| | | 5 ᠰᠠᠷ᠎ᠠ ᠶᠢᠨ 23 ᠤ ᠡᠳᠦᠷ ᠂ ᠹᠧᠩ ᠱᠦᠢ ᠭᠧᠦ ᠪᠠᠯᠭᠠᠰᠤᠨ ᠤ ᠰᠢᠩ ᠯᠦᠩ ᠫᠦᠸᠧ ᠲᠣᠰᠬᠤᠨ ᠤ ᠭᠠᠵᠠᠷ | ᠰᠢᠷᠣᠢ ᠶᠢᠨ ᠬᠤᠪᠢ ᠣᠷᠣᠭᠤᠯᠤᠭᠰᠠᠨ ᠬᠤᠷᠰᠢᠶ᠎ᠠ ︽ ᠭᠤᠷᠪᠠ ᠶᠢ ᠬᠤᠪᠢᠷᠠᠭᠤᠯᠬᠤ ︾ ᠥᠭᠡᠷᠡᠴᠢᠯᠡᠯᠲᠡ ᠶᠢᠨ ᠭᠠᠵᠠᠷ | ᠰᠢᠷᠣᠢ ᠶᠢᠨ ᠬᠤᠪᠢ ᠣᠷᠣᠭᠤᠯᠤᠭᠰᠠᠨ ᠬᠤᠷᠰᠢᠶᠠᠨ ᠤ ᠬᠤᠶᠠᠳᠠᠭᠢ ᠤᠳᠠᠭᠠᠨ ᠤ ᠠᠰᠢᠭ ᠬᠤᠪᠢᠶᠠᠷᠢᠯᠠᠯᠲᠠ ᠬᠢᠵᠦ ᠂ | 1719 ᠬᠤᠪᠢ ᠣᠷᠣᠭᠤᠯᠤᠭᠰᠠᠨ ᠲᠣᠰᠬᠤᠨ ᠤ ᠠᠷᠠᠳ ᠲᠤ ᠨᠡᠶᠢᠳᠡ 264878.5 ᠲᠥᠭᠦᠷᠢᠭ ᠤᠨ ᠠᠰᠢᠭ | ᠬᠤᠪᠢᠶᠠᠷᠢᠯᠠᠪᠠ ᠃ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠯᠢ ᠽᠥᠩ ᠮᠧᠩ᠂ ᠲᠣᠭᠤᠷᠢᠭ ᠤᠨ | ᠲᠠᠷᠢᠶᠠᠯᠠᠩ ᠮᠠᠯ ᠠᠵᠤ ᠠᠬᠤᠢ ᠶᠢᠨ ᠲᠣᠪᠴᠢᠶᠠᠨ ᠤ ᠬᠠᠷᠢᠭᠤᠴᠠᠯᠭᠠᠲᠠᠨ ᠂ ᠲᠣᠭᠤᠷᠢᠭ ᠤᠨ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠲᠣᠪᠴᠢᠶᠠᠨ ᠤ ᠬᠠᠷᠢᠭᠤᠴᠠᠯᠭᠠᠲᠠᠨ ᠂ ᠹᠧᠩ ᠱᠦᠢ ᠭᠧᠦ ᠪᠠᠯᠭᠠᠰᠤᠨ ᠤ ᠨᠠᠮ ᠤᠨ | ᠬᠤᠷᠢᠶᠠᠨ ᠤ ᠬᠠᠷᠢᠭᠤᠴᠠᠯᠭᠠᠲᠠᠨ ᠵᠢᠴᠢ ᠲᠣᠰᠬᠤᠨ ᠤ ᠠᠷᠠᠳ ᠤᠨ ᠲᠥᠯᠥᠭᠡᠯᠡᠭᠴᠢ ᠲᠤᠰ ᠤᠳᠠᠭᠠᠨ ᠤ ᠠᠰᠢᠭ | ᠬᠤᠪᠢᠶᠠᠬᠤ ᠶᠡᠭᠡ ᠬᠤᠷᠠᠯ ᠳᠤ ᠣᠷᠣᠯᠴᠠᠪᠠ ᠃ | | | | ᠬᠤᠷᠠᠯ ᠳᠡᠭᠡᠷ᠎ᠡ᠂ ᠰᠢᠩ ᠯᠦᠩ ᠫᠦᠸᠧ ᠲᠣᠰᠬᠤᠨ ᠤ ᠨᠠᠮ ᠤᠨ ᠶᠡᠷᠦᠩᠬᠡᠢ ᠡᠭᠦᠷ ᠤᠨ ᠱᠦᠵᠢ ᠶᠢᠨ ︽ | ᠭᠤᠷᠪᠠᠨ ᠬᠤᠪᠢᠷᠠᠯᠲᠠ︾ ᠶᠢᠨ ᠥᠭᠡᠷᠡᠴᠢᠯᠡᠯᠲᠡ ᠶᠢᠨ ᠠᠵᠢᠯ ᠤᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ | ᠰᠣᠨᠣᠰᠤᠭᠰᠠᠨ ᠤ ᠳᠠᠷᠠᠭ᠎ᠠ᠂ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠯᠢ ᠽᠥᠩ ᠮᠧᠩ ᠶᠠᠷᠢᠶ᠎ᠠ | ᠲᠠᠯᠪᠢᠬᠤ ᠳᠤ ᠪᠠᠨ᠂ ᠰᠢᠩ ᠯᠦᠩ ᠫᠦᠸᠧ ᠲᠣᠰᠬᠤᠨ ᠤ ᠣᠯᠣᠭᠰᠠᠨ ᠠᠮᠵᠢᠯᠲᠠ ᠶᠢ ᠮᠡᠳᠡᠷᠡᠵᠦ ᠪᠠᠶᠢᠬᠤ ᠪᠠᠨ | ᠢᠯᠡᠳᠬᠡᠬᠦ ᠶᠢᠨ ᠬᠠᠮᠲᠤ ᠰᠢᠩ ᠯᠦᠩ ᠫᠦᠸᠧ ᠲᠣᠰᠬᠤᠨ ᠤ ᠬᠢᠨ ᠲᠤᠰ ᠤᠳᠠᠭᠠᠨ ᠤ ᠲᠡᠦᠬᠡᠲᠦ ᠴᠢᠨᠠᠷᠲᠠᠢ ᠠᠵᠠ | ᠲᠣᠬᠢᠶᠠᠯ ᠢ ᠠᠮᠵᠢᠵᠤ ᠂ ᠢᠯᠠᠯᠲᠠ ᠶᠢᠨ ᠡᠷᠴᠢᠨ ᠳᠡᠭᠡᠷ᠎ᠡ ᠪᠠᠨ ᠤᠷᠤᠭᠰᠢᠯᠠᠵᠤ ᠂ ᠪᠦᠬᠦ ᠪᠠᠯᠭᠠᠰᠤᠨ ᠤ ︽ ᠭᠤᠷᠪᠠ ᠶᠢ | ᠬᠤᠪᠢᠷᠠᠭᠤᠯᠬᠤ ︾ ᠥᠭᠡᠷᠡᠴᠢᠯᠡᠯᠲᠡ ᠶᠢᠨ ᠠᠵᠢᠯ ᠳᠤ ᠰᠢᠨ᠎ᠡ ᠬᠡᠪ ᠵᠠᠭᠪᠤᠷ ᠢ ᠰᠦᠪᠡᠭᠴᠢᠯᠡᠵᠦ ᠂ ᠰᠢᠨ᠎ᠡ | ᠲᠤᠷᠰᠢᠯᠭ᠎ᠠ ᠶᠢ ᠰᠦᠪᠡᠭᠴᠢᠯᠡᠵᠦ ᠂ ᠰᠢᠨ᠎ᠡ ᠵᠠᠮ ᠢ ᠰᠦᠪᠡᠭᠴᠢᠯᠡᠵᠦ ᠂ ᠡᠬᠢ ᠪᠠᠶᠠᠯᠢᠭ ᠡᠳ᠋ ᠬᠥᠷᠥᠩᠭᠡ ᠶᠢᠨ | ᠦᠷᠳᠡᠭ ᠢ ᠪᠡᠯᠡᠨ ᠵᠣᠭᠤᠰ ᠪᠣᠯᠭᠠᠨ ᠤᠯᠠᠨ ᠲᠦᠮᠡᠨ ᠤ ᠣᠷᠣᠯᠭ᠎ᠠ ᠶᠢᠨ ᠦᠨᠡᠨ ᠪᠣᠳᠠᠲᠠᠢ ᠨᠡᠮᠡᠭᠳᠡᠯ ᠪᠣᠯᠭᠠᠨ | ᠬᠤᠪᠢᠷᠠᠭᠤᠯᠬᠤ ᠶᠢ ᠬᠦᠰᠡᠪᠡ ᠃ | | | | ᠠᠰᠢᠭ ᠬᠤᠪᠢᠶᠠᠷᠢᠯᠠᠯᠲᠠ ᠶᠢ ᠣᠯᠣᠭᠰᠠᠨ ᠲᠣᠰᠬᠤᠨ ᠤ ᠠᠷᠠᠳ ᠵᠠᠩ ᠰᠢᠤᠸᠠᠢ ᠦ᠋ ᠄ ︽ ᠪᠢ ᠡᠨᠡ ᠵᠢᠯ 1.2 | ᠮᠣ᠋ ᠶᠢᠨ ᠭᠠᠵᠠᠷ ᠰᠢᠷᠣᠢ ᠪᠠᠨ ᠲᠣᠰᠬᠤᠨ ᠤ ᠬᠠᠮᠲᠤ ᠶᠢᠨ ᠬᠤᠪᠢ ᠣᠷᠣᠭᠤᠯᠤᠭᠰᠠᠨ ᠬᠤᠷᠰᠢᠶ᠎ᠠ ᠳᠤ ᠬᠤᠪᠢ | ᠣᠷᠤᠭᠤᠯᠤᠭᠠᠳ 1200 ᠲᠥᠭᠦᠷᠢᠭ ᠬᠤᠪᠢᠶᠠᠵᠤ ᠣᠯᠣᠭᠰᠠᠨ ᠨᠢ ᠮᠢᠨᠤ ᠵᠢᠯ ᠪᠦᠷᠢ ᠶᠢᠨ ᠥᠪᠡᠷ ᠢᠶᠠᠨ ᠳᠠᠷᠢᠭᠰᠠᠨ | ᠲᠠᠢ ᠠᠳᠠᠯᠢᠳᠬᠠᠪᠠᠯ ᠣᠷᠤᠯᠭ᠎ᠠ ᠶᠢ ᠬᠤᠯᠠ ᠶᠡᠭᠡ ᠪᠠᠷ ᠨᠡᠮᠡᠭᠳᠡᠭᠦᠯᠵᠡᠢ᠃ ᠪᠠᠰᠠ ᠨᠢᠭᠡ ᠨᠢ ᠪᠢ ᠲᠣᠰᠬᠤᠨ ᠤ ᠪᠠᠨ | ᠲᠠᠷᠪᠤᠰ ᠤᠨ ᠬᠦᠷᠢᠶᠡᠯᠡᠩ ᠳᠤ ᠬᠥᠯᠥᠰᠦᠨ ᠠᠵᠢᠯ ᠬᠢᠬᠦ ᠢᠯᠡᠭᠦᠴᠡ ᠴᠠᠭ ᠲᠠᠢ ᠪᠣᠯᠤᠭᠰᠠᠨ ᠪᠥᠭᠡᠳ ᠬᠡᠳᠦᠨ ᠮᠢᠩᠭᠠᠨ | ᠲᠥᠭᠦᠷᠢᠭ ᠤᠨ ᠵᠣᠭᠤᠰ ᠣᠯᠵᠤ ᠲᠠᠶᠢᠯᠤᠨ᠎ᠠ ᠃ ᠡᠨᠡ ᠬᠦ ︿ ᠭᠤᠷᠪᠠ ᠶᠢ ᠬᠤᠪᠢᠷᠠᠭᠤᠯᠬᠤ ﹀ ᠥᠭᠡᠷᠡᠴᠢᠯᠡᠯᠲᠡ ᠨᠢ | ᠪᠢᠳᠡᠨ ᠤ ᠠᠵᠤ ᠠᠬᠤᠢ ᠶᠢᠨ ᠣᠷᠣᠯᠭ᠎ᠠ ᠶᠢ ᠮᠠᠰᠢ ᠶᠡᠭᠡ ᠨᠡᠮᠡᠭᠳᠡᠭᠦᠯᠵᠡᠢ ︾ ᠭᠡᠵᠦ ᠪᠠᠶᠠᠷ ᠬᠥᠷ ᠲᠠᠢ ᠶᠠᠷᠢᠨ᠎ᠠ᠃ | |