ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠣᠷᠣᠨ ᠪᠦᠰᠡ ᠠᠯᠤᠰᠯᠠᠭᠰᠠᠨ ᠰᠣᠯᠢᠯᠴᠠᠭ᠎ᠠ ᠰᠤᠷᠤᠯᠴᠠᠯᠭ᠎ᠠ ᠶᠢᠨ ᠲᠠᠪᠴᠠᠩ ᠢ ᠪᠠᠶᠢᠭᠤᠯᠵᠤ ᠶᠤᠸᠠᠨ ᠪᠣᠥ ᠱᠠᠨ ᠤ ᠰᠤᠷᠭᠠᠨ ᠬᠥᠮᠦᠵᠢᠯ ᠤᠨ ᠴᠢᠨᠠᠷ ᠰᠠᠶᠢᠲᠠᠢ ᠬᠥᠭᠵᠢᠯᠲᠡ ᠶᠢ ᠲᠦᠯᠬᠢᠨ ᠠᠬᠢᠭᠤᠯᠵᠤ ᠪᠠᠶᠢᠨ᠎ᠠ
ᠨᠡᠶᠢᠲᠡᠯᠡᠭᠰᠡᠨ ᠴᠠᠭ᠄
2023/5/26
    ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠣᠷᠣᠨ ᠪᠦᠰᠡ ᠠᠯᠤᠰᠯᠠᠭᠰᠠᠨ ᠰᠣᠯᠢᠯᠴᠠᠭ᠎ᠠ ᠰᠤᠷᠤᠯᠴᠠᠯᠭ᠎ᠠ ᠶᠢᠨ ᠲᠠᠪᠴᠠᠩ ᠢ ᠪᠠᠶᠢᠭᠤᠯᠵᠤ ᠂ ᠶᠤᠸᠠᠨ ᠪᠣᠥ ᠱᠠᠨ ᠤ ᠰᠤᠷᠭᠠᠨ ᠬᠥᠮᠦᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ ᠪᠠᠶᠢᠨ᠎ᠠ᠃ ︽ᠰᠢᠨ᠎ᠡ ᠵᠢᠭᠠᠬᠤ ᠮᠠᠲ᠋ᠧᠷᠢᠶᠠᠯ᠂ ᠰᠢᠨ᠎ᠡ ᠬᠢᠴᠢᠶᠡᠯ ᠤᠨ ᠪᠠᠷᠢᠮᠵᠢᠶ᠎ᠠ᠂ ᠰᠢᠨ᠎ᠡ ᠮᠠᠶ᠋ᠢᠭ ᠤᠨ ᠳᠡᠭᠡᠳᠦ ᠰᠤᠷᠭᠠᠭᠤᠯᠢ ᠳᠤ ᠡᠯᠰᠡᠬᠦ ᠰᠢᠯᠭᠠᠯᠲᠠ︾᠎ ᠶᠢᠨ ᠠᠬᠤᠢ ᠪᠠᠶᠢᠳᠠᠯ ᠳᠣᠣᠷᠠᠬᠢ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢᠨ ᠰᠢᠨ᠎ᠡ ᠵᠠᠭᠪᠤᠷ ᠢ ᠬᠠᠶᠢᠨ ᠰᠦᠪᠡᠭᠴᠢᠯᠡᠬᠦ ᠶᠢᠨ ᠲᠥᠯᠥᠭᠡ᠂ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠨᠢ ᠵᠢᠶᠠᠩᠰᠤ ᠮᠤᠵᠢ ᠶᠢᠨ ᠮᠦ ᠎ ᠳᠤ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠂ ᠮᠦᠭᠳᠡᠨ ᠬᠤᠳᠠ ᠶᠢᠨ ᠬᠤᠶᠠᠳᠤᠭᠠᠷ ᠳᠤᠮᠳᠠᠳᠤ ᠰᠤᠷᠭᠠᠭᠤᠯᠢ ᠂ ᠣᠷᠳᠣᠰ ᠬᠤᠳᠠ ᠶᠢᠨ ᠨᠢᠭᠡᠳᠦᠭᠡᠷ ᠳᠤᠮᠳᠠᠳᠤ ᠰᠤᠷᠭᠠᠭᠤᠯᠢ ᠵᠡᠷᠭᠡ ᠤᠯᠠᠨ ᠵᠢᠱᠢᠶ᠎ᠡ ᠦᠵᠡᠭᠦᠯᠬᠦ ᠰᠤᠷᠭᠠᠭᠤᠯᠢ ᠲᠠᠢ ᠬᠠᠮᠲᠤᠪᠠᠷ ᠮᠤᠵᠢ ᠠᠯᠤᠰᠯᠠᠭᠰᠠᠨ ᠂ ᠬᠤᠳᠠ ᠠᠯᠤᠰᠯᠠᠭᠰᠠᠨ ᠂ ᠣᠷᠣᠨ ᠠᠯᠤᠰᠯᠠᠭᠰᠠᠨ ᠰᠣᠯᠢᠯᠴᠠᠭ᠎ᠠ ᠰᠤᠷᠤᠯᠴᠠᠯᠭ᠎ᠠ ᠶᠢᠨ ᠲᠠᠪᠴᠠᠩ ᠢ ᠪᠠᠶᠢᠭᠤᠯᠪᠠ ᠃ ︽ ᠬᠠᠷᠢᠯᠴᠠᠨ ᠬᠠᠪᠰᠤᠷᠤᠯᠴᠠᠬᠤ᠂ ᠬᠠᠷᠢᠯᠴᠠᠨ ᠬᠥᠳᠡᠯᠦᠯᠴᠡᠬᠦ᠂ ᠬᠠᠮᠲᠤ ᠪᠠᠷ ᠡᠳ᠋ᠯᠡᠬᠦ᠂ ᠬᠠᠮᠲᠤ ᠪᠠᠷ ᠠᠰᠢᠭ ᠭᠥᠷᠳᠡᠬᠦ︾᠎ ᠪᠠᠷ ᠣᠨᠣᠯᠵᠢᠬᠤᠨ ᠪᠣᠯᠭᠠᠵᠤ᠂ 200 ᠭᠠᠷᠤᠢ ᠵᠠᠯᠠᠭᠤ ᠪᠠᠭᠰᠢ ᠶᠢ ᠰᠣᠩᠭᠤᠨ ᠵᠢᠶᠠᠩᠰᠤ᠂ ᠪᠡᠭᠡᠵᠢᠩ ᠂ ᠱᠠᠩᠬᠠᠢ ᠵᠡᠷᠭᠡ ᠭᠠᠵᠠᠷ ᠲᠤ ᠣᠴᠢᠭᠤᠯᠵᠤ ᠰᠢᠨ᠎ᠡ ᠬᠢᠴᠢᠶᠡᠯ ᠤᠨ ᠥᠭᠡᠷᠡᠴᠢᠯᠡᠯᠲᠡ ᠶᠢᠨ ᠣᠨᠣᠯᠵᠢᠬᠤᠨ ᠢ ᠰᠣᠯᠢᠯᠴᠠᠭᠤᠯᠤᠨ ᠰᠤᠷᠤᠯᠴᠠᠭᠤᠯᠵᠤ᠂ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠶᠢᠨ ᠬᠠᠷᠠᠭ᠎ᠠ ᠶᠢ ᠥᠷᠭᠡᠳᠬᠡᠨ᠂ ᠮᠠᠨ ᠤ ᠲᠣᠭᠤᠷᠢᠭ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠬᠥᠭᠵᠢᠯᠲᠡ ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠪᠡ᠃ 
 
ᠢᠷᠡᠯᠲᠡ᠄ ᠶᠤᠸᠠᠨ ᠪᠣᠥ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠰᠥᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1