︽ᠶᠤᠸᠠᠨ ᠪᠦᠦ ᠱᠠᠨ ᠲᠣᠭᠤᠷᠢᠭ ᠤᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠶᠡᠷᠦᠩᠬᠡᠢ ᠲᠥᠰᠥᠯ︾᠎ ᠤᠨ ᠲᠤᠬᠠᠢ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2023/5/27
    ᠨᠢᠭᠡ᠂ ᠲᠣᠭᠲᠠᠭᠠᠭᠰᠠᠨ ᠠᠬᠤᠢ ᠪᠠᠶᠢᠳᠠᠯ    ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠶᠢ ᠤᠯᠠᠮ ᠨᠢᠭᠡ ᠠᠯᠬᠤᠮ ᠴᠢᠩᠭᠠᠳᠬᠠᠬᠤ ᠶᠢᠨ ᠲᠥᠯᠥᠭᠡ᠂ ᠡᠯ᠎ᠡ ᠲᠥᠷᠥᠯ ᠤᠨ ᠭᠡᠨᠡᠳᠲᠡ ᠶᠢᠨ ᠬᠡᠷᠡᠭ ᠢ ᠴᠠᠭ ᠲᠤᠬᠠᠢ ᠳᠤᠨᠢ ᠪᠦᠲᠦᠮᠵᠢᠲᠡᠶ ᠡᠮᠬᠢ ᠳᠢᠭᠯᠢᠮ ᠲᠠᠢ ᠠᠷᠭᠠᠴᠠᠵᠤ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠬᠠᠮᠠᠭᠠᠯᠠᠵᠤ᠂ ᠨᠡᠶᠢᠭᠡᠮ ᠤᠨ ᠲᠣᠭᠲᠠᠭᠤᠨ ᠪᠠᠶᠢᠳᠠᠯ ᠢ ᠪᠠᠲᠤᠯᠠᠵᠤ᠂ ᠪᠦᠬᠦ ᠲᠣᠭᠤᠷᠢᠭ ᠤᠨ ᠠᠵᠤ ᠠᠬᠤᠢ ᠨᠡᠶᠢᠭᠡᠮ ᠤᠨ ᠵᠣᠬᠢᠴᠠᠩᠭᠤᠢ ᠡᠷᠡᠭᠦᠯ ᠢᠶᠠᠷ ᠬᠥᠭᠵᠢᠬᠦ ᠎ ᠶᠢ ᠠᠬᠢᠭᠤᠯᠬᠤ ᠶᠢᠨ ᠲᠥᠯᠥᠭᠡ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠡᠨᠡᠳᠲᠡ ᠶᠢᠨ ᠬᠡᠷᠡᠭ ᠢ ᠠᠷᠭᠠᠴᠠᠬᠤ ᠬᠠᠤᠯᠢ︾  ᠂ ︽ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠲᠥᠰᠥᠯ ᠤᠨ ᠬᠠᠮᠢᠶᠠᠷᠤᠯᠲᠠ ᠶᠢᠨ ᠠᠷᠭ᠎ᠠ︾ ᠂ ︽ᠤᠯᠤᠰ ᠤᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠶᠡᠷᠦᠩᠬᠡᠢ ᠲᠥᠰᠥᠯ︾ ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠶᠡᠷᠦᠩᠬᠡᠢ ᠲᠥᠰᠥᠯ ︵ᠲᠤᠷᠰᠢᠨ ᠬᠡᠷᠡᠭᠵᠢᠭᠦᠯᠬᠦ︶︾ ᠂ ︽ᠤᠯᠠᠭᠠᠨᠬᠠᠳᠠ ᠬᠤᠲᠠ ᠶᠢᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠶᠡᠷᠦᠩᠬᠡᠢ ᠲᠥᠰᠥᠯ︾ ︵ ᠤᠯᠠᠭᠠᠨᠬᠠᠳᠠ ᠵᠠᠰᠠᠭ ᠲᠠᠷᠬᠠᠭᠠᠭᠰᠠᠨ ﹇2023﹈ 6 ᠳ᠋ᠤᠭᠠᠷ ᠲᠣᠭᠠᠲᠤ᠂ 2023 ᠣᠨ ᠤ 2 ᠳ᠋ᠤᠭᠠᠷ ᠰᠠᠷ᠎ᠠ ᠶᠢᠨ 2᠎ ᠤᠨ ᠡᠳᠦᠷ︶ ᠵᠡᠷᠭᠡ ᠬᠠᠤᠯᠢ ᠴᠠᠭᠠᠵᠠ᠂ ᠬᠠᠤᠯᠢ ᠲᠣᠭᠲᠠᠭᠠᠯ ᠪᠠ ᠪᠢᠴᠢᠭ ᠮᠠᠲ᠋ᠧᠷᠢᠶᠠᠯ ᠢ ᠦᠨᠳᠥᠰᠥᠯᠡᠨ᠂ ᠮᠠᠨ ᠤ ᠲᠣᠭᠤᠷᠢᠭ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠲᠣᠰ ᠪᠡᠯᠡᠳᠬᠡᠯ ᠲᠥᠰᠥᠯ ᠢ ᠲᠣᠭᠲᠠᠭᠠᠪᠠ᠃    ᠬᠤᠶᠠᠷ ᠂ ᠬᠡᠷᠡᠭᠯᠡᠬᠦ ᠬᠡᠪᠴᠢᠶ᠎ᠡ    ᠲᠣᠰ ᠲᠥᠰᠥᠯ ᠪᠣᠯ ᠮᠠᠨ ᠤ ᠲᠣᠭᠤᠷᠢᠭ ᠤᠨ ᠡᠯ᠎ᠡ ᠲᠥᠷᠥᠯ ᠤᠨ ᠭᠡᠨᠡᠳᠲᠡ ᠶᠢᠨ ᠬᠡᠷᠡᠭ ᠢ ᠠᠷᠭᠠᠴᠠᠬᠤ ᠶᠡᠷᠦᠩᠬᠡᠢ ᠬᠥᠲᠥᠯᠪᠦᠷᠢ ᠪᠠᠶᠢᠵᠤ᠂ ᠪᠥᠬᠦ ᠲᠣᠭᠤᠷᠢᠭ ᠤᠨ ᠭᠡᠨᠡᠳᠲᠡ ᠶᠢᠨ ᠬᠡᠷᠡᠭ ᠤᠨ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ᠂ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ᠂ ᠬᠢᠨᠠᠨ ᠬᠡᠮᠵᠢᠬᠦ ᠪᠠ ᠰᠡᠷᠡᠮᠵᠢᠯᠡᠭᠦᠯᠬᠦ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠪᠠ ᠠᠪᠤᠷᠠᠨ ᠲᠤᠰᠠᠯᠠᠬᠤ ᠵᠢᠴᠢ ᠬᠡᠷᠡᠭ ᠤᠨ ᠳᠠᠷᠠᠭ᠎ᠠ ᠰᠡᠷᠭᠦᠭᠡᠬᠦ ᠪᠠ ᠳᠠᠬᠢᠨ ᠪᠠᠶᠢᠭᠤᠯᠬᠤ ᠵᠡᠷᠭᠡ ᠠᠵᠢᠯ ᠢ ᠵᠢᠯᠤᠭᠤᠳᠬᠤ ᠳᠤ ᠬᠡᠷᠡᠭᠯᠡᠨ᠎ᠡ᠃    ᠲᠤᠰ ᠪᠡᠯᠡᠳᠬᠡᠯ ᠲᠥᠰᠥᠯ ᠳᠤ ᠬᠡᠯᠡᠵᠦ ᠪᠠᠶᠢᠭ᠎ᠠ ᠭᠡᠨᠡᠳᠲᠡ ᠶᠢᠨ ᠬᠡᠷᠡᠭ ᠭᠡᠳᠡᠭ ᠪᠣᠯ ᠭᠡᠨᠡᠳᠲᠡ ᠡᠭᠦᠰᠦᠭᠰᠡᠨ ᠂ ᠬᠦᠨᠳᠦ ᠨᠣᠴᠢᠲᠠᠢ ᠨᠡᠶᠢᠭᠡᠮ ᠤᠨ ᠬᠤᠣᠷ ᠬᠥᠨᠥᠭᠡᠯ ᠤᠴᠠᠷᠠᠭᠤᠯᠤᠭᠰᠠᠨ ᠪᠤᠶᠤ ᠤᠴᠠᠷᠠᠭᠤᠯᠵᠤ ᠮᠡᠳᠡᠬᠦ ᠂ ᠪᠠᠴᠢᠮ ᠪᠠᠶᠢᠳᠠᠯ ᠢ ᠠᠷᠭᠠᠴᠠᠬᠤ ᠠᠷᠭ᠎ᠠ ᠬᠡᠮᠵᠢᠶ᠎ᠡ ᠠᠪᠴᠤ ᠠᠷᠭᠠᠴᠠᠨ ᠰᠢᠢᠳᠪᠦᠷᠢᠯᠡᠬᠦ ᠴᠢᠬᠤᠯᠠᠲᠠᠢ ᠪᠠᠶᠢᠭᠠᠯᠢ ᠶᠢᠨ ᠭᠠᠮᠰᠢᠭ ᠂ ᠡ᠊ᠨᠳᠡᠯ ᠤᠨ ᠭᠠᠢ ᠭᠠᠮᠰᠢᠭ ᠂ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠡᠷᠡᠭ ᠪᠠ ᠨᠡᠶᠢᠭᠡᠮ ᠤᠨ ᠠᠮᠤᠷ ᠲᠦᠪᠰᠢᠨ ᠤ ᠬᠡᠷᠡᠭ ᠢ ᠵᠢᠭᠠᠵᠤ ᠪᠠᠶᠢᠨ᠎ᠠ ᠃    ᠭᠤᠷᠪᠠ᠂ ᠠᠵᠢᠯ ᠤᠨ ᠵᠠᠷᠴᠢᠮ    ︵ 1 ︶ ᠠᠷᠠᠳ ᠲᠦᠮᠡᠨ ᠢ ᠳᠡᠭᠡᠳᠦᠯᠡᠬᠦ ᠂ ᠠᠮᠢ ᠨᠠᠰᠤ ᠶᠢ ᠳᠡᠭᠡᠳᠦᠯᠡᠬᠦ ᠶᠢ ᠪᠠᠷᠢᠮᠲᠠᠯᠠᠨ᠎ᠠ ᠃    ︵ 2 ︶ ᠨᠢᠭᠡᠳᠦᠯᠲᠡᠢ ᠤᠳᠤᠷᠢᠳᠬᠤ ᠂ ᠵᠣᠬᠢᠴᠠᠭᠤᠯᠤᠨ ᠬᠠᠮᠲᠤᠷᠠᠨ ᠬᠥᠳᠡᠯᠦᠯᠴᠡᠬᠦ ᠶᠢ ᠪᠠᠷᠢᠮᠲᠠᠯᠠᠨ᠎ᠠ ᠃    ︵ 3 ︶ ᠱᠠᠲᠤ ᠬᠤᠪᠢᠶᠠᠨ ᠬᠠᠷᠢᠭᠤᠴᠠᠬᠤ ᠂ ᠬᠠᠷᠢᠶ᠎ᠠ ᠭᠠᠵᠠᠷ ᠢᠶᠠᠷ ᠭᠤᠣᠯ ᠪᠣᠯᠭᠠᠬᠤ ᠶᠢ ᠪᠠᠷᠢᠮᠲᠠᠯᠠᠨ᠎ᠠ ᠃    ︵ 4 ︶ ᠥᠨᠳᠥᠷ ᠪᠦᠲᠦᠮᠵᠢᠲᠡᠶ ᠪᠥᠭᠡᠳ ᠡᠮᠬᠢ ᠵᠢᠷᠤᠮ ᠲᠠᠢ ᠂ ᠶᠡᠷᠦᠩᠬᠡᠶᠢᠯᠡᠨ ᠠᠷᠭᠠᠴᠠᠬᠤ ᠶᠢ ᠪᠠᠷᠢᠮᠲᠠᠯᠠᠨ᠎ᠠ ᠃    ︵ 5 ︶ ᠬᠠᠤᠯᠢ ᠶᠣᠰᠣᠭᠠᠷ ᠵᠢᠷᠤᠮᠵᠢᠭᠤᠯᠬᠤ ᠂ ᠰᠢᠨᠵᠢᠯᠡᠬᠦ ᠤᠬᠠᠭᠠᠨ ᠮᠡᠷᠭᠡᠵᠢᠯ ᠢᠶᠠᠷ ᠲᠤᠯᠭᠠᠭᠤᠷᠢᠯᠠᠬᠤ ᠶᠢ ᠪᠠᠷᠢᠮᠲᠠᠯᠠᠨ᠎ᠠ ᠃    ︵ 6 ︶ ᠣᠷᠣᠨ ᠪᠦᠰᠡ ᠶᠢᠨ ᠬᠠᠮᠵᠢᠯᠴᠠᠭ᠎ᠠ ᠂ ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ ᠡᠵᠡᠮᠳᠡᠬᠦ ᠶᠢ ᠪᠠᠷᠢᠮᠲᠠᠯᠠᠨ᠎ᠠ ᠃    ᠳᠥᠷᠪᠡ᠂ ᠠᠵᠢᠯ ᠤᠨ ᠠᠭᠤᠯᠭ᠎ᠠ    ︵ 1 ︶ ᠪᠠᠴᠢᠮ ᠪᠠᠶᠢᠳᠠᠯ ᠢ ᠠᠷᠭᠠᠴᠠᠬᠤ ᠲᠥᠰᠥᠯ ᠵᠢᠴᠢ ᠵᠣᠬᠢᠶᠠᠨ ᠪᠠᠶᠢᠭᠤᠯᠤᠯᠲᠠ ᠶᠢᠨ ᠰᠢᠰᠲ᠋ᠧᠮᠵᠢ    ᠮᠠᠨ ᠤ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠤᠨ ᠰᠢᠰᠲ᠋ᠧᠮᠵᠢ ᠳᠤ ᠭᠤᠣᠯᠳᠠᠭᠤ ᠲᠣᠭᠤᠷᠢᠭ ᠤᠨ ᠵᠠᠰᠠᠭ ᠤᠨ ᠣᠷᠳᠣᠨ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠨᠢᠭᠡᠴᠢ ᠶᠢᠨ ᠲᠣᠭᠲᠠᠭᠠᠭᠰᠠᠨ ᠡᠯ᠎ᠡ ᠲᠥᠷᠥᠯ ᠤᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠵᠢᠴᠢ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠳᠤ ᠲᠤᠯᠭᠠᠭᠤᠷᠢᠯᠠᠯ ᠬᠠᠩᠭᠠᠭᠰᠠᠨ ᠠᠵᠢᠯ ᠤᠨ ᠭᠠᠷ ᠳᠡᠪᠲᠡᠷ ᠪᠠ ᠠᠵᠢᠯᠯᠠᠭᠠᠨ ᠤ ᠲᠥᠰᠥᠯ ᠵᠡᠷᠭᠡ ᠶᠢ ᠪᠠᠭᠲᠠᠭᠠᠨ᠎ᠠ᠃    ᠡᠩ ᠤᠨ ᠭᠡᠨᠡᠳᠲᠡ ᠶᠢᠨ ᠬᠡᠷᠡᠭ ᠡᠭᠦᠰᠪᠡᠯ᠂ ᠲᠣᠭᠤᠷᠢᠭ ᠤᠨ ᠨᠠᠮ ᠤᠨ  ᠬᠤᠷᠢᠶᠠᠨ ᠤ ᠤᠳᠤᠷᠢᠳᠤᠯᠭ᠎ᠠ ᠳᠣᠣᠷ᠎ᠠ ᠂ ᠶᠤᠸᠠᠨ ᠪᠦᠦ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠠᠴᠠ ᠬᠠᠷᠢᠭᠤᠴᠠᠵᠤ᠂ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠶᠡᠷᠦᠩᠬᠡᠢ ᠵᠢᠯᠤᠭᠤᠳᠬᠤ ᠭᠠᠵᠠᠷ ᠪᠠᠶᠢᠭᠤᠯᠵᠤ᠂ ᠪᠥᠬᠦ ᠲᠣᠭᠤᠷᠢᠭ ᠤᠨ ᠪᠠᠶᠢᠭᠠᠯᠢ ᠶᠢᠨ ᠭᠠᠮᠰᠢᠭ᠂ ᠠᠳᠡᠯ ᠤᠨ ᠭᠠᠢ ᠭᠠᠮᠰᠢᠭ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠡᠷᠡᠭ ᠪᠠ ᠨᠡᠶᠢᠭᠡᠮ ᠤᠨ ᠠᠮᠤᠷ ᠲᠦᠪᠰᠢᠨ ᠤ ᠬᠡᠷᠡᠭ ᠵᠡᠷᠭᠡ ᠭᠡᠨᠡᠳᠲᠡ ᠶᠢᠨ ᠬᠡᠷᠡᠭ ᠢ ᠰᠡᠷᠭᠡᠶᠢᠯᠡᠨ ᠠᠷᠭᠠᠴᠠᠬᠤ ᠠᠵᠢᠯ ᠢ ᠨᠢᠭᠡᠳᠦᠯᠲᠡᠢ ᠤᠳᠤᠷᠢᠳᠤᠨ ᠵᠣᠬᠢᠶᠠᠨ ᠪᠠᠶᠢᠭᠤᠯᠵᠤ ᠵᠢᠯᠣᠭᠤᠳᠤᠨ᠎ᠠ᠃ ᠵᠢᠯᠤᠭᠤᠳᠬᠤ ᠪᠠᠶᠢᠭᠤᠯᠤᠮᠵᠢ ᠶᠢ ᠶᠡᠷᠦᠩᠬᠡᠢ ᠵᠢᠯᠤᠭᠤᠳᠬᠤ ᠪᠠᠶᠢᠭᠤᠯᠤᠮᠵᠢ ᠂ ᠲᠤᠰᠬᠠᠢ ᠲᠦᠷᠦᠯ ᠤᠨ ᠪᠠᠴᠢᠮ ᠪᠠᠶᠢᠳᠠᠯ ᠢ ᠠᠷᠭᠠᠴᠠᠬᠤ ᠵᠢᠯᠤᠭᠤᠳᠬᠤ ᠪᠠᠶᠢᠭᠤᠯᠤᠮᠵᠢ ᠂ ᠲᠤᠬᠠᠢ ᠶᠢᠨ ᠲᠠᠯᠠᠪᠤᠷ ᠤᠨ ᠵᠢᠯᠤᠭᠤᠳᠬᠤ ᠪᠠᠶᠢᠭᠤᠯᠤᠮᠵᠢ ᠂ ᠪᠠᠴᠢᠮ ᠪᠠᠶᠢᠳᠠᠯ ᠢ ᠠᠷᠭᠠᠴᠠᠬᠤ ᠬᠤᠯᠪᠤᠭᠠᠯᠠᠨ ᠬᠥᠳᠡᠯᠦᠯᠴᠡᠬᠦ ᠪᠠᠶᠢᠭᠤᠯᠤᠮᠵᠢ ᠂ ᠰᠢᠶᠠᠩ ᠪᠠᠯᠭᠠᠰᠤᠨ ᠤ ᠱᠠᠲᠤᠨ ᠤ ᠪᠠᠴᠢᠮ ᠪᠠᠶᠢᠳᠠᠯ ᠢ ᠠᠷᠭᠠᠴᠠᠬᠤ ᠵᠢᠯᠤᠭᠤᠳᠬᠤ ᠪᠠᠶᠢᠭᠤᠯᠤᠮᠵᠢ ᠵᠡᠷᠭᠡ ᠪᠠᠷ ᠬᠤᠪᠢᠶᠠᠨ᠎ᠠ ᠃    ︵ 2 ︶ ᠠᠵᠢᠯᠯᠠᠭᠠᠨ ᠤ ᠲᠣᠭᠲᠠᠴᠠ    ᠭᠡᠨᠡᠳᠲᠡ ᠶᠢᠨ ᠬᠡᠷᠡᠭ ᠡᠭᠦᠰᠦᠭᠰᠡᠨ ᠴᠠᠭ ᠤᠨ ᠱᠤᠭᠤᠮ ᠢ ᠦᠨᠳᠦᠰᠦᠯᠡᠵᠦ᠂ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ᠂ ᠬᠢᠨᠠᠨ ᠬᠡᠮᠵᠢᠬᠦ ᠪᠠ ᠤᠷᠢᠳᠴᠢᠯᠠᠨ ᠰᠡᠷᠡᠮᠵᠢᠯᠡᠭᠦᠯᠬᠦ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠪᠠ ᠠᠪᠤᠷᠠᠨ ᠲᠤᠰᠠᠯᠠᠬᠤ᠂ ᠰᠡᠷᠭᠦᠭᠡᠬᠦ ᠪᠠ ᠳᠠᠬᠢᠨ ᠪᠦᠲᠦᠭᠡᠨ ᠪᠠᠶᠢᠭᠤᠯᠬᠤ ᠵᠡᠷᠭᠡ ᠭᠤᠷᠪᠠᠨ ᠲᠠᠯ᠎ᠠ ᠶᠢᠨ ᠠᠭᠤᠯᠭ᠎ᠠ ᠶᠢᠨ ᠲᠣᠭᠤᠷᠢᠨ ᠳᠤ᠂ ᠠᠵᠢᠯ ᠤᠨ ᠡᠭᠦᠷᠭᠡ ᠬᠠᠷᠢᠭᠤᠴᠠᠯᠭ᠎ᠠ ᠵᠢᠴᠢ ᠪᠠᠶᠢᠭᠤᠯᠬᠤ ᠴᠢᠬᠤᠯᠠᠲᠠᠢ ᠠᠵᠢᠯ ᠤᠨ ᠲᠣᠭᠲᠠᠴᠠ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠪᠠ ᠠᠪᠤᠷᠠᠨ ᠲᠤᠰᠠᠯᠠᠬᠤ ᠳᠤᠮᠳᠠᠬᠢ ᠮᠡᠳᠡᠭᠡ ᠵᠠᠩᠭᠢ ᠶᠢ ᠮᠡᠳᠡᠭᠦᠯᠬᠦ᠂ ᠤᠷᠢᠳᠠᠪᠠᠷ ᠰᠢᠢᠳᠪᠦᠷᠢᠯᠡᠬᠦ᠂ ᠵᠢᠯᠣᠭᠤᠳᠤᠨ ᠵᠣᠬᠢᠴᠠᠭᠤᠯᠬᠤ᠂ ᠮᠡᠳᠡᠭᠡ ᠵᠠᠩᠭᠢ ᠨᠡᠶᠢᠲᠡᠯᠡᠬᠦ ᠪᠠ ᠶᠠᠷᠢᠶ᠎ᠠ ᠬᠡᠯᠡᠯᠴᠡᠭᠡ ᠪᠠᠷ ᠬᠥᠲᠥᠯᠥᠨ ᠵᠢᠯᠤᠭᠤᠳᠬᠤ ᠵᠡᠷᠭᠡ ᠲᠠᠰ ᠳᠠᠷᠠᠭᠠᠯᠠᠯ ᠵᠢᠴᠢ ᠰᠡᠭᠦᠯᠴᠢ ᠶᠢᠨ ᠶᠠᠪᠤᠳᠠᠯ ᠢ ᠰᠢᠢᠳᠪᠦᠷᠢᠯᠡᠬᠦ ᠂ ᠪᠠᠶᠢᠴᠠᠭᠠᠬᠤ ᠪᠠ ᠦᠨᠡᠯᠡᠨ ᠵᠢᠱᠢᠬᠦ᠂ ᠰᠡᠷᠭᠦᠭᠡᠨ ᠳᠠᠬᠢᠨ ᠪᠦᠲᠦᠭᠡᠨ ᠪᠠᠶᠢᠭᠤᠯᠬᠤ ᠵᠡᠷᠭᠡ ᠠᠵᠢᠯ ᠤᠨ ᠱᠠᠭᠠᠷᠳᠠᠯᠭ᠎ᠠ ᠶᠢ ᠲᠣᠳᠣᠷᠬᠠᠶᠢᠯᠠᠨ᠎ᠠ᠃ᠪᠠᠴᠢᠮ ᠪᠠᠶᠢᠳᠠᠯ ᠢ ᠠᠷᠭᠠᠴᠠᠬᠤ ᠪᠠᠲᠤᠯᠠᠭ᠎ᠠ ᠶᠢ ᠰᠠᠶᠢᠲᠤᠷ ᠬᠢᠵᠦ᠂ ᠬᠥᠮᠥᠨ ᠤ ᠬᠦᠴᠦᠨ ᠤ ᠡᠬᠢ ᠪᠠᠶᠠᠯᠢᠭ᠂ ᠡᠳ᠋ ᠤᠨ ᠬᠦᠴᠦᠨ ᠤ ᠳᠡᠮᠵᠢᠯᠭᠡ᠂ ᠡᠳ᠋ ᠪᠣᠳᠠᠰ ᠲᠣᠨᠤᠭ ᠲᠥᠬᠦᠭᠡᠷᠦᠮᠵᠢ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠪᠠᠲᠤᠯᠠᠭ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠲᠤᠯᠭᠠᠭᠤᠷᠢᠯᠠᠯ ᠵᠡᠷᠭᠡ ᠲᠠᠪᠤᠨ ᠲᠠᠯ᠎ᠠ ᠶᠢᠨ ᠪᠠᠴᠢᠮ ᠪᠠᠶᠢᠳᠠᠯ ᠢ ᠠᠷᠭᠠᠴᠠᠬᠤ ᠪᠠᠲᠤᠯᠠᠭ᠎ᠠ ᠶᠢᠨ ᠠᠵᠢᠯ ᠢ ᠲᠣᠳᠣᠷᠬᠠᠶᠢᠯᠠᠨ᠎ᠠ᠃    ︵ 3 ︶ ᠪᠡᠯᠡᠳᠬᠡᠯ ᠲᠥᠰᠥᠯ ᠤᠨ ᠬᠠᠮᠢᠶᠠᠷᠤᠯᠲᠠ    ᠪᠡᠯᠡᠳᠬᠡᠯ ᠲᠥᠰᠥᠯ ᠢ ᠨᠠᠶᠢᠷᠠᠭᠤᠯᠤᠨ ᠵᠣᠬᠢᠶᠠᠬᠤ᠂ ᠪᠡᠯᠡᠳᠬᠡᠯ ᠲᠥᠰᠥᠯ ᠢ ᠬᠢᠨᠠᠨ ᠵᠥᠪᠰᠢᠶᠡᠷᠡᠬᠦ ᠪᠠ ᠵᠣᠯᠭᠠᠭᠤᠯᠬᠤ᠂ ᠪᠡᠯᠡᠳᠬᠡᠯ ᠲᠥᠰᠥᠯ ᠤᠨ ᠰᠣᠷᠢᠯᠲᠠ ᠬᠢᠬᠦ᠂ ᠪᠡᠯᠡᠳᠬᠡᠯ ᠲᠥᠰᠥᠯ ᠢ ᠦᠨᠡᠯᠡᠨ ᠵᠢᠱᠢᠬᠦ ᠪᠠ ᠵᠠᠰᠠᠪᠤᠷᠢ ᠣᠷᠣᠭᠤᠯᠬᠤ᠂ ᠤᠬᠠᠭᠤᠯᠬᠤ ᠪᠠ ᠪᠣᠯᠪᠠᠰᠤᠷᠠᠭᠤᠯᠬᠤ᠂ ᠬᠠᠷᠢᠭᠤᠴᠠᠯᠭ᠎ᠠ ᠪᠠ ᠱᠠᠩᠨᠠᠵᠤ ᠲᠣᠷᠭᠠᠬᠤ ᠳᠤ ᠲᠣᠳᠣᠷᠬᠠᠢ ᠱᠠᠭᠠᠷᠳᠠᠯᠭ᠎ᠠ ᠳᠤᠷᠠᠳᠴᠤ᠂ ᠪᠡᠯᠡᠳᠬᠡᠯ ᠲᠥᠰᠥᠯ ᠤᠨ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠨ ᠵᠢᠷᠤᠮᠵᠢᠭᠤᠯᠬᠤ ᠬᠡᠷᠡᠭᠲᠡᠢ᠃ ᠡᠯ᠎ᠡ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠲᠤᠰᠬᠠᠢ ᠲᠥᠰᠥᠯ ᠤᠨ ᠲᠦᠷᠦᠭᠦᠯᠡᠬᠦ ᠰᠠᠯᠠᠭ᠎ᠠ ᠮᠥᠴᠢᠷ ᠪᠣᠯᠣᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠠᠵᠢᠯ ᠤᠨ ᠴᠤᠪᠤᠷᠠᠯ ᠢ ᠲᠣᠳᠣᠷᠬᠠᠶᠢᠯᠠᠬᠤ ᠬᠡᠷᠡᠭᠲᠡᠢ᠃    ᠲᠠᠪᠤ᠂ ᠠᠵᠢᠯ ᠤᠨ ᠦᠷ᠎ᠡ ᠪᠦᠲᠦᠮᠵᠢ    ᠲᠣᠰ ︽ᠪᠡᠯᠡᠳᠬᠡᠯ ᠲᠥᠰᠥᠯ︾᠎ ᠢ ᠲᠣᠭᠲᠠᠭᠠᠬᠤ ᠪᠠᠷ ᠳᠠᠮᠵᠢᠭᠤᠯᠤᠨ᠂ ᠡᠯ᠎ᠡ ᠲᠥᠷᠥᠯ ᠤᠨ ᠭᠡᠨᠡᠳᠲᠡ ᠶᠢᠨ ᠬᠡᠷᠡᠭ ᠢ ᠪᠦᠲᠦᠮᠵᠢᠲᠡᠶ ᠠᠷᠭᠠᠴᠠᠬᠤ ᠴᠢᠳᠠᠪᠤᠷᠢ ᠪᠠᠨ ᠳᠡᠭᠡᠭᠰᠢᠯᠡᠭᠦᠯᠵᠦ ᠂ ᠲᠦᠭᠰᠢᠭᠦᠷᠢ ᠶᠢ ᠰᠡᠷᠭᠡᠶᠢᠯᠡᠬᠦ ᠦᠵᠡᠯ ᠤᠬᠠᠮᠰᠠᠷ ᠢᠶᠠᠨ ᠴᠢᠩᠭᠠᠷᠠᠭᠤᠯᠤᠨ ᠂ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠰᠢᠰᠲ᠋ᠧᠮᠵᠢ ᠶᠢ ᠲᠡᠭᠦᠯᠳᠡᠷᠵᠢᠭᠦᠯᠵᠦ᠂ ᠪᠠᠴᠢᠮ ᠪᠠᠶᠢᠳᠠᠯ ᠢ ᠠᠷᠭᠠᠴᠠᠬᠤ ᠠᠵᠢᠯ ᠤᠨ ᠬᠤᠷᠢᠭ᠎ᠠ ᠱᠤᠭᠤᠮ ᠢ ᠪᠠᠲᠤᠯᠠᠨ᠎ᠠ᠃                       2023 ᠣᠨ ᠤ 4 ᠰᠠᠷ᠎ᠠ ᠶᠢᠨ 24                  ᠲᠠᠶᠢᠯᠤᠮᠵᠢ ᠬᠢᠭᠰᠡᠨ ᠨᠢᠭᠡᠴᠢ ᠄ ᠶᠤᠸᠠᠨ ᠪᠦᠦ ᠱᠠᠨ ᠲᠣᠭᠤᠷᠢᠭ ᠤᠨ                  ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ 
 
ᠢᠷᠡᠯᠲᠡ᠄ ᠶᠤᠸᠠᠨ ᠪᠣᠥ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠰᠥᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1