ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠬᠠᠮᠢᠶ᠎ᠠ ᠪᠦᠬᠦᠢ ᠨᠢᠭᠡᠴᠢ ᠲᠠᠢ ᠬᠠᠮᠲᠤᠷᠠᠨ ᠶᠢᠨ ᠾᠧ ᠨᠡᠶᠢᠭᠡᠮ ᠲᠣᠭᠤᠷᠢᠭ ᠲᠤ ᠬᠦᠷᠴᠦ ᠤᠯᠠᠭᠠᠨᠮᠥ᠋ᠴᠢᠷ ᠤᠨ ᠨᠡᠶᠢᠭᠡᠮ ᠲᠣᠭᠤᠷᠢᠭ ᠤᠨ ᠤᠳᠬ᠎ᠠ ᠤᠷᠠᠯᠢᠭ ᠤᠨ ᠲᠣᠭᠯᠠᠯᠲᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/5/26
    5 ᠳ᠋ᠤᠭᠠᠷ ᠰᠠᠷ᠎ᠠ ᠶᠢᠨ 21᠎ ᠤ ᠡᠳᠦᠷ᠂ ᠤᠯᠠᠭᠠᠨᠬᠠᠳᠠ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠬᠢᠨ ᠬᠤᠲᠠ ᠶᠢᠨ ᠰᠣᠶᠣᠯ ᠪᠠ ᠵᠢᠭᠤᠯᠴᠢᠯᠠᠯ ᠤᠨ ᠲᠣᠪᠴᠢᠶ᠎ᠠ᠂ ᠬᠤᠲᠠ ᠶᠢᠨ ᠤᠷᠠᠯᠢᠭ ᠤᠨ ᠲᠢᠶᠠᠲᠷ ᠲᠠᠢ ᠬᠠᠮᠲᠤᠷᠠᠨ᠂ ᠳᠠᠭᠠᠭᠠᠴᠢᠯᠠᠭᠰᠠᠨ ᠨᠡᠶᠢᠭᠡᠮ ᠲᠣᠭᠤᠷᠢᠭ ᠪᠣᠯᠬᠤ ᠫᠢᠩᠵᠤᠸᠠᠩ ᠳ᠋ᠦᠩ ᠴᠧᠩ ᠵᠡᠭᠡᠯᠢ ᠭᠤᠳᠤᠮᠵᠢ ᠶᠢᠨ ᠶᠢᠨ ᠾᠧ ᠨᠡᠶᠢᠭᠡᠮ ᠲᠣᠭᠤᠷᠢᠭ ᠲᠤ ᠬᠦᠷᠴᠦ ︽ᠦᠨᠳᠦᠰᠦᠲᠡᠨ ᠨᠦᠭᠦᠳ ᠪᠦᠯᠬᠦᠮᠳᠡᠨ ᠨᠢᠭᠲᠠᠷᠠᠵᠤ᠂ ᠰᠡᠳᠬᠢᠯ ᠨᠢᠭᠡᠳᠦᠨ ᠪᠣᠯᠪᠠᠰᠤᠨ ᠬᠤᠲᠠ ᠶᠢ ᠬᠠᠮᠲᠤ ᠪᠠᠷ ᠴᠣᠭᠴᠠᠯᠠᠶ᠎ᠠ ︾ ᠭᠡᠬᠦ ᠤᠯᠠᠭᠠᠨᠮᠥ᠋ᠴᠢᠷ ᠤᠨ ᠨᠡᠶᠢᠭᠡᠮ ᠲᠣᠭᠤᠷᠢᠭ ᠤᠨ ᠤᠳᠬ᠎ᠠ ᠤᠷᠠᠯᠢᠭ ᠤᠨ ᠲᠣᠭᠯᠠᠯᠲᠠ ᠶᠢᠨ ᠠᠵᠢᠯᠯᠠᠭ᠎ᠠ ᠥᠷᠨᠢᠭᠦᠯᠪᠡ᠃ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠴᠢᠦ ᠸᠧᠨ ᠪᠥᠸᠧ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠦᠨᠳᠦᠰᠦᠲᠡᠨ ᠱᠠᠰᠢᠨ ᠰᠤᠷᠲᠠᠬᠤᠨ ᠰᠢᠶᠠᠩᠭᠠᠩ ᠣᠣᠮᠧᠨ ᠲᠠᠶᠢᠸᠠᠨ ᠤ ᠬᠠᠷᠢᠶᠠᠲᠤ ᠨᠠᠷ ᠤᠨ ᠭᠠᠳᠠᠭᠠᠳᠤ ᠶᠠᠪᠤᠳᠠᠯ ᠤᠨ ᠵᠥᠪᠯᠡᠯ ᠤᠨ ᠡᠷᠬᠢᠯᠡᠭᠴᠢ ᠵᠢᠶᠠᠩ ᠭᠦᠸᠧ ᠬᠤᠸᠠ᠂ ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠸᠠᠩ ᠵᠧᠨ ᠯᠢᠶᠠᠩ᠂ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠵᠠᠩ ᠯᠢ ᠲᠤᠸ᠂ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠫᠧᠩ ᠰᠢᠶᠣᠣ ᠵᠢᠤᠸᠠᠨ ᠂ ᠫᠢᠩᠵᠤᠸᠠᠩ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠲᠠᠢ ᠬᠠᠮᠲᠤ ᠤᠳᠬ᠎ᠠ ᠤᠷᠠᠯᠢᠭ ᠤᠨ ᠲᠣᠭᠯᠠᠯᠲᠠ ᠶᠢ ᠰᠣᠨᠢᠷᠬᠠᠪᠠ᠃    ᠤᠳᠬ᠎ᠠ ᠤᠷᠠᠯᠢᠭ ᠤᠨ ᠲᠣᠭᠯᠠᠯᠲᠠ ᠶᠢ ᠤᠯᠠᠭᠠᠨᠮᠥ᠋ᠴᠢᠷ ᠪᠣᠯᠣᠨ ᠶᠢᠨ ᠾᠧ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠲᠣᠭᠯᠠᠵᠤ᠂ ᠲᠣᠭᠯᠠᠯᠲᠠ ᠨᠢ ︽ᠡᠪ ᠬᠠᠮᠲᠤ ᠨᠠᠮ ᠦᠭᠡᠢ ᠪᠣᠯ ᠰᠢᠨ᠎ᠡ ᠳᠤᠮᠳᠠᠳᠤ ᠤᠯᠤᠰ ᠦᠭᠡᠢ︾ ᠭᠡᠬᠦ ᠲᠠᠯᠠᠪᠠᠶ ᠶᠢᠨ ᠪᠥᠵᠢᠭ ᠢᠶᠠᠷ ᠬᠥᠰᠢᠭᠡ ᠪᠠᠨ ᠰᠡᠬᠦᠵᠦ᠂ ᠪᠥᠵᠢᠭᠴᠢᠳ ᠤᠨ ᠭᠤᠶᠢᠳᠠ ᠰᠠᠶᠢᠬᠠᠨ ᠪᠥᠵᠢᠭ ᠤᠨ ᠳᠦᠷᠢ ᠪᠠᠶᠢᠳᠠᠯ ᠨᠢ ᠦᠵᠡᠭᠴᠢᠳ ᠤᠨ ᠬᠠᠯᠠᠭᠤᠨ ᠠᠯᠠᠭ᠎ᠠ ᠲᠡᠰᠢᠯᠲᠡ ᠶᠢ ᠣᠯᠵᠤ᠂ ᠲᠡᠭᠦᠨ ᠤ ᠳᠠᠷᠠᠭᠠᠬᠢ ᠭᠤᠴᠣᠯᠠᠯ ᠳᠠᠭᠤᠤ᠂ ᠪᠥᠵᠢᠭ᠂ ᠬᠤᠶᠠᠷ ᠤᠲᠠᠰᠤᠲᠤ ᠬᠤᠭᠤᠷ᠂ ᠬᠤᠯᠤ ᠶᠢᠨ ᠰᠢᠷᠬᠡᠭ ᠤᠨ ᠨᠠᠶᠢᠷᠠᠯ ᠬᠥᠭᠵᠢᠮ ᠵᠡᠷᠭᠡ ᠲᠣᠭᠯᠠᠯᠲᠠ ᠨᠢ ᠦᠨᠳᠦᠰᠦᠲᠡᠨ ᠤ ᠪᠦᠯᠬᠦᠮᠳᠡᠯ ᠤᠨ ᠭᠤᠣᠯ ᠬᠥᠭ ᠠᠶᠠᠰ ᠢ ᠠᠮᠢᠳᠤᠯᠢᠭ ᠢᠶᠠᠷ ᠲᠣᠭᠯᠠᠵᠤ ᠂ ︽ᠦᠨᠳᠦᠰᠦᠲᠡᠨ ᠨᠦᠭᠦᠳ ᠪᠦᠯᠬᠦᠮᠳᠡᠨ ᠨᠢᠭᠲᠠᠷᠠᠵᠤ᠂ ᠰᠡᠳᠬᠢᠯ ᠨᠢᠭᠡᠳᠦᠨ ᠪᠣᠯᠪᠠᠰᠤᠨ ᠬᠤᠲᠠ ᠶᠢ ᠬᠠᠮᠲᠤ ᠪᠠᠷ ᠴᠣᠭᠴᠠᠯᠠᠶ᠎ᠠ︾ ᠭᠡᠬᠦ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠭᠰᠠᠨ ᠪᠠᠶᠢᠨ᠎ᠠ᠃ ᠲᠣᠭᠯᠠᠯᠲᠠ ᠶᠢᠨ ᠠᠬᠤᠢ ᠲᠠᠯᠠᠪᠠᠢ ᠶᠢᠨ ᠠᠭᠤᠷ ᠠᠮᠢᠰᠬᠤᠯ ᠬᠦᠷ ᠬᠥᠭᠵᠢᠶᠡᠨᠲᠡᠢ ᠪᠠᠶᠢᠵᠤ ᠂ ᠦᠵᠡᠭᠴᠢᠳ ᠮᠠᠭᠲᠠᠨ ᠰᠠᠶᠢᠰᠢᠶᠠᠪᠠ ᠃ ᠲᠣᠭᠯᠠᠯᠲᠠ ᠶᠢᠨ ᠠᠬᠤᠢ ᠲᠠᠯᠠᠪᠠᠶ ᠳᠤ ᠂ ᠠᠵᠢᠯᠲᠠᠳ ᠪᠠᠰᠠ ᠰᠠᠭᠤᠭᠠᠯᠢ ᠠᠷᠠᠳ ᠲᠤ ᠦᠨᠳᠦᠰᠦᠲᠡᠨ ᠤ ᠲᠥᠷᠥ ᠶᠢᠨ ᠪᠣᠳᠣᠯᠭ᠎ᠠ ᠪᠠ ᠦᠨᠳᠦᠰᠦᠲᠡᠨ ᠤ ᠬᠠᠤᠯᠢ ᠪᠠᠷ ᠵᠠᠰᠠᠬᠤ ᠲᠤᠬᠠᠢ ᠤᠬᠠᠭᠤᠯᠭ᠎ᠠ ᠶᠢᠨ ᠬᠠᠭᠤᠳᠠᠰᠤ ᠲᠠᠷᠬᠠᠭᠠᠭᠰᠠᠨ ᠪᠠᠶᠢᠨ᠎ᠠ᠃    ᠲᠣᠰ ᠤᠳᠠᠭᠠᠨ ᠤ ᠠᠵᠢᠯᠯᠠᠭ᠎ᠠ ᠪᠣᠯ ᠦᠨᠳᠦᠰᠦᠲᠡᠨ ᠤ ᠪᠦᠯᠬᠦᠮᠳᠡᠯ ᠢ ᠴᠢᠩᠭᠠᠳᠬᠠᠬᠤ ᠪᠠᠷ ᠠᠴᠢᠶᠠᠯᠠᠪᠤᠷᠢ ᠪᠣᠯᠭᠠᠭᠰᠠᠨ ᠨᠢᠭᠡ ᠤᠳᠠᠭᠠᠨ ᠤ ᠤᠳᠬ᠎ᠠ ᠤᠷᠠᠯᠢᠭ ᠤᠨ ᠲᠣᠭᠯᠠᠯᠲᠠ ᠮᠥᠨ᠂ ᠪᠠᠰᠠ ᠴᠤ ᠨᠢᠭᠡ ᠤᠳᠠᠭᠠᠨ ᠤ ᠦᠨᠳᠦᠰᠦᠲᠡᠨ ᠤ ᠣᠨᠣᠯ ᠤᠨ ᠲᠥᠷᠥ ᠶᠢᠨ ᠪᠣᠳᠣᠯᠭ᠎ᠠ ᠪᠠ ᠬᠠᠤᠯᠢ ᠴᠠᠭᠠᠵᠠ ᠬᠠᠤᠯᠢ ᠲᠣᠭᠲᠠᠭᠠᠯ ᠤᠨ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠮᠥᠨ ᠂ ᠡᠨᠡ ᠨᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠣᠶ ᠪᠣᠯᠭᠠᠬᠤ ᠳᠤ ᠰᠢᠨ᠎ᠡ ᠠᠵᠢᠯᠯᠠᠭᠠᠨ ᠤ ᠠᠷᠭ᠎ᠠ ᠮᠠᠶ᠋ᠢᠭ ᠢ ᠥᠷᠭᠡᠳᠬᠡᠵᠦ᠂ ᠪᠠᠰᠠ ᠴᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠬᠢᠭᠡᠳ ᠪᠥᠬᠦ ᠤᠯᠤᠰ ᠤᠨ ᠪᠣᠯᠪᠠᠰᠤᠨ ᠬᠤᠲᠠ ᠶᠢ  ᠠᠭᠤᠰᠤᠯᠴᠠᠭᠤᠯᠤᠨ ᠡᠭᠦᠳᠦᠨ ᠪᠠᠶᠢᠭᠤᠯᠬᠤ ᠶᠢ ᠲᠦᠯᠬᠢᠨ ᠠᠬᠢᠭᠤᠯᠬᠤ ᠳᠤ ᠨᠡᠶᠢᠭᠡᠮ ᠲᠣᠭᠤᠷᠢᠭ ᠤᠨ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠵᠤ ᠥᠭᠭᠦᠭᠰᠡᠨ ᠪᠠᠶᠢᠨ᠎ᠠ᠃  
 
ᠢᠷᠡᠯᠲᠡ᠄ ᠶᠤᠸᠠᠨ ᠪᠣᠥ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠰᠥᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1