ᠤᠰᠤᠨ ᠲᠤᠲᠤᠷᠭ᠎ᠠ ᠶᠢᠨ ᠴᠢᠬᠢᠯᠡᠬᠦ ᠬᠤᠭᠤᠴᠠᠭᠠᠨ ᠤ ᠡᠪᠡᠳᠴᠢᠨ ᠤ ᠬᠥᠨᠥᠭᠡᠯ ᠢ ᠰᠡᠷᠭᠡᠶᠢᠯᠡᠨ ᠵᠠᠰᠠᠬᠤ ᠰᠡᠷᠡᠮᠵᠢᠯᠡᠭᠦᠯᠥᠯ
ᠨᠡᠶᠢᠲᠡᠯᠡᠭᠰᠡᠨ ᠴᠠᠭ᠄
2023/5/25
    5 ᠰᠠᠷ᠎ᠠ ᠪᠣᠯᠬᠤ ᠳᠤ᠂ ᠤᠰᠤᠨ ᠲᠤᠲᠤᠷᠭ᠎ᠠ ᠶᠢᠨ ᠴᠢᠬᠢᠯᠡᠬᠦ ᠬᠤᠭᠤᠴᠠᠭᠠᠨ ᠤ ᠡᠪᠡᠳᠴᠢᠨ ᠤ ᠬᠥᠨᠥᠭᠡᠯ ᠠᠮᠠᠷᠬᠠᠨ ᠡᠭᠦᠰᠳᠡᠭ᠂ ᠬᠢᠩᠭᠠᠨ ᠠᠶᠢᠮᠠᠭ ᠤᠨ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠭᠦᠯᠬᠦ ᠲᠥᠪ ᠤᠨ ᠤᠷᠭᠤᠮᠠᠯ ᠤᠨ ᠬᠠᠮᠠᠭᠠᠯᠠᠯᠲᠠ ᠤᠷᠭᠤᠮᠠᠯ ᠤᠨ ᠪᠠᠶᠢᠴᠠᠭᠠᠯᠲᠠ ᠶᠢᠨ ᠰᠠᠯᠠᠭ᠎ᠠ ᠥᠷᠭᠡᠨ ᠣᠯᠠᠨ ᠲᠤᠲᠤᠷᠭ᠎ᠠ ᠶᠢᠨ ᠲᠠᠷᠢᠶᠠᠴᠢᠳ ᠲᠤ ᠲᠠᠷᠢᠶᠠᠨ ᠠᠵᠢᠯ ᠤᠨ ᠬᠠᠮᠢᠶᠠᠷᠤᠯᠲᠠ ᠪᠠᠨ ᠴᠢᠩᠭᠠᠳᠬᠠᠵᠤ᠂ ᠤᠷᠭᠤᠮᠠᠯ ᠤᠨ ᠬᠠᠮᠠᠭᠠᠯᠠᠯᠲᠠ ᠶᠢᠨ ᠠᠷᠭ᠎ᠠ ᠬᠡᠮᠵᠢᠶ᠎ᠡ ᠶᠢ ᠴᠠᠭ ᠲᠤᠬᠠᠢ ᠳᠤᠨᠢ ᠬᠡᠷᠡᠭᠵᠢᠭᠦᠯᠵᠦ᠂ ᠡᠷᠲᠡ ᠰᠡᠷᠭᠡᠶᠢᠯᠡᠵᠦ ᠡᠷᠲᠡ ᠵᠠᠰᠠᠬᠤ ᠬᠡᠷᠡᠭᠲᠡᠢ ᠭᠡᠵᠦ ᠰᠠᠨᠠᠭᠤᠯᠵᠤ ᠪᠠᠶᠢᠨ᠎ᠠ᠃ ᠤᠰᠤᠨ ᠲᠤᠲᠤᠷᠭ᠎ᠠ ᠶᠢᠨ ᠬᠤᠪᠠᠭ᠋ᠠᠶᠢᠷᠠᠬᠤ ᠡᠪᠡᠳᠴᠢᠨ ᠪᠣᠯ ᠤᠰᠤᠨ ᠲᠤᠲᠤᠷᠭ᠎ᠠ ᠶᠢᠨ ᠴᠢᠬᠢᠯᠡᠬᠦ ᠬᠤᠭᠤᠴᠠᠭᠠᠨ ᠤ ᠭᠤᠣᠯ ᠡᠪᠡᠳᠴᠢᠨ ᠤ ᠬᠥᠨᠥᠭᠡᠯ ᠮᠥᠨ᠂ ᠬᠢᠩᠭᠠᠨ ᠠᠶᠢᠮᠠᠭ ᠤᠨ ᠲᠤᠲᠤᠷᠭ᠎ᠠ ᠶᠢᠨ ᠣᠷᠣᠨ ᠳᠤ ᠨᠡᠶᠢᠳᠡᠮ ᠡᠭᠦᠰᠳᠡᠭ᠃ ᠭᠤᠣᠯ ᠢᠯᠡᠷᠡᠯ ᠨᠢ ᠴᠢᠬᠢ ᠭᠠᠷᠤᠭᠰᠠᠨ ᠤ ᠳᠠᠷᠠᠭ᠎ᠠ ᠴᠢᠬᠢ ᠨᠢ ᠬᠤᠪᠬᠠᠶᠢᠷᠠᠨ ᠦᠬᠦᠰᠢᠷᠡᠵᠦ᠂ ᠠᠮᠠᠷᠬᠠᠨ ᠬᠤᠭᠤᠯᠤᠭᠳᠠᠵᠤ᠂ ᠡᠰᠢᠨ ᠤ ᠤᠭ ᠨᠢ ᠢᠯᠵᠢᠷᠡᠵᠦ᠂ ᠨᠡᠯᠢᠶᠡᠳ ᠬᠦᠨᠳᠦ ᠡᠪᠡᠳᠴᠢᠯᠡᠭᠰᠡᠨ ᠨᠢ ᠪᠦᠬᠦᠯᠢ ᠪᠠᠷ ᠢᠶᠠᠨ ᠦᠬᠦᠵᠦ᠂ ᠡᠪᠡᠳᠴᠢᠯᠡᠭᠰᠡᠨ ᠬᠡᠰᠡᠭ ᠲᠤ ᠣᠯᠠᠩᠬᠢ ᠳᠠᠭᠠᠨ ᠤᠯᠠᠭᠠᠨ ᠥᠩᠭᠡᠲᠦ ᠬᠥᠭᠡᠴᠦ ᠬᠡᠯᠪᠡᠷᠢ ᠶᠢᠨ ᠪᠣᠳᠠᠰ ᠢᠯᠡᠭᠦᠦ ᠤᠷᠭᠤᠳᠠᠭ᠃ ᠴᠢᠬᠢ ᠶᠢᠨ 2~3 ᠨᠠᠪᠴᠢ ᠶᠢᠨ ᠬᠤᠭᠤᠴᠠᠭᠠᠨ ᠳᠤ ᠬᠦᠪᠦᠷᠡᠯ ᠤᠨ ᠰᠦ ᠨᠢ ᠪᠠᠷᠠᠭᠳᠠᠬᠤ ᠳᠤ ᠣᠶᠢᠷᠠᠳᠴᠤ᠂ ᠬᠦᠢᠲᠡᠨ ᠢ ᠲᠡᠰᠪᠦᠷᠢᠯᠡᠬᠦ ᠴᠢᠳᠠᠪᠤᠷᠢ ᠨᠢ ᠬᠠᠮᠤᠭ ᠮᠠᠭᠤ᠂ ᠡᠳᠦᠷ ᠤᠨ ᠳᠤᠮᠳᠠᠴᠢ ᠠᠭᠠᠷ ᠤᠨ ᠳᠤᠯᠠᠭᠠᠨ ᠨᠢ 12~15℃᠎ ᠠᠴᠠ ᠳᠣᠣᠷ᠎ᠠ ᠪᠣᠯ ᠦᠷᠡᠵᠢᠯ ᠬᠠᠷᠰᠢᠯᠠᠭᠳᠠᠵᠤ᠂ ᠡᠪᠡᠳᠴᠢᠨ ᠢ ᠡᠰᠡᠷᠭᠦᠴᠡᠬᠦ ᠴᠢᠨᠠᠷ ᠨᠢ ᠮᠡᠳᠡᠭᠳᠡᠮ᠎ᠡ ᠪᠠᠭᠤᠷᠠᠨ᠂ ᠡᠪᠡᠳᠴᠢᠨ ᠤ ᠪᠠᠺᠲ᠋ᠧᠷᠢ ᠠᠮᠠᠷᠬᠠᠨ ᠬᠠᠯᠳᠠᠪᠤᠷᠢᠯᠠᠨ᠎ᠠ᠂ ᠡᠨᠡ ᠦᠶ᠎ᠡ ᠳᠤ ᠬᠡᠷᠪᠡ ᠬᠦᠢᠲᠡᠨ᠂ ᠪᠦᠷᠬᠦᠭ ᠪᠣᠷᠣᠭᠠᠨ ᠲᠠᠢ ᠲᠣᠬᠢᠶᠠᠯᠳᠤᠪᠠᠯ ᠬᠤᠪᠠᠭ᠋ᠠᠶᠢᠷᠠᠬᠤ ᠡᠪᠡᠳᠴᠢᠨ ᠬᠠᠮᠤᠭ ᠠᠮᠠᠷᠬᠠᠨ ᠳᠤ ᠨᠡᠷᠪᠡᠭᠳᠡᠨ᠎ᠡ᠃ 1 ᠨᠠᠪᠴᠢ ᠠᠴᠠ 2 ᠨᠠᠪᠴᠢ ᠶᠢᠨ ᠬᠤᠭᠤᠴᠠᠭᠠᠨ ᠳᠤ ᠬᠦᠯᠡᠮᠵᠢ ᠶᠢᠨ ᠳᠤᠯᠠᠭᠠᠨ ᠤ ᠬᠡᠮᠵᠢᠶ᠎ᠡ ᠶᠢ 18 - 22℃ ᠪᠠᠶᠢᠯᠭᠠᠵᠤ᠂ 25℃᠎ ᠠᠴᠠ ᠬᠡᠲᠦᠷᠡᠭᠦᠯᠵᠦ ᠪᠣᠯᠬᠤ ᠦᠭᠡᠢ᠂ ᠰᠥᠨᠢ ᠪᠣᠯᠬᠤ ᠳᠤ 5℃᠎ ᠠᠴᠠ ᠳᠣᠣᠷ᠎ᠠ ᠪᠠᠶᠢᠯᠭᠠᠵᠤ ᠪᠣᠯᠬᠤ ᠦᠭᠡᠢ᠃ ᠨᠢᠭᠡ ᠨᠠᠪᠴᠢ ᠨᠢᠭᠡ ᠭᠤᠣᠯ ᠲᠠᠢ ᠦᠶ᠎ᠡ ᠳᠤ᠂ ᠤᠰᠤᠯᠠᠬᠤ᠂ ᠪᠣᠷᠳᠣᠭᠤᠷ ᠨᠡᠮᠡᠬᠦ ᠪᠠ ᠬᠤᠪᠠᠭ᠋ᠠᠶᠢᠷᠠᠬᠤ ᠡᠪᠡᠳᠴᠢᠨ ᠢ ᠰᠡᠷᠭᠡᠶᠢᠯᠡᠨ ᠵᠠᠰᠠᠬᠤ ᠲᠠᠢ ᠤᠶᠠᠯᠳᠤᠭᠤᠯᠤᠨ ᠬᠠᠮᠲᠤ ᠳᠤᠨᠢ ᠬᠢᠵᠦ᠂ ᠪᠣᠷᠳᠣᠭᠤᠷ ᠣᠷᠣᠭᠤᠯᠬᠤ ᠳᠠᠭᠠᠨ ᠲᠠᠪᠠᠭ ᠪᠦᠷᠢ ᠶᠢ ᠬᠦᠬᠦᠷ ᠬᠦᠴᠢᠯ ᠤᠨ ᠠᠮᠮᠤᠨᠢ 3-5 ᠭᠷᠡᠮ ᠢ 35%᠎ ᠶᠢᠨ ᠮᠧᠲ᠋ᠢᠯᠢᠨ · ᠹᠦ᠋ ᠮᠧᠢ ᠱᠤᠸᠠᠩ ᠴᠢᠭᠢᠭᠲᠦᠭᠦᠯᠬᠦ ᠨᠤᠨᠳᠠᠭ ᠡᠮ 800 ᠳᠠᠬᠢᠨ ᠤ ᠰᠢᠩᠭᠡᠨ ᠲᠠᠢ ᠬᠤᠯᠢᠵᠤ᠂ ᠲᠠᠪᠠᠭ ᠪᠦᠷᠢ ᠶᠢ 0.5 ᠺᠢᠯᠣᠭ᠍ᠷᠠᠮ ᠪᠣᠷᠳᠣᠭᠤᠷ ᠣᠷᠣᠭᠤᠯᠤᠭᠰᠠᠨ ᠤ ᠳᠠᠷᠠᠭ᠎ᠠ ᠴᠡᠪᠡᠷ ᠤᠰᠤ ᠪᠠᠷ ᠰᠦᠷᠴᠢᠨ ᠤᠬᠢᠶᠠᠨ᠎ᠠ᠂ ᠳᠡᠭᠡᠷᠡᠬᠢ ᠠᠵᠢᠯ ᠢ ᠨᠢᠭᠡ ᠯᠡ ᠤᠳᠠᠭ᠎ᠠ ᠳᠤ ᠬᠢᠵᠦ ᠳᠠᠭᠤᠰᠬᠠᠨ᠎ᠠ᠃ ᠪᠠᠰᠠ 1000 ᠳ᠋ᠦᠩᠰᠢᠭᠤᠷ / ᠭᠷᠡᠮ ᠬᠤᠪᠠᠭ᠋ᠠᠢ ᠡᠪᠡᠰᠦᠨ ᠤ ᠰᠫᠣᠷᠲᠦ ᠰᠠᠪᠬᠠᠨ ᠪᠠᠺᠲ᠋ᠧᠷᠢ ᠶᠢᠨ ᠨᠤᠨᠳᠠᠭ ᠢᠶᠠᠷ 1000 ᠳᠠᠬᠢᠨ ᠤᠰᠤ ᠬᠤᠯᠢᠵᠤ 1-2 ᠤᠳᠠᠭ᠎ᠠ ᠰᠦᠷᠴᠢᠵᠦ᠂ 5-7 ᠡᠳᠦᠷ ᠠᠯᠤᠰᠯᠠᠨ᠎ᠠ᠃ ᠲᠠᠪᠠᠭ ᠰᠢᠷᠣᠢ ᠶᠢᠨ pH ᠬᠡᠮᠵᠢᠭᠳᠡᠯ ᠳᠡᠭᠡᠭᠰᠢᠯᠡᠭᠡᠳ 6.5 ᠪᠣᠯᠬᠤ ᠦᠶ᠎ᠡ ᠳᠤ᠂ ᠨᠢᠭᠡ ᠤᠳᠠᠭ᠎ᠠ pH ᠬᠡᠮᠵᠢᠭᠳᠡᠯ ᠨᠢ 2 ᠬᠦᠴᠢᠯᠵᠢᠭᠰᠡᠨ ᠤᠰᠤ ᠶᠢ ᠤᠰᠤᠯᠠᠪᠠᠯ᠂ ᠲᠠᠪᠠᠭ ᠪᠦᠷᠢ ᠨᠢ 1 ᠺᠢᠯᠣᠭ᠍ᠷᠠᠮ ᠪᠠᠶᠢᠵᠤ᠂ ᠲᠠᠪᠠᠭ ᠰᠢᠷᠣᠢ ᠶᠢᠨ pH ᠬᠡᠮᠵᠢᠭᠳᠡᠯ ᠢ ᠪᠠᠭᠤᠷᠠᠭᠤᠯᠤᠭᠠᠳ 5.5 ᠪᠣᠯᠭᠠᠨ᠎ᠠ᠃ 2-3 ᠨᠠᠪᠴᠢ ᠶᠢᠨ ᠬᠤᠭᠤᠴᠠᠭᠠᠨ ᠤ ᠬᠦᠯᠡᠮᠵᠢ ᠶᠢᠨ ᠳᠤᠯᠠᠭᠠᠨ ᠤ ᠬᠡᠮᠵᠢᠶ᠎ᠡ ᠶᠢ 20-22℃᠎ ᠲᠤ ᠬᠢᠵᠠᠭᠠᠷᠯᠠᠨ᠎ᠠ᠂ ᠪᠤᠰᠤᠳ ᠮᠡᠷᠭᠡᠵᠢᠯ ᠢ ᠡᠮᠦᠨᠡᠬᠢ ᠨᠢᠭᠡ ᠬᠠᠮᠢᠶᠠᠷᠤᠯᠲᠠ ᠶᠢᠨ ᠱᠠᠲᠤᠨ ᠤ ᠠᠭᠤᠯᠭ᠎ᠠ ᠪᠠᠷ ᠶᠠᠪᠤᠭᠳᠠᠭᠤᠯᠤᠨ᠎ᠠ᠂ 3 ᠨᠠᠪᠴᠢ ᠶᠢ ᠲᠠᠯᠠᠭᠠᠷ ᠤᠷᠭᠤᠭᠤᠯᠬᠤ ᠦᠭᠡᠢ᠂ ᠦᠨᠳᠦᠰᠦ ᠶᠢᠨ ᠰᠢᠰᠲ᠋ᠧᠮ ᠢ ᠰᠠᠶᠢᠲᠤᠷ ᠣᠷᠢᠶᠠᠯᠳᠤᠭᠤᠯᠤᠨ ᠵᠠᠩᠬᠢᠳᠣᠭᠤᠯᠤᠨ᠎ᠠ᠃ ᠴᠢᠬᠢ ᠰᠠᠭᠤᠯᠭᠠᠭᠰᠠᠨ ᠤ ᠳᠠᠷᠠᠭ᠎ᠠ ᠨᠠᠪᠴᠢᠨ ᠤ ᠳᠠᠯᠳᠠ ᠢᠯᠠᠭ᠎ᠠ ᠡᠭᠦᠰᠬᠦ ᠠᠴᠠ ᠰᠡᠷᠭᠡᠶᠢᠯᠡᠬᠦ ᠶᠢᠨ ᠲᠥᠯᠥᠭᠡ᠂ ᠴᠢᠬᠢ ᠶᠢ ᠣᠷᠣ ᠠᠴᠠ ᠪᠠᠨ ᠭᠠᠷᠬᠤ ᠠᠴᠠ ᠡᠮᠦᠨ᠎ᠡ 2-3 ᠡᠳᠦᠷ ᠲᠤ 10%᠎ ᠶᠢᠨ ᠫᠢᠷᠤᠽᠤᠯᠢᠨ ᠴᠢᠭᠢᠭᠲᠦᠭᠦᠯᠬᠦ ᠨᠤᠨᠳᠠᠭ ᠡᠮ ᠢ 2 ᠭᠷᠡᠮ᠂ 6 ᠺᠢᠯᠣᠭ᠍ᠷᠠᠮ ᠤᠰᠤ ᠬᠤᠯᠢᠵᠤ 500 ᠲᠠᠪᠠᠭ ᠰᠦᠷᠴᠢᠨ᠎ᠡ᠃ ᠲᠠᠷᠠᠭᠠᠴᠢ ᠶᠢᠨ ᠬᠡᠰᠡᠭ ᠬᠤᠭᠤᠴᠠᠭᠠᠨ ᠳᠤ᠂ ᠤᠰᠤᠨ ᠲᠤᠲᠤᠷᠭ᠎ᠠ ᠶᠢᠨ ᠬᠤᠪᠠᠭ᠋ᠠᠶᠢᠷᠠᠬᠤ ᠡᠪᠡᠳᠴᠢᠨ ᠮᠥᠨ ᠬᠦ ᠡᠭᠦᠰᠬᠦ ᠪᠠ ᠳᠡᠯᠭᠡᠷᠡᠬᠦ ᠲᠦᠭᠰᠢᠭᠦᠷᠢ ᠲᠠᠢ ᠪᠠᠶᠢᠪᠠᠯ᠂ ᠡᠯ᠎ᠡ ᠬᠤᠰᠢᠭᠤ ᠰᠢᠶᠠᠨ ᠬᠤᠳᠠ ᠶᠢᠨ ᠤᠷᠭᠤᠮᠠᠯ ᠢ ᠬᠠᠮᠠᠭᠠᠯᠠᠬᠤ ᠮᠡᠷᠭᠡᠵᠢᠯ ᠤᠨ ᠠᠵᠢᠯᠲᠠᠳ ᠲᠤᠲᠤᠷᠭ᠎ᠠ ᠶᠢᠨ ᠲᠠᠷᠢᠶᠠᠴᠢᠳ ᠢ ᠴᠠᠭ ᠲᠤᠬᠠᠢ ᠳᠤᠨᠢ ᠵᠢᠭᠠᠨ ᠵᠢᠯᠤᠭᠤᠳᠴᠤ ᠤᠷᠢᠳᠴᠢᠯᠠᠨ ᠰᠡᠷᠭᠡᠶᠢᠯᠡᠬᠦ ᠠᠵᠢᠯ ᠢ ᠨᠢ ᠰᠠᠶᠢᠲᠤᠷ ᠬᠢᠯᠭᠡᠵᠦ᠂ ᠲᠠᠷᠢᠶᠠᠴᠢᠳ ᠢ ᠵᠣᠬᠢᠶᠠᠨ ᠪᠠᠶᠢᠭᠤᠯᠤᠨ ᠴᠢᠬᠢ ᠶᠢᠨ ᠬᠡᠪᠲᠡᠰᠢ ᠶᠢᠨ ᠬᠠᠮᠢᠶᠠᠷᠤᠯᠲᠠ ᠶᠢ ᠴᠢᠩᠭᠠᠳᠬᠠᠨ᠂ ᠰᠠᠯᠬᠢ ᠨᠡᠪᠲᠡᠷᠡᠭᠦᠯᠦᠨ ᠴᠢᠬᠢ ᠶᠢ ᠪᠣᠯᠪᠠᠰᠤᠷᠠᠭᠤᠯᠬᠤ ᠠᠵᠢᠯ ᠢ ᠰᠠᠶᠢᠲᠤᠷ ᠬᠢᠵᠦ᠂ ᠴᠢᠬᠢ ᠶᠢᠨ ᠳᠠᠭᠠᠭᠠᠮᠠᠭᠠᠢ ᠴᠢᠨᠠᠷ ᠢ ᠳᠡᠭᠡᠭᠰᠢᠯᠡᠭᠦᠯᠦᠨ᠂ ᠭᠤᠣᠯ ᠡᠪᠡᠳᠴᠢᠨ ᠤ ᠰᠠᠭᠤᠷᠢ ᠡᠭᠦᠰᠪᠡᠯ ᠳᠠᠷᠦ᠋ᠢᠬᠠᠨ ᠰᠡᠷᠭᠡᠶᠢᠯᠡᠨ ᠵᠠᠰᠠᠵᠤ᠂ ᠨᠢᠭᠡᠨᠲᠡ ᠡᠪᠡᠳᠴᠢᠯᠡᠭᠰᠡᠨ ᠴᠢᠬᠢ ᠶᠢᠨ ᠬᠡᠪᠲᠡᠰᠢ ᠳᠤ ᠴᠠᠭ ᠲᠤᠬᠠᠢ ᠳᠤᠨᠢ ᠡᠮ ᠨᠠᠶᠢᠷᠠᠯᠭ᠎ᠠ ᠪᠠᠷ ᠰᠡᠷᠭᠡᠶᠢᠯᠡᠨ ᠵᠠᠰᠠᠵᠤ᠂ ᠡᠪᠡᠳᠴᠢᠨ ᠤ ᠪᠠᠶᠢᠳᠠᠯ ᠤᠨ ᠬᠥᠭᠵᠢᠯᠲᠡ ᠶᠢ ᠬᠢᠵᠠᠭᠠᠷᠯᠠᠬᠤ ᠬᠡᠷᠡᠭᠲᠡᠢ᠃ 
 
ᠢᠷᠡᠯᠲᠡ᠄ ᠥᠪᠥᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠢᠩᠬᠢᠮ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1