪᠠᠶᠢᠭᠤᠯᠤᠯᠲᠠ ᠵᠡᠷᠭᠡ ᠠᠵᠢᠯ ᠢ ᠵᠢᠯᠤᠭᠤᠳᠴᠤ᠂ ᠭᠠᠳᠠᠭᠠᠳᠤ ᠯᠤᠭ᠎ᠠ ᠶᠢᠨ ᠬᠠᠮᠲᠤᠷᠠᠯᠴᠠᠭ᠎ᠠ ᠰᠣᠯᠢᠯᠴᠠᠭ᠎ᠠ ᠶᠢ ᠵᠣᠬᠢᠶᠠᠨ ᠪᠠᠶᠢᠭᠤᠯᠤᠨ᠎ᠠ᠃ᠠᠵᠢᠯᠯᠠᠬᠤ ᠭᠠᠵᠠᠷ᠄ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠠᠯᠪᠠᠨ ᠠᠰᠠᠷ ᠤᠨ 3 ᠳ᠋ᠤᠭᠠᠷ ᠠᠰᠠᠷ    ᠬᠠᠷᠢᠯᠴᠠᠬᠤ ᠤᠲᠠᠰᠤ᠄ 0476 ︱ 2245817    ︵ ᠬᠤᠶᠠᠷ ︶ ᠬᠠᠤᠯᠢ ᠲᠣᠭᠲᠠᠭᠠᠯ ᠢᠶᠠᠷ ᠬᠢᠨᠠᠯᠲᠠ ᠲᠠᠯᠪᠢᠬᠤ ᠲᠠᠰᠤᠭ᠃ ᠵᠢᠷᠤᠮᠵᠢᠯ ᠎ ᠤᠨ ᠴᠢᠨᠠᠷᠲᠠᠢ ᠪᠢᠴᠢᠭ ᠮᠠᠲ᠋ᠧᠷᠢᠶᠠᠯ ᠤᠨ ᠬᠠᠤᠯᠢ ᠶᠣᠰᠣᠨ ᠤ ᠴᠢᠨᠠᠷ ᠲᠠᠢ ᠬᠢᠨᠠᠨ ᠪᠠᠶᠢᠴᠠᠭᠠᠬᠤ ᠠᠵᠢᠯ ᠢ ᠬᠠᠷᠢᠭᠤᠴᠠᠵᠤ ᠂ ᠵᠠᠰᠠᠭ ᠵᠠᠬᠢᠷᠭᠠᠨ ᠢᠶᠠᠷ ᠳᠠᠬᠢᠨ ᠵᠥᠪᠯᠡᠭᠦᠯᠬᠦ ᠂ ᠵᠠᠰᠠᠭ ᠵᠠᠬᠢᠷᠭᠠᠨ ᠢᠶᠠᠷ ᠵᠠᠷᠭᠤ ᠬᠦᠯᠢᠶᠡᠬᠦ ᠂ ᠬᠠᠤᠯᠢ ᠲᠦᠭᠡᠮᠡᠯᠵᠢᠭᠦᠯᠬᠦ ᠠᠵᠢᠯ ᠢ ᠡᠭᠦᠷᠭᠡᠯᠡᠨ᠎ᠡ ᠃ ᠣᠯᠠᠨ ᠨᠡᠶᠢᠲᠡ ᠶᠢᠨ ᠡᠷᠡᠭᠦᠯ ᠬᠠᠮᠠᠭᠠᠯᠠᠯ᠂ ᠡᠮᠴᠢᠯᠡᠭᠡ ᠡᠷᠡᠭᠦᠯ ᠬᠠᠮᠠᠭᠠᠯᠠᠯ ᠵᠡᠷᠭᠡ ᠳᠤ ᠬᠢᠨᠠᠯᠲᠠ ᠲᠠᠯᠪᠢᠬᠤ ᠠᠵᠢᠯ ᠢ ᠡᠭᠦᠷᠭᠡᠯᠡᠵᠦ᠂ ᠡᠮᠴᠢᠯᠡᠭᠡᠨ ᠤ ᠦᠢᠯᠡᠴᠢᠯᠡᠭᠡᠨ ᠤ ᠵᠠᠬ᠎ᠠ ᠳᠡᠯᠭᠡᠭᠦᠷ ᠤᠨ ᠬᠠᠤᠯᠢ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠵᠦ᠂ ᠰᠤᠷᠭᠠᠭᠤᠯᠢ ᠶᠢᠨ ᠡᠷᠡᠭᠦᠯ ᠬᠠᠮᠠᠭᠠᠯᠠᠯ᠂ ᠣᠯᠠᠨ ᠨᠡᠶᠢᠲᠡ ᠶᠢᠨ ᠲᠠᠯᠠᠪᠤᠷ ᠤᠨ ᠡᠷᠡᠭᠦᠯ ᠬᠠᠮᠠᠭᠠᠯᠠᠯ᠂ ᠤᠤᠭᠤᠬᠤ ᠤᠰᠤᠨ ᠤ ᠡᠷᠡᠭᠦᠯ ᠬᠠᠮᠠᠭᠠᠯᠠᠯ᠂ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠵᠠᠰᠠᠬᠤ ᠳᠤ ᠬᠢᠨᠠᠯᠲᠠ ᠲᠠᠯᠪᠢᠵᠤ ᠪᠠᠶᠢᠴᠠᠭᠠᠬᠤ ᠶᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠶᠡᠷᠦᠩᠬᠡᠶᠢᠯᠡᠭᠰᠡᠨ ᠬᠢᠨᠠᠯᠲᠠ ᠲᠠᠯᠪᠢᠬᠤ ᠰᠢᠰᠲ᠋ᠧᠮ ᠢ ᠲᠡᠭᠦᠯᠳᠡᠷᠵᠢᠭᠦᠯᠵᠦ ᠂ ᠬᠠᠤᠯᠢ ᠬᠡᠷᠡᠭᠵᠢᠭᠦᠯᠬᠦ ᠠᠵᠢᠯᠯᠠᠭ᠎ᠠ ᠶᠢ ᠵᠢᠯᠣᠭᠤᠳᠤᠨ ᠵᠢᠷᠤᠮᠵᠢᠭᠤᠯᠤᠨ᠎ᠠ ᠃ ᠠᠵᠢᠯ ᠮᠡᠷᠭᠡᠵᠢᠯ ᠤᠨ ᠡᠷᠡᠭᠦᠯ ᠬᠠᠮᠠᠭᠠᠯᠠᠯ ᠂ ᠰᠠᠴᠤᠷᠠᠭ ᠢᠳᠡᠪᠬᠢ ᠴᠢᠨᠠᠷ ᠤᠨ ᠡᠷᠡᠭᠦᠯ ᠬᠠᠮᠠᠭᠠᠯᠠᠯ ᠤᠨ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠂ ᠪᠠᠷᠢᠮᠵᠢᠶ᠎ᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ ᠃ ᠭᠤᠣᠯᠳᠠᠯᠭ᠎ᠠ ᠲᠠᠢ ᠠᠵᠢᠯ ᠎ ᠤᠨ ᠨᠥᠯᠥᠭᠡᠨ ᠤ ᠡᠪᠡᠳᠴᠢᠨ ᠢ ᠬᠢᠨᠠᠨ ᠬᠡᠮᠵᠢᠬᠦ ᠂ ᠲᠤᠰᠬᠠᠢ ᠵᠦᠢᠯ ᠤᠨ ᠪᠠᠶᠢᠴᠠᠭᠠᠯᠲᠠ ᠂ ᠠᠵᠢᠯ ᠮᠡᠷᠭᠡᠵᠢᠯ ᠤᠨ ᠡᠷᠡᠭᠦᠯ ᠮᠡᠨᠳᠤ ᠶᠢᠨ ᠲᠦᠭᠰᠢᠭᠦᠷᠢ ᠶᠢ ᠦᠨᠡᠯᠡᠨ ᠵᠢᠱᠢᠬᠦ ᠪᠠ ᠠᠵᠢᠯ ᠮᠡᠷᠭᠡᠵᠢᠯ ᠤᠨ ᠬᠥᠮᠥᠰ ᠎ ᠤᠨ ᠡᠷᠡᠭᠦᠯ ᠮᠡᠨᠳᠤ ᠶᠢᠨ ᠬᠠᠮᠢᠶᠠᠷᠤᠯᠲᠠ ᠶᠢᠨ ᠠᠵᠢᠯ ᠢ ᠥᠷᠨᠢᠭᠦᠯᠦᠨ᠎ᠡ ᠃ ᠠᠵᠢᠯ ᠤᠨ ᠨᠥᠯᠥᠭᠡᠨ  ᠤ ᠡᠪᠡᠳᠴᠢᠨ ᠢ ᠰᠡᠷᠭᠡᠶᠢᠯᠡᠨ ᠵᠠᠰᠠᠬᠤ ᠠᠵᠢᠯ ᠎ ᠢ ᠵᠣᠬᠢᠴᠠᠭᠤᠯᠤᠨ ᠥᠷᠨᠢᠭᠦᠯᠦᠨ᠎ᠡ ᠃    ᠠᠵᠢᠯᠯᠠᠬᠤ ᠭᠠᠵᠠᠷ᠄ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠠᠯᠪᠠᠨ ᠠᠰᠠᠷ ᠤᠨ 3 ᠳ᠋ᠤᠭᠠᠷ ᠠᠰᠠᠷ    ᠬᠠᠷᠢᠯᠴᠠᠬᠤ ᠤᠲᠠᠰᠤ᠄ 0476 ︱ 2245812    ︵ᠭᠤᠷᠪᠠ︶ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠠᠰᠤᠭ ︵ᠪᠠᠴᠢᠮ ᠪᠠᠶᠢᠳᠠᠯ ᠢ ᠠᠷᠭᠠᠴᠠᠬᠤ ᠠᠯᠪᠠᠨ ᠭᠡᠷ︶᠃ ᠪᠥᠬᠦ ᠲᠣᠭᠤᠷᠢᠭ ᠤᠨ ᠬᠦᠨᠳᠦ ᠶᠡᠭᠡ ᠡᠪᠡᠳᠴᠢᠨ ᠡᠮᠭᠡᠭ ᠢ ᠰᠡᠷᠭᠡᠶᠢᠯᠡᠨ ᠵᠠᠰᠠᠬᠤ ᠲᠥᠯᠦᠪᠵᠢᠭᠦᠯᠭᠡ᠂ ᠡᠭᠡᠯᠢᠯᠡᠭᠡ ᠶᠢᠨ ᠲᠥᠯᠦᠪᠵᠢᠭᠦᠯᠭᠡ᠂ ᠠᠷᠠᠳ ᠲᠦᠮᠡᠨ ᠤ ᠡᠷᠡᠭᠦᠯ ᠮᠡᠨᠳᠦ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠳᠤ ᠬᠦᠨᠳᠦ ᠨᠣᠴᠢᠲᠠᠢ ᠬᠤᠣᠷ ᠬᠥᠨᠥᠭᠡᠯ ᠤᠴᠠᠷᠠᠭᠤᠯᠬᠤ ᠠᠰᠠᠭᠤᠳᠠᠯ ᠢ ᠬᠠᠮᠢᠶᠠᠷᠬᠤ ᠠᠷᠭ᠎ᠠ ᠬᠡᠮᠵᠢᠶ᠎ᠡ ᠶᠢ ᠲᠤᠭᠤᠷᠪᠢᠨ ᠲᠣᠭᠲᠠᠭᠠᠬᠤ ᠶᠢ ᠬᠠᠷᠢᠭᠤᠴᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠰᠢᠰᠲ᠋ᠧᠮᠵᠢ ᠶᠢ ᠲᠡᠭᠦᠯᠳᠡᠷᠵᠢᠭᠦᠯᠬᠦ ᠬᠡᠷᠡᠭᠲᠡᠢ᠃ ᠬᠠᠯᠳᠠᠪᠤᠷᠢᠲᠤ ᠡᠪᠡᠳᠴᠢᠨ ᠤ ᠬᠢᠵᠢᠭ ᠤᠨ ᠪᠠᠶᠢᠳᠠᠯ ᠤᠨ ᠮᠡᠳᠡᠭᠡ ᠵᠠᠩᠭᠢ ᠶᠢ ᠨᠡᠶᠢᠲᠡᠯᠡᠬᠦ ᠠᠵᠢᠯ ᠢ ᠬᠠᠷᠢᠭᠤᠴᠠᠨ᠎ᠠ᠃ ︽ ᠲᠠᠮᠠᠬᠢ ᠶᠢ ᠬᠢᠵᠠᠭᠠᠷᠯᠠᠬᠤ ᠪᠣᠷᠣ ᠲᠥᠯᠥᠪ ᠤᠨ ᠨᠡᠶᠢᠲᠡ ᠶᠢᠨ ᠭᠡᠷ᠎ᠡ ︾᠎ ᠶᠢᠨ ᠭᠡᠷ᠎ᠡ ᠶᠢ ᠭᠦᠢᠴᠡᠳᠬᠡᠬᠦ ᠠᠵᠢᠯ ᠢ ᠡᠭᠦᠷᠭᠡᠯᠡᠨ᠎ᠡ ᠃ ᠢᠳᠡᠭᠡᠨ ᠤ ᠠᠶᠤᠯᠭᠦᠢ ᠶᠢᠨ ᠣᠷᠣᠨ ᠨᠤᠲᠤᠭ ᠤᠨ ᠪᠠᠷᠢᠮᠵᠢᠶ᠎ᠠ ᠶᠢ ᠮᠥᠷᠳᠡᠨ ᠦᠨᠡᠯᠡᠬᠦ ᠶᠢ ᠬᠠᠷᠢᠭᠤᠴᠠᠨ ᠥᠷᠨᠢᠭᠦᠯᠵᠦ ᠂ ᠢᠳᠡᠭᠡᠨ ᠤ ᠠᠶᠤᠯᠭᠦᠢ ᠶᠢᠨ ᠲᠦᠭᠰᠢᠭᠦᠷᠢ ᠶᠢ ᠬᠢᠨᠠᠨ ᠬᠡᠮᠵᠢᠬᠦ ᠂ ᠰᠣᠯᠢᠯᠴᠠᠬᠤ ᠂ ᠰᠡᠷᠡᠮᠵᠢᠯᠡᠭᠦᠯᠬᠦ ᠠᠵᠢᠯ ᠢ ᠡᠭᠦᠷᠭᠡᠯᠡᠨ᠎ᠡ ᠃ ᠡᠷᠡᠭᠦᠯ ᠬᠠᠮᠠᠭᠠᠯᠠᠯ ᠤᠨ ᠪᠠᠴᠢᠮ ᠪᠠᠶᠢᠳᠠᠯ ᠢ ᠠᠷᠭᠠᠴᠠᠬᠤ ᠪᠠ ᠠᠨᠠᠭᠠᠬᠤ ᠤᠬᠠᠭᠠᠨ ᠎ ᠤ ᠪᠠᠴᠢᠮ ᠠᠪᠤᠷᠠᠨ ᠲᠤᠰᠠᠯᠠᠬᠤ ᠠᠵᠢᠯ ᠢ ᠬᠠᠷᠢᠭᠤᠴᠠᠵᠤ ᠂ ᠲᠤᠰᠬᠠᠢ ᠵᠦᠢᠯ ᠤᠨ ᠪᠡᠯᠡᠳᠬᠡᠯ ᠲᠥᠰᠥᠯ ᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠵᠤ ᠂ ᠪᠡᠯᠡᠳᠬᠡᠯ ᠲᠥᠰᠥᠯ ᠤᠨ ᠰᠣᠷᠢᠯᠲᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠪᠠ ᠵᠢᠭᠠᠨ ᠵᠢᠯᠤᠭᠤᠳᠴᠤ ᠬᠢᠨᠠᠯᠲᠠ ᠲᠠᠯᠪᠢᠬᠤ ᠠᠵᠢᠯ ᠎ ᠢ ᠡᠭᠦᠷᠭᠡᠯᠡᠨ᠎ᠡ ᠃ ᠡᠷᠡᠭᠦᠯ ᠬᠠᠮᠠᠭᠠᠯᠠᠯ ᠤᠨ ᠪᠠᠴᠢᠮ ᠪᠠᠶᠢᠳᠠᠯ ᠢ ᠠᠷᠭᠠᠴᠠᠬᠤ ᠰᠢᠰᠲ᠋ᠧᠮᠵᠢ ᠪᠣᠯᠣᠨ ᠴᠢᠳᠠᠪᠤᠷᠢ ᠶᠢᠨ ᠪᠠᠶᠢᠭᠤᠯᠤᠯᠲᠠ ᠶᠢ ᠵᠢᠯᠤᠭᠤᠳᠴᠤ ᠂ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠎ ᠤᠨ ᠭᠡᠨᠡᠳᠲᠡ ᠡᠭᠦᠰᠬᠦ ᠬᠡᠷᠡᠭ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠮᠡᠳᠡᠭᠡ ᠵᠠᠩᠭᠢ ᠶᠢ ᠨᠡᠶᠢᠲᠡᠯᠡᠨ᠎ᠡ ᠃ ᠪᠥᠬᠦ ᠲᠣᠭᠤᠷᠢᠭ ᠤᠨ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠠᠵᠢᠯ ᠤᠨ ᠲᠥᠯᠦᠪᠵᠢᠭᠦᠯᠭᠡ᠂ ᠲᠥᠷᠥ ᠶᠢᠨ ᠪᠣᠳᠣᠯᠭ᠎ᠠ ᠵᠢᠴᠢ ᠠᠷᠭ᠎ᠠ ᠬᠡᠮᠵᠢᠶ᠎ᠡ ᠶᠢ ᠬᠠᠷᠢᠭᠤᠴᠠᠨ ᠲᠣᠭᠲᠠᠭᠠᠵᠤ᠂ ᠪᠥᠬᠦ ᠨᠡᠶᠢᠭᠡᠮ ᠢ ᠳᠠᠶᠢᠴᠢᠯᠠᠨ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠳᠤ ᠣᠷᠣᠯᠴᠠᠭᠤᠯᠵᠤ᠂ ᠡᠯ᠎ᠡ ᠰᠠᠯᠠᠭ᠎ᠠ ᠮᠥᠴᠢᠷ ᠢ ᠵᠣᠬᠢᠴᠠᠭᠤᠯᠤᠨ ᠵᠣᠬᠢᠶᠠᠨ ᠪᠠᠶᠢᠭᠤᠯᠵᠤ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠠᠵᠢᠯ ᠤᠨ ᠡᠭᠦᠷᠭᠡ ᠪᠠ ᠤᠯᠤᠰ ᠤᠨ ᠡᠷᠡᠭᠦᠯ ᠬᠠᠮᠠᠭᠠᠯᠠᠯ ᠤᠨ ᠬᠤᠲᠠ ᠶᠢ ᠡᠭᠦᠳᠦᠨ ᠪᠠᠶᠢᠭᠤᠯᠬᠤ ᠠᠵᠢᠯ ᠢ ᠨᠠᠶᠢᠳᠠᠪᠤᠷᠢᠵᠢᠭᠤᠯᠤᠨ᠎ᠠ᠃ ᠤᠯᠤᠰ ᠤᠨ ᠠᠶᠤᠯᠭᠦᠢ ᠦᠢᠯᠡᠳᠪᠦᠷᠢᠯᠡᠯ ᠎ ᠤᠨ ᠬᠠᠮᠢᠶ᠎ᠠ ᠪᠦᠬᠦᠢ ᠴᠢᠭᠯᠡᠯᠲᠡ ᠂ ᠲᠥᠷᠥ ᠶᠢᠨ ᠪᠣᠳᠣᠯᠭ᠎ᠠ ᠂ ᠬᠠᠤᠯᠢ ᠴᠠᠭᠠᠵᠠ ᠂ ᠬᠠᠤᠯᠢ ᠲᠣᠭᠲᠠᠭᠠᠯ ᠢ ᠲᠤᠭᠤᠰᠢᠯᠠᠭᠤᠯᠤᠨ ᠬᠡᠷᠡᠭᠵᠢᠭᠦᠯᠵᠦ ᠂ ᠡᠷᠡᠭᠦᠯ ᠬᠠᠮᠠᠭᠠᠯᠠᠯ ᠡᠷᠡᠭᠦᠯ ᠮᠡᠨᠳᠤ ᠶᠢᠨ ᠰᠢᠰᠲ᠋ᠧᠮᠵᠢ ᠶᠢᠨ ᠠᠶᠤᠯᠭᠦᠢ ᠶᠢᠨ ᠬᠢᠨᠠᠯᠲᠠ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ ᠃    ᠠᠵᠢᠯᠯᠠᠬᠤ ᠭᠠᠵᠠᠷ᠄ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠠᠯᠪᠠᠨ ᠠᠰᠠᠷ ᠤᠨ 3 ᠳ᠋ᠤᠭᠠᠷ ᠠᠰᠠᠷ    ᠬᠠᠷᠢᠯᠴᠠᠬᠤ ᠤᠲᠠᠰᠤ᠄ 0476 ︱ 2245809    ︵ᠳᠥᠷᠪᠡ︶ ᠦᠨᠳᠦᠰᠦᠨ ᠱᠠᠲᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ  ᠲᠠᠰᠤᠭ ᠃ ᠦᠨᠳᠦᠰᠦᠨ ᠱᠠᠲᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠲᠥᠷᠥ ᠶᠢᠨ ᠪᠣᠳᠣᠯᠭ᠎ᠠ᠂ ᠪᠠᠷᠢᠮᠵᠢᠶ᠎ᠠ ᠪᠠ ᠵᠢᠷᠤᠮᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ ᠬᠠᠷᠢᠭᠤᠴᠠᠵᠤ᠂ ᠦᠨᠳᠦᠰᠦᠨ ᠱᠠᠲᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠦᠢᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠪᠠ ᠬᠥᠳᠡᠭᠡ ᠲᠣᠰᠬᠤᠨ ᠤ ᠡᠮᠴᠢ ᠶᠢᠨ ᠬᠠᠮᠢᠶ᠎ᠠ ᠪᠦᠬᠦᠢ ᠬᠠᠮᠢᠶᠠᠷᠤᠯᠲᠠ ᠶᠢᠨ ᠠᠵᠢᠯ ᠢ ᠵᠢᠯᠣᠭᠤᠳᠤᠨ᠎ᠠ᠃ ᠦᠨᠳᠦᠰᠦᠨ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠵᠦᠢᠯᠡᠰ ᠤᠨ ᠶᠡᠷᠦᠩᠬᠡᠶᠢᠯᠡᠭᠰᠡᠨ ᠬᠠᠮᠢᠶᠠᠷᠤᠯᠲᠠ ᠶᠢ ᠡᠭᠦᠷᠭᠡᠯᠡᠨ᠎ᠡ ᠃ ᠡᠷᠡᠭᠦᠯ ᠮᠡᠨᠳᠦ ᠪᠠᠷ ᠶᠠᠳᠠᠭᠤ ᠶᠢ ᠲᠡᠳᠬᠦᠬᠦ ᠠᠵᠢᠯ ᠢ ᠬᠠᠷᠢᠭᠤᠴᠠᠨ᠎ᠠ᠃ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠪᠦᠷᠢᠳᠬᠡᠯ ᠤᠨ ᠠᠵᠢᠯ ᠢ ᠡᠭᠦᠷᠭᠡᠯᠡᠨ᠎ᠡ᠃    ᠠᠵᠢᠯᠯᠠᠬᠤ ᠭᠠᠵᠠᠷ᠄ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠠᠯᠪᠠᠨ ᠠᠰᠠᠷ ᠤᠨ 3 ᠳ᠋ᠤᠭᠠᠷ ᠠᠰᠠᠷ    ᠬᠠᠷᠢᠯᠴᠠᠬᠤ ᠤᠲᠠᠰᠤ᠄ 0476 ︱ 2245811    ︵ᠲᠠᠪᠤ︶ ᠡᠮᠨᠡᠯᠭᠡ ᠶᠢᠨ ᠶᠠᠪᠤᠳᠠᠯ ᠤᠨ ᠲᠠᠰᠤᠭ ︵ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠤᠳᠤᠷᠢᠳᠬᠤ ᠳᠤᠭᠤᠶᠢᠯᠠᠩ ᠤᠨ ᠠᠯᠪᠠᠨ ᠭᠡᠷ︶᠃    ᠡᠮᠴᠢᠯᠡᠭᠡᠨ ᠤ ᠪᠠᠶᠢᠭᠤᠯᠤᠮᠵᠢ ᠵᠢᠴᠢ ᠡᠮᠨᠡᠯᠭᠡ ᠶᠢᠨ ᠠᠵᠢᠯᠲᠠᠨ᠂ ᠡᠮᠴᠢᠯᠡᠭᠡᠨ ᠤ ᠮᠡᠷᠭᠡᠵᠢᠯ ᠤᠨ ᠬᠡᠷᠡᠭᠯᠡᠭᠡᠨ᠂ ᠡᠮᠴᠢᠯᠡᠭᠡᠨ ᠤ ᠶᠠᠰᠤ ᠴᠢᠨᠠᠷ ᠪᠠ ᠠᠮᠤᠷ ᠲᠦᠪᠰᠢᠨ᠂ ᠡᠮᠴᠢᠯᠡᠭᠡᠨ ᠤ ᠦᠢᠯᠡᠴᠢᠯᠡᠭᠡ᠂ ᠴᠢᠰᠤ ᠠᠪᠬᠤ ᠴᠢᠰᠤ ᠬᠠᠩᠭᠠᠬᠤ ᠪᠠᠶᠢᠭᠤᠯᠤᠮᠵᠢ ᠶᠢᠨ ᠬᠠᠮᠢᠶᠠᠷᠤᠯᠲᠠ ᠵᠢᠴᠢ ᠠᠵᠢᠯ ᠲᠥᠷᠥᠯ ᠤᠨ ᠰᠤᠷᠲᠠᠯ ᠤᠨ ᠪᠠᠶᠢᠭᠤᠯᠤᠯᠲᠠ ᠵᠡᠷᠭᠡ ᠠᠵᠢᠯ ᠲᠥᠷᠥᠯ ᠤᠨ ᠬᠠᠮᠢᠶᠠᠷᠤᠯᠲᠠ ᠶᠢᠨ ᠲᠥᠷᠥ ᠶᠢᠨ ᠪᠣᠳᠣᠯᠭ᠎ᠠ ᠶᠢᠨ ᠵᠢᠷᠤᠮᠵᠢᠯ ᠳᠤ ᠬᠢᠨᠠᠯᠲᠠ ᠲᠠᠯᠪᠢᠵᠤ ᠬᠡᠷᠡᠭᠵᠢᠭᠦᠯᠬᠦ ᠶᠢ ᠬᠠᠷᠢᠭᠤᠴᠠᠵᠤ᠂ ᠰᠤᠪᠢᠯᠠᠬᠤ᠂ ᠡᠷᠡᠭᠦᠯᠵᠢᠭᠦᠯᠬᠦ ᠦᠢᠯᠡᠰ ᠤᠨ ᠬᠥᠭᠵᠢᠯᠲᠡ ᠶᠢ ᠲᠦᠯᠬᠢᠨ ᠠᠬᠢᠭᠤᠯᠬᠤ ᠠᠵᠢᠯ ᠢ ᠡᠭᠦᠷᠭᠡᠯᠡᠨ᠎ᠡ ᠃ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠠᠵᠢᠯᠯᠠᠭᠠᠨ ᠢ ᠬᠢᠨᠠᠨ ᠬᠠᠮᠢᠶᠠᠷᠬᠤ ᠂ ᠠᠮᠵᠢᠯᠲᠠ ᠪᠦᠲᠦᠮᠵᠢ ᠶᠢ ᠦᠨᠡᠯᠡᠬᠦ ᠪᠠ ᠬᠢᠨᠠᠨ ᠰᠢᠯᠭᠠᠬᠤ ᠳᠦᠷᠢᠮ ᠢ ᠲᠤᠭᠤᠷᠪᠢᠨ ᠲᠣᠭᠲᠠᠭᠠᠨ᠎ᠠ ᠃ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠣᠳᠠᠲᠠᠢ ᠠᠵᠢᠯ ᠢ ᠡᠭᠦᠷᠭᠡᠯᠡᠵᠦ ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠎ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠴᠢᠬᠤᠯᠠ ᠶᠡᠭᠡ ᠴᠢᠭᠯᠡᠯᠲᠡ ᠂ ᠲᠥᠷᠥ ᠶᠢᠨ ᠪᠣᠳᠣᠯᠭ᠎ᠠ ᠂ ᠠᠷᠭ᠎ᠠ ᠬᠡᠮᠵᠢᠶ᠎ᠡ ᠶᠢᠨ ᠰᠠᠨᠠᠭᠤᠯᠭ᠎ᠠ ᠶᠢ ᠰᠤᠳᠤᠯᠤᠨ ᠳᠤᠷᠠᠳᠴᠤ ᠂ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠵᠣᠬᠢᠶᠠᠨ ᠪᠠᠶᠢᠭᠤᠯᠤᠨ ᠲᠦᠯᠬᠢᠨ ᠠᠬᠢᠭᠤᠯᠤᠨ᠎ᠠ ᠃ ᠴᠢᠬᠤᠯᠠ ᠬᠤᠷᠠᠯᠳᠤᠭᠠᠨ ᠂ ᠴᠢᠬᠤᠯᠠ ᠶᠡᠭᠡ ᠠᠵᠢᠯᠯᠠᠭ᠎ᠠ ᠶᠢᠨ ᠡᠮ ᠡᠮᠨᠡᠯᠭᠡ ᠡᠷᠡᠭᠦᠯ ᠬᠠᠮᠠᠭᠠᠯᠠᠯ ᠡᠷᠡᠭᠦᠯᠵᠢᠯ ᠤᠨ ᠠᠵᠢᠯ ᠢ ᠡᠭᠦᠷᠭᠡᠯᠡᠨ᠎ᠡ ᠃ ᠤᠯᠤᠰ ᠤᠨ ᠦᠨᠳᠦᠰᠦᠨ ᠡᠮ ᠤᠨ ᠵᠦᠢᠯ ᠤᠨ ᠳᠦᠷᠢᠮ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ ᠂ ᠡᠮ ᠤᠨ ᠵᠦᠢᠯ ᠤᠨ ᠬᠡᠷᠡᠭᠯᠡᠯᠲᠡ ᠶᠢ ᠬᠢᠨᠠᠨ ᠬᠡᠮᠵᠢᠬᠦ ᠂ ᠡᠮᠴᠢᠯᠡᠭᠡᠨ ᠤ ᠶᠡᠷᠦᠩᠬᠡᠶᠢᠯᠡᠭᠰᠡᠨ ᠦᠨᠡᠯᠡᠯᠲᠡ ᠬᠢᠬᠦ ᠪᠠ ᠳᠤᠲᠠᠭᠳᠠᠵᠤ ᠪᠠᠶᠢᠭ᠎ᠠ ᠡᠮ ᠤᠨ ᠵᠦᠢᠯ ᠢ ᠤᠷᠢᠳᠴᠢᠯᠠᠨ ᠰᠡᠷᠡᠮᠵᠢᠯᠡᠭᠦᠯᠬᠦ ᠠᠵᠢᠯ ᠢ ᠥᠷᠨᠢᠭᠦᠯᠦᠨ᠎ᠡ ᠃    ᠠᠵᠢᠯᠯᠠᠬᠤ ᠭᠠᠵᠠᠷ᠄ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠠᠯᠪᠠᠨ ᠠᠰᠠᠷ ᠤᠨ 3 ᠳ᠋ᠤᠭᠠᠷ ᠠᠰᠠᠷ    ᠬᠠᠷᠢᠯᠴᠠᠬᠤ ᠤᠲᠠᠰᠤ᠄ 0476 ︱ 2245813    ( ᠵᠢᠷᠭᠤᠭ᠎ᠠ ) ᠡᠬᠡ ᠨᠢᠯᠬᠠᠰ ᠤᠨ ᠡᠷᠡᠭᠦᠯ ᠮᠡᠡᠳᠦ ᠶᠢᠨ ᠲᠠᠰᠤᠭ᠃ ᠡᠬᠡ ᠨᠢᠯᠬᠠᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠲᠥᠷᠥ ᠶᠢᠨ ᠪᠣᠳᠣᠯᠭ᠎ᠠ᠂ ᠪᠠᠷᠢᠮᠵᠢᠶ᠎ᠠ ᠪᠠ ᠵᠢᠷᠤᠮᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ ᠬᠠᠷᠢᠭᠤᠴᠠᠵᠤ᠂ ᠡᠬᠡ ᠨᠢᠯᠬᠠᠰ ᠤᠨ ᠡᠷᠡᠭᠦᠯ ᠮᠡᠨᠳᠦ ᠶᠢᠨ ᠦᠢᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢ ᠠᠬᠢᠭᠤᠯᠤᠨ᠂ ᠡᠬᠡ ᠨᠢᠯᠬᠠᠰ ᠤᠨ ᠡᠷᠡᠭᠦᠯ ᠬᠠᠮᠠᠭᠠᠯᠠᠯ᠂ ᠵᠡᠷᠡᠮᠳᠡᠭ ᠲᠦᠷᠦᠭᠦ ᠶᠢ ᠰᠡᠷᠭᠡᠶᠢᠯᠡᠨ ᠵᠠᠰᠠᠬᠤ᠂ ᠨᠢᠯᠬ᠎ᠠ ᠬᠡᠦᠬᠡᠳ ᠤᠨ ᠠᠩᠬᠠᠨ ᠤ ᠬᠤᠭᠤᠴᠠᠭᠠᠨ ᠤ ᠬᠥᠭᠵᠢᠯᠲᠡ᠂ ᠬᠥᠮᠥᠨ ᠲᠥᠷᠥᠯᠬᠢᠲᠡᠨ ᠤ ᠲᠤᠰᠠᠯᠠᠬᠤ ᠦᠷᠡᠵᠢᠯ ᠤᠨ ᠮᠡᠷᠭᠡᠵᠢᠯ ᠤᠨ ᠬᠠᠮᠢᠶᠠᠷᠤᠯᠲᠠ ᠪᠠ ᠦᠷᠡᠵᠢᠯ ᠤᠨ ᠮᠡᠷᠭᠡᠵᠢᠯ ᠤᠨ ᠦᠢᠯᠡᠴᠢᠯᠡᠭᠡᠨ ᠤ ᠠᠵᠢᠯ ᠢ ᠵᠢᠯᠣᠭᠤᠳᠤᠨ᠎ᠠ᠃    ᠠᠵᠢᠯᠯᠠᠬᠤ ᠭᠠᠵᠠᠷ᠄ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠠᠯᠪᠠᠨ ᠠᠰᠠᠷ ᠤᠨ 3 ᠳ᠋ᠤᠭᠠᠷ ᠠᠰᠠᠷ    ᠬᠠᠷᠢᠯᠴᠠᠬᠤ ᠤᠲᠠᠰᠤ᠄ 0476 ︱ 2245820    ︵ᠳᠣᠯᠤᠭ᠎ᠠ︶ ᠬᠥᠮᠥᠨ ᠠᠮᠠ ᠶᠢᠨ ᠬᠢᠨᠠᠨ ᠬᠡᠮᠵᠢᠯᠲᠡ ᠪᠠ ᠭᠡᠷ ᠪᠦᠯᠢ ᠶᠢᠨ ᠬᠥᠭᠵᠢᠯᠲᠡ ᠶᠢᠨ ᠲᠠᠰᠤᠭ᠃ ᠬᠥᠮᠥᠨ ᠠᠮᠠ ᠶᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠪᠠ ᠪᠦᠷᠢᠳᠬᠡᠬᠦ ᠠᠵᠢᠯ ᠢ ᠬᠠᠷᠢᠭᠤᠴᠠᠵᠤ ᠂ ᠬᠥᠮᠥᠨ ᠠᠮᠠ ᠬᠢᠭᠡᠳ ᠭᠡᠷ ᠪᠦᠯᠢ ᠶᠢᠨ ᠬᠥᠭᠵᠢᠯᠲᠡ ᠶᠢᠨ ᠬᠠᠮᠢᠶ᠎ᠠ ᠪᠦᠬᠦᠢ ᠲᠦᠷᠦ ᠶᠢᠨ ᠪᠣᠳᠣᠯᠭ᠎ᠠ ᠶᠢᠨ ᠰᠠᠨᠠᠭᠤᠯᠭ᠎ᠠ ᠶᠢ ᠳᠤᠷᠠᠳᠴᠤ ᠂ ᠦᠷᠡᠵᠢᠯ ᠤᠨ ᠲᠦᠷᠦ ᠶᠢᠨ ᠪᠣᠳᠣᠯᠭ᠎ᠠ ᠶᠢ ᠲᠡᠭᠦᠯᠳᠡᠷᠵᠢᠭᠦᠯᠬᠦ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ ᠂ ᠲᠥᠯᠥᠪᠯᠡᠭᠡᠲᠦ ᠦᠷᠡᠵᠢᠯ ᠤᠨ ᠣᠨᠴᠠᠭᠠᠶ ᠭᠡᠷ ᠪᠦᠯᠢ ᠶᠢ ᠲᠡᠳᠬᠦᠨ ᠳᠡᠮᠵᠢᠬᠦ ᠳᠦᠷᠢᠮ ᠢ ᠨᠠᠶᠢᠳᠠᠪᠤᠷᠢᠵᠢᠭᠤᠯᠤᠨ᠎ᠠ ᠃ ᠨᠠᠰᠤᠵᠢᠯᠲᠠ ᠶᠢ ᠠᠷᠭᠠᠴᠠᠬᠤ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠵᠣᠬᠢᠴᠠᠭᠤᠯᠤᠨ ᠨᠠᠶᠢᠳᠠᠪᠤᠷᠢᠵᠢᠭᠤᠯᠵᠤ᠂ ᠨᠠᠰᠤᠲᠠᠶᠢᠴᠤᠳ ᠤᠨ ᠡᠷᠡᠭᠦᠯ ᠮᠡᠨᠳᠦ ᠶᠢᠨ ᠦᠢᠯᠡᠴᠢᠯᠡᠭᠡᠨ ᠤ ᠰᠢᠰᠲ᠋ᠧᠮᠵᠢ ᠶᠢ ᠪᠠᠶᠢᠭᠤᠯᠤᠨ ᠲᠡᠭᠦᠯᠳᠡᠷᠵᠢᠭᠦᠯᠦᠨ᠎ᠡ᠃    ᠠᠵᠢᠯᠯᠠᠬᠤ ᠭᠠᠵᠠᠷ᠄ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠠᠯᠪᠠᠨ ᠠᠰᠠᠷ ᠤᠨ 3 ᠳ᠋ᠤᠭᠠᠷ ᠠᠰᠠᠷ    ᠬᠠᠷᠢᠯᠴᠠᠬᠤ ᠤᠲᠠᠰᠤ᠄ 0476 ︱ 2245822    ︵ ᠨᠠᠢᠮᠠ ︶ ᠬᠢᠲᠠᠳ ᠮᠤᠩᠭᠤᠯ ᠡᠮ ᠡᠮᠨᠡᠯᠭᠡ ᠶᠢᠨ ᠲᠠᠰᠤᠭ᠃ ᠬᠢᠲᠠᠳ ᠮᠤᠩᠭᠤᠯ ᠡᠮᠨᠡᠯᠭᠡ ᠶᠢᠨ ᠠᠵᠢᠯ ᠤᠨ ᠬᠠᠮᠢᠶᠠᠷᠤᠯᠲᠠ ᠶᠢᠨ ᠠᠷᠭ᠎ᠠ ᠂ ᠳᠦᠷᠢᠮ ᠲᠣᠭᠲᠠᠭᠠᠯ ᠂ ᠮᠡᠷᠭᠡᠵᠢᠯ ᠤᠨ ᠪᠠᠷᠢᠮᠵᠢᠶ᠎ᠠ ᠪᠣᠯᠣᠨ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠎ ᠤᠨ ᠥᠭᠡᠷᠡᠴᠢᠯᠡᠯᠲᠡ ᠳᠠᠬᠢ ᠬᠢᠲᠠᠳ ᠮᠤᠩᠭᠤᠯ ᠡᠮ ᠡᠮᠨᠡᠯᠭᠡ ᠲᠠᠢ ᠬᠤᠯᠪᠣᠭᠳᠠᠬᠤ  ᠲᠦᠷᠦ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ ᠂ ᠪᠦᠬᠦ ᠲᠣᠭᠤᠷᠢᠭ ᠤᠨ ᠬᠢᠲᠠᠳ ᠮᠤᠩᠭᠤᠯ ᠡᠮᠨᠡᠯᠭᠡ ᠪᠣᠯᠣᠨ ᠬᠢᠲᠠᠳ ᠮᠤᠩᠭᠤᠯ ᠡᠸᠦ᠋ᠷᠦᠫᠡ ᠡᠮᠨᠡᠯᠭᠡ ᠶᠢ ᠤᠶᠠᠯᠳᠤᠭᠤᠯᠬᠤ ᠦᠢᠯᠡᠰ ᠤᠨ ᠬᠥᠭᠵᠢᠯᠲᠡ ᠶᠢᠨ ᠲᠥᠯᠦᠪᠵᠢᠭᠦᠯᠭᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠬᠡᠷᠡᠭᠵᠢᠭᠦᠯᠦᠨ᠎ᠡ ᠃ ᠬᠢᠲᠠᠳ ᠮᠤᠩᠭᠤᠯ ᠡᠮᠨᠡᠯᠭᠡ ᠶᠢᠨ ᠡᠮᠴᠢᠯᠡᠭᠡᠨ ᠎ ᠤ ᠪᠠᠶᠢᠭᠤᠯᠤᠮᠵᠢ ᠂ ᠡᠮᠨᠡᠯᠭᠡ ᠶᠢᠨ ᠠᠵᠢᠯᠲᠠᠨ ᠂ ᠡᠮᠴᠢᠯᠡᠭᠡᠨ ᠎ ᠤ ᠮᠡᠷᠭᠡᠵᠢᠯ ᠤᠨ ᠬᠡᠷᠡᠭᠯᠡᠯᠲᠡ ᠪᠣᠯᠣᠨ ᠡᠮᠴᠢᠯᠡᠭᠡᠨ ᠎ ᠳᠤ ᠬᠡᠷᠡᠭᠯᠡᠬᠦ ᠡᠮ ᠎ ᠤᠨ ᠬᠠᠮᠢᠶᠠᠷᠤᠯᠲᠠ ᠂ ᠦᠨᠡᠯᠡᠯᠲᠡ ᠶᠢ ᠬᠠᠷᠢᠭᠤᠴᠠᠵᠤ ᠂ ᠬᠢᠲᠠᠳ ᠮᠤᠩᠭᠤᠯ ᠡᠮ ᠡᠮᠨᠡᠯᠭᠡ ᠶᠢᠨ ᠥᠭᠡᠷᠡᠴᠢᠯᠡᠯᠲᠡ ᠬᠥᠭᠵᠢᠯᠲᠡ ᠪᠣᠯᠣᠨ ᠴᠢᠳᠠᠪᠤᠷᠢ ᠶᠢᠨ ᠳᠡᠭᠡᠭᠰᠢᠯᠡᠯᠲᠡ ᠶᠢ ᠲᠥᠯᠬᠢᠨ ᠠᠬᠢᠭᠤᠯᠵᠤ ᠂ ᠦᠨᠳᠦᠰᠦᠨ ᠱᠠᠲᠤᠨ ᠤ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠂ ᠪᠤᠰᠤᠳ ᠡᠮᠴᠢᠯᠡᠭᠡᠨ ᠤ ᠪᠠᠶᠢᠭᠤᠯᠤᠮᠵᠢ ᠶᠢᠨ ᠬᠢᠲᠠᠳ ᠮᠤᠩᠭᠤᠯ ᠡᠮ ᠡᠮᠨᠡᠯᠭᠡ ᠶᠢᠨ ᠦᠢᠯᠡᠴᠢᠯᠡᠭᠡᠨ ᠎ ᠢ ᠵᠢᠯᠣᠭᠤᠳᠤᠨ᠎ᠠ ᠃ ᠬᠢᠲᠠᠳ ᠮᠤᠩᠭᠤᠯ ᠡᠮ ᠡᠮᠨᠡᠯᠭᠡ ᠶᠢᠨ ᠣᠨᠣᠯ᠂ ᠡᠮᠴᠢᠯᠡᠭᠡᠨ ᠤ ᠮᠡᠷᠭᠡᠵᠢᠯ ᠪᠠ ᠡᠮ ᠤᠨ ᠵᠦᠢᠯ ᠢ ᠠᠭᠤᠳᠠᠯᠬᠤ᠂ ᠬᠠᠮᠠᠭᠠᠯᠠᠬᠤ ᠪᠠ ᠠᠰᠢᠭᠯᠠᠬᠤ ᠶᠢ ᠬᠠᠷᠢᠭᠤᠴᠠᠵᠤ᠂ ᠬᠢᠲᠠᠳ ᠮᠤᠩᠭᠤᠯ ᠡᠮ ᠡᠮᠨᠡᠯᠭᠡ ᠶᠢᠨ ᠴᠢᠳᠠᠪᠤᠷᠢᠲᠠᠨ ᠢ ᠬᠥᠮᠥᠵᠢᠭᠦᠯᠬᠦ ᠪᠠ ᠰᠢᠨᠵᠢᠯᠡᠬᠦ ᠤᠬᠠᠭᠠᠨ ᠤ ᠰᠤᠳᠤᠯᠭᠠᠨ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠬᠢᠲᠠᠳ ᠮᠤᠩᠭᠤᠯ ᠡᠮ ᠡᠮᠨᠡᠯᠭᠡ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠬᠤᠪᠢᠷᠠᠭᠤᠯᠬᠤ᠂ ᠬᠡᠷᠡᠭᠯᠡᠬᠦ᠂ ᠳᠡᠯᠭᠡᠷᠡᠭᠦᠯᠬᠦ ᠪᠠ ᠭᠠᠳᠠᠭᠠᠳᠤ ᠲᠠᠢ ᠰᠣᠯᠢᠯᠴᠠᠭ᠎ᠠ ᠬᠢᠵᠦ ᠬᠠᠮᠲᠤᠷᠠᠯᠴᠠᠬᠤ ᠶᠢ ᠠᠬᠢᠭᠤᠯᠤᠨ᠎ᠠ᠃    ᠠᠵᠢᠯᠯᠠᠬᠤ ᠭᠠᠵᠠᠷ᠄ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠠᠯᠪᠠᠨ ᠠᠰᠠᠷ ᠤᠨ 3 ᠳ᠋ᠤᠭᠠᠷ ᠠᠰᠠᠷ    ᠬᠠᠷᠢᠯᠴᠠᠬᠤ ᠤᠲᠠᠰᠤ᠄ 0476 ︱ 2245832    ᠪᠠᠶᠢᠭᠤᠯᠭ᠎ᠠ ᠶᠢᠨ ᠨᠠᠮ ᠤᠨ ᠵᠣᠬᠢᠶᠠᠨ ᠪᠠᠶᠢᠭᠤᠯᠤᠯᠲᠠ ᠃ ᠪᠠᠶᠢᠭᠤᠯᠭ᠎ᠠ ᠪᠠ ᠬᠠᠷᠢᠶ᠎ᠠ ᠠᠵᠢᠯ ᠦᠢᠯᠡᠰ ᠤᠨ ᠨᠢᠭᠡᠴᠢ ᠶᠢᠨ ᠨᠠᠮ ᠤᠨ ᠪᠠᠶᠢᠭᠤᠯᠤᠯᠲᠠ ᠂ ᠤᠯᠠᠨ ᠲᠦᠮᠡᠨ ᠤ ᠪᠦᠯᠬᠦᠮ ᠵᠡᠷᠭᠡ ᠶᠢᠨ ᠠᠵᠢᠯ ᠢ ᠬᠠᠷᠢᠭᠤᠴᠠᠨ᠎ᠠ ᠃    ᠠᠵᠢᠯᠯᠠᠬᠤ ᠭᠠᠵᠠᠷ᠄ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠠᠯᠪᠠᠨ ᠠᠰᠠᠷ ᠤᠨ 3 ᠳ᠋ᠤᠭᠠᠷ ᠠᠰᠠᠷ    ᠬᠠᠷᠢᠯᠴᠠᠬᠤ ᠤᠲᠠᠰᠤ᠄ 0476 ︱ 2245815 
 
ᠢᠷᠡᠯᠲᠡ᠄ ᠶᠤᠸᠠᠨ ᠪᠣᠥ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠰᠥᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1