ᠮᠤᠵᠢ ᠣᠷᠣᠨ ᠠᠯᠤᠰᠯᠠᠭᠰᠠᠨ᠂ ᠠᠶᠢᠮᠠᠭ ᠬᠤᠲᠠ ᠠᠯᠤᠰᠯᠠᠭᠰᠠᠨ᠂ ᠬᠤᠰᠢᠭᠤ ᠰᠢᠶᠠᠨ ᠲᠣᠭᠤᠷᠢᠭ ᠠᠯᠤᠰᠯᠠᠭᠰᠠᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ︽ᠬᠤᠯᠪᠤᠭᠠᠯᠠᠨ ᠴᠣᠭᠴᠠᠯᠠᠵᠤ ᠬᠠᠮᠲᠤᠪᠠᠷ ᠪᠠᠶᠢᠭᠤᠯᠬᠤ ᠬᠠᠮᠲᠤᠷᠠᠯᠴᠠᠭᠠᠨ ᠤ ᠵᠥᠪᠯᠡᠯᠴᠡᠭᠡᠷ︾᠎ ᠲᠤ ᠭᠠᠷ ᠤᠨ ᠥᠰᠥᠭ ᠵᠢᠷᠤᠬᠤ ᠶᠣᠰᠣᠯᠠᠯ ᠶᠤᠸᠠᠨ ᠪᠦᠦ ᠱᠠᠨ ᠲᠣᠭᠤᠷᠢᠭ ᠲᠤ ᠶᠠᠪᠤᠭᠳᠠᠪᠠ
ᠨᠡᠶᠢᠲᠡᠯᠡᠭᠰᠡᠨ ᠴᠠᠭ᠄
2023/5/28
   
1_副本.jpg
       5 ᠰᠠᠷ᠎ᠠ ᠶᠢᠨ 25᠎ ᠤ ᠡᠳᠦᠷ᠂ ᠮᠠᠨ ᠤ ᠲᠣᠭᠤᠷᠢᠭ ᠴᠣᠣᠶᠠᠩ ᠬᠤᠲᠠ ᠶᠢᠨ ᠵᠢᠶᠠᠨ ᠫᠢᠩ ᠰᠢᠶᠠᠨ᠂ ᠲᠦᠩᠯᠢᠶᠣᠣ ᠬᠤᠲᠠ ᠶᠢᠨ ᠬᠤᠷᠴᠢᠨ ᠲᠣᠭᠤᠷᠢᠭ᠂ ᠤᠯᠠᠭᠠᠨᠬᠠᠳᠠ ᠬᠤᠲᠠ ᠶᠢᠨ ᠠᠤᠬᠠᠨ ᠬᠤᠰᠢᠭᠤ᠂ ᠨᠢᠩᠴᠧᠩ ᠰᠢᠶᠠᠨ ᠲᠠᠢ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠤᠯᠪᠤᠭᠠᠯᠠᠨ ᠴᠣᠭᠴᠠᠯᠠᠵᠤ ᠬᠠᠮᠲᠤᠪᠠᠷ ᠪᠠᠶᠢᠭᠤᠯᠬᠤ ᠭᠠᠷ ᠤᠨ ᠥᠰᠥᠭ ᠵᠢᠷᠤᠬᠤ ᠶᠣᠰᠣᠯᠠᠯ ᠶᠠᠪᠤᠭᠤᠯᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠭᠦᠨᠵᠡᠭᠡᠶᠢᠷᠡᠭᠦᠯᠦᠨ ᠬᠤᠯᠪᠤᠭᠠᠯᠠᠨ ᠴᠣᠭᠴᠠᠯᠠᠵᠤ ᠬᠠᠮᠲᠤᠪᠠᠷ ᠪᠠᠶᠢᠭᠤᠯᠬᠤ ᠠᠷᠭ᠎ᠠ ᠬᠡᠮᠵᠢᠶ᠎ᠡ ᠶᠢ ᠬᠠᠮᠲᠤ ᠪᠠᠷ ᠵᠥᠪᠳᠡᠯᠴᠡᠪᠡ᠃ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠬᠢᠨᠠᠯᠲᠠ ᠲᠠᠯᠪᠢᠵᠤ ᠪᠠᠶᠢᠴᠠᠭᠠᠬᠤ ᠭᠠᠵᠠᠷ ᠤᠨ ᠳᠠᠷᠤᠭ᠎ᠠ ᠯᠢ ᡁᠢ ᠲᠢᠶᠠᠨ᠂ ᠥᠪᠥᠷ ᠮᠣᠩᠭᠤᠯ ᠤᠨ ᠡᠳ᠋ ᠤᠨ ᠵᠠᠰᠠᠭ ᠠᠵᠤ ᠠᠬᠤᠢ ᠶᠢᠨ ᠶᠡᠭᠡ ᠰᠤᠷᠭᠠᠭᠤᠯᠢ ᠶᠢᠨ ᠫᠷᠤᠹᠧᠰᠰᠤᠷ ᠢᠦᠢ ᠬᠦᠢ ᠮᠢᠩ ᠂ ᠤᠯᠠᠭᠠᠨᠬᠠᠳᠠ ᠬᠤᠳᠠ ᠶᠢᠨ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ᠤᠨ ᠳᠡᠳ᠋ ᠳᠠᠷᠤᠭ᠎ᠠ ᠂ ᠬᠤᠳᠠ ᠶᠢᠨ ᠥᠨᠳᠥᠰᠥᠲᠡᠨ ᠤ ᠬᠡᠷᠡᠭ ᠡᠷᠬᠢᠯᠡᠬᠦ ᠵᠥᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠂ ᠡᠷᠬᠢᠯᠡᠭᠴᠢ ᠰᠡᠴᠡᠨ᠂ ᠳᠡᠳ᠋ ᠡᠷᠬᠢᠯᠡᠭᠴᠢ ᠲᠡᠮᠥᠷᠪᠠᠭᠠᠨ᠎ᠠ᠂ ᠲᠣᠭᠤᠷᠢᠭ ᠤᠨ ᠤᠳᠤᠷᠢᠳᠤᠯᠭ᠎ᠠ ᠼᠤᠤ ᡁᠢ ᠶᠦᠩ ᠂ ᠵᠠᠩ ᡁᠢ ᠸᠧᠢ ᠂ ᠯᠢ ᠺᠠᠢ ᠂ ᠸᠠᠩ ᠵᠧᠨ ᠯᠢᠶᠠᠩ ᠂ ᠵᠠᠩ ᠯᠢ ᠲᠤᠤ ᠂ ᠯᠢᠦ ᠱᠤᠸᠠᠩ ᠂ ᠶᠢᠨ ᠮᠢᠩ ᠵᠢᠴᠢ ᠵᠢᠶᠠᠨ ᠫᠢᠩ ᠰᠢᠶᠠᠨ ᠂ ᠬᠤᠷᠴᠢᠨ ᠲᠣᠭᠤᠷᠢᠭ ᠂ ᠨᠢᠩᠴᠧᠩ ᠰᠢᠶᠠᠨ ᠂ ᠠᠤᠬᠠᠨ ᠬᠤᠰᠢᠭᠤᠨ ᠤ ᠬᠠᠮᠢᠶ᠎ᠠ ᠪᠦᠬᠦᠢ ᠤᠳᠤᠷᠢᠳᠤᠯᠭ᠎ᠠ ᠭᠠᠷ ᠤᠨ ᠦᠰᠦᠭ ᠵᠢᠷᠤᠬᠤ ᠶᠣᠰᠣᠯᠠᠯ ᠳᠤ ᠣᠷᠣᠯᠴᠠᠪᠠ ᠃    ᠰᠡᠴᠡᠨ ᠶᠣᠰᠣᠯᠠᠯ ᠳᠡᠭᠡᠷ᠎ᠡ ᠶᠠᠷᠢᠶ᠎ᠠ ᠲᠠᠯᠪᠢᠬᠤ ᠳᠠᠭᠠᠨ ᠵᠢᠭᠠᠵᠤ ᠭᠠᠷᠭᠠᠭᠰᠠᠨ ᠨᠢ᠂ ᠲᠤᠰ ᠤᠳᠠᠭᠠᠨ ᠤ ᠮᠤᠵᠢ ᠥᠪᠡᠷᠲᠡᠭᠡᠨ ᠵᠠᠰᠠᠬᠤ ᠣᠷᠣᠨ ᠠᠯᠤᠰᠯᠠᠭᠰᠠᠨ ᠂ ᠠᠶᠢᠮᠠᠭ ᠬᠤᠳᠠ ᠠᠯᠤᠰᠯᠠᠭᠰᠠᠨ ᠂ ᠬᠤᠰᠢᠭᠤ ᠰᠢᠶᠠᠨ ᠠᠯᠤᠰᠯᠠᠭᠰᠠᠨ ︽ ᠬᠤᠯᠪᠤᠭᠠᠯᠠᠨ ᠴᠣᠭᠴᠠᠯᠠᠵᠤ ᠬᠠᠮᠲᠤᠪᠠᠷ ᠪᠠᠶᠢᠭᠤᠯᠬᠤ ᠬᠠᠮᠲᠤᠷᠠᠯᠴᠠᠭ᠎ᠠ ︾ ᠎ ᠨᠢ ᠦᠨᠳᠦᠰᠦᠲᠡᠨ ᠨᠦᠭᠦᠳ ᠤᠨ ᠤᠯᠠᠨ ᠲᠦᠮᠡᠨ ᠤ ᠥᠷᠭᠡᠨ ᠳᠡᠯᠭᠡᠷ ᠶᠠᠪᠤᠯᠴᠠᠭ᠎ᠠ ᠂ ᠭᠦᠨᠵᠡᠭᠡᠢ ᠰᠣᠯᠢᠯᠴᠠᠭ᠎ᠠ ᠂ ᠭᠦᠨᠵᠡᠭᠡᠢ ᠠᠭᠤᠰᠤᠯᠴᠠᠯ ᠢ ᠭᠦᠨᠵᠡᠭᠡᠶᠢᠷᠡᠭᠦᠯᠵᠦ ᠂ ᠭᠠᠵᠠᠷ ᠣᠷᠣᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ ᠃ ᠵᠥᠪᠯᠡᠯᠴᠡᠭᠡᠷ ᠲᠣᠭᠲᠠᠭᠰᠠᠨ ᠡᠯ᠎ᠡ ᠲᠠᠯ᠎ᠠ ᠶᠢᠨ ᠬᠢᠨ ᠳᠣᠲᠣᠭᠠᠳᠤ ᠠᠭᠤᠯᠬᠤᠨ ᠢ ᠭᠦᠨᠵᠡᠭᠡᠶᠢᠷᠡᠭᠦᠯᠬᠦ᠂ ᠬᠡᠯᠪᠡᠷᠢ ᠶᠢ ᠪᠠᠶᠠᠯᠢᠭᠵᠢᠭᠤᠯᠬᠤ᠂ ᠠᠷᠭ᠎ᠠ ᠬᠡᠯᠪᠡᠷᠢ ᠶᠢ ᠰᠢᠨᠡᠴᠢᠯᠡᠬᠦ ᠶᠢ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠶᠢᠨ ᠬᠦᠴᠦᠯᠡᠬᠦ ᠴᠡᠭ ᠪᠣᠯᠭᠠᠵᠤ᠂ ᠬᠤᠯᠪᠤᠭᠠᠯᠠᠨ ᠴᠣᠭᠴᠠᠯᠠᠵᠤ ᠬᠠᠮᠲᠤᠪᠠᠷ ᠪᠠᠶᠢᠭᠤᠯᠬᠤ ᠭᠠᠵᠠᠷ ᠣᠷᠣᠨ ᠤ ᠨᠠᠮ ᠤᠨ ᠦᠨᠳᠦᠰᠦᠲᠡᠨ ᠤ ᠠᠵᠢᠯ ᠳᠠᠬᠢ ᠪᠦᠬᠦ ᠲᠠᠯ᠎ᠠ ᠶᠢᠨ ᠤᠳᠤᠷᠢᠳᠤᠯᠭ᠎ᠠ ᠂ ᠦᠨᠳᠦᠰᠦᠲᠡᠨ ᠤ ᠬᠡᠷᠡᠭ ᠶᠠᠪᠤᠳᠠᠯ ᠤᠨ ᠵᠠᠰᠠᠯᠲᠠ ᠶᠢᠨ ᠰᠢᠰᠲ᠋ᠧᠮ ᠪᠣᠯᠣᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ ᠲᠡᠭᠦᠯᠳᠡᠷᠵᠢᠭᠦᠯᠬᠦ ᠂ ᠦᠨᠳᠦᠰᠦᠲᠡᠨ ᠤ ᠬᠦᠷᠢᠶᠡᠨ ᠤ ᠠᠶᠤᠯ ᠲᠦᠭᠰᠢᠭᠦᠷᠢ ᠶᠢᠨ ᠭᠡᠮ ᠰᠣᠭᠤᠭ ᠢ ᠰᠡᠷᠭᠡᠶᠢᠯᠡᠨ ᠠᠷᠢᠯᠭᠠᠬᠤ ᠵᠡᠷᠭᠡ ᠲᠠᠯ᠎ᠠ ᠪᠠᠷ ᠬᠢ ᠨᠡᠶᠢᠲᠡᠯᠢᠭ ᠦᠢᠯᠡ ᠠᠵᠢᠯᠯᠠᠭ᠎ᠠ ᠂ ᠠᠵᠢᠯ ᠤᠨ ᠵᠠᠭᠪᠤᠷ ᠪᠣᠯᠣᠨ ᠣᠨᠴᠠᠯᠢᠭᠲᠤ ᠲᠦᠷᠦᠯ ᠲᠡᠮᠳᠡᠭ ᠢ ᠭᠦᠨᠵᠡᠭᠡᠢ ᠠᠭᠤᠳᠠᠯᠵᠤ ᠪᠣᠯᠪᠠᠰᠤᠷᠠᠭᠤᠯᠤᠨ᠎ᠠ ᠃ ᠬᠠᠮᠲᠤ ᠶᠢᠨ ᠲᠠᠨᠢᠯᠲᠠ ᠪᠠᠨ ᠲᠠᠰᠤᠷᠠᠯᠲᠠ ᠦᠭᠡᠢ ᠨᠢᠭᠲᠠᠷᠠᠭᠤᠯᠵᠤ᠂ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠦᠨ ᠂ ᠳᠠᠪᠠᠭᠤᠯᠢᠭ ᠢᠶᠠᠨ ᠬᠠᠷᠢᠯᠴᠠᠨ ᠨᠥᠬᠦᠪᠦᠷᠢᠯᠡᠬᠦ ᠂ ᠬᠠᠷᠢᠯᠴᠠᠨ ᠠᠰᠢᠭ ᠣᠯᠭᠤᠵᠤ ᠬᠠᠮᠲᠤᠪᠠᠷ ᠠᠰᠢᠭ ᠭᠥᠷᠳᠡᠬᠦ ᠂ ᠬᠤᠯᠪᠤᠭᠠᠯᠠᠨ ᠴᠣᠭᠴᠠᠯᠠᠵᠤ ᠬᠠᠮᠲᠤᠪᠠᠷ ᠪᠦᠲᠦᠭᠡᠨ ᠪᠠᠶᠢᠭᠤᠯᠬᠤ ᠲᠣᠮᠣ ᠲᠠᠪᠴᠠᠩ ᠢ ᠬᠠᠮᠲᠤᠪᠠᠷ ᠰᠠᠶᠢᠲᠤᠷ ᠪᠠᠶᠢᠭᠤᠯᠵᠤ᠂ ᠮᠤᠵᠢ ᠣᠷᠣᠨ ᠠᠯᠤᠰᠯᠠᠭᠰᠠᠨ᠂ ᠠᠶᠢᠮᠠᠭ ᠬᠤᠲᠠ ᠠᠯᠤᠰᠯᠠᠭᠰᠠᠨ᠂ ᠬᠤᠰᠢᠭᠤ ᠰᠢᠶᠠᠨ ᠲᠣᠭᠤᠷᠢᠭ ᠠᠯᠤᠰᠯᠠᠭᠰᠠᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠢᠯᠡᠰ ᠤᠨ ᠰᠢᠨ᠎ᠡ ᠪᠠᠶᠢᠳᠠᠯ ᠢ ᠡᠭᠦᠳᠬᠦ ᠳᠤ ᠨᠠᠩ ᠶᠡᠭᠡ ᠰᠢᠨ᠎ᠡ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠡᠢ᠃    ᠼᠤᠤ ᡁᠢ ᠶᠦᠩ ᠪᠠᠶᠠᠷ ᠤᠨ ᠦᠭᠡ ᠬᠡᠯᠡᠬᠦ ᠳᠡᠭᠡᠨ᠂ ᠡᠨᠡ ᠤᠳᠠᠭᠠᠨ ᠤ ︽ᠲᠠᠪᠤᠨ ᠭᠠᠵᠠᠷ︾᠎ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠎ ᠶᠢᠨ ᠬᠤᠯᠪᠤᠭᠠᠯᠠᠨ ᠴᠣᠭᠴᠠᠯᠠᠵᠤ ᠬᠠᠮᠲᠤᠪᠠᠷ ᠪᠠᠶᠢᠭᠤᠯᠬᠤ ᠬᠠᠮᠲᠤᠷᠠᠯᠴᠠᠭᠠᠨ ᠤ ᠵᠥᠪᠯᠡᠯᠴᠡᠭᠡᠷ ᠲᠣᠭᠲᠠᠵᠤ᠂ ᠮᠤᠵᠢ ᠣᠷᠣᠨ ᠠᠯᠤᠰᠯᠠᠭᠰᠠᠨ᠂ ᠠᠶᠢᠮᠠᠭ ᠬᠤᠲᠠ ᠠᠯᠤᠰᠯᠠᠭᠰᠠᠨ᠂ ᠬᠤᠰᠢᠭᠤ ᠰᠢᠶᠠᠨ ᠲᠣᠭᠤᠷᠢᠭ ᠠᠯᠤᠰᠯᠠᠭᠰᠠᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠢᠯᠡᠰ ᠤᠨ ᠰᠠᠶᠢᠨ ᠰᠠᠶᠢᠬᠠᠨ ᠡᠬᠢᠯᠡᠯᠲᠡ ᠶᠢ ᠪᠡᠶᠡᠯᠡᠭᠦᠯᠵᠦ᠂ ᠦᠨᠳᠦᠰᠦᠲᠡᠨ ᠤ ᠠᠵᠢᠯ ᠢ ᠤᠯᠠᠮ ᠴᠢᠨᠠᠭᠰᠢᠳᠠ ᠰᠠᠶᠢᠲᠤᠷ ᠬᠢᠬᠦ ᠳᠤ ᠢᠳᠡ ᠬᠦᠴᠦᠨ ᠨᠡᠮᠡᠷᠢᠯᠡᠵᠦ ᠂ ᠲᠤᠰ ᠤᠳᠠᠭᠠᠨ ᠤ  ᠵᠥᠪᠯᠡᠯᠴᠡᠭᠡᠷ ᠲᠣᠭᠲᠠᠬᠤ ᠪᠠᠷ ᠠᠵᠠ ᠲᠣᠬᠢᠶᠠᠯ ᠪᠣᠯᠭᠠᠵᠤ ᠂ ᠨᠡᠩ ᠤᠯᠠᠨ ᠨᠡᠩ ᠭᠦᠨᠵᠡᠭᠡᠢ ᠬᠠᠷᠢᠯᠴᠠᠨ ᠰᠤᠷᠤᠯᠴᠠᠵᠤ ᠬᠠᠮᠲᠤᠪᠠᠷ ᠠᠬᠢᠭᠤᠯᠬᠤ ᠂ ᠰᠣᠯᠢᠯᠴᠠᠭ᠎ᠠ ᠬᠢᠵᠦ ᠬᠠᠮᠲᠤᠪᠠᠷ ᠡᠭᠦᠳᠬᠦ᠂ ᠵᠣᠯᠭᠠᠯᠴᠠᠭᠤᠯᠤᠨ ᠬᠠᠮᠲᠤᠪᠠᠷ ᠪᠠᠶᠢᠭᠤᠯᠬᠤ ᠠᠵᠢᠯᠯᠠᠭ᠎ᠠ ᠶᠢ ᠥᠷᠨᠢᠭᠦᠯᠵᠦ ᠂ ᠡᠭᠦᠳᠦᠨ ᠪᠠᠶᠢᠭᠤᠯᠬᠤ ᠠᠵᠢᠯ ᠤᠨ ᠰᠢᠨ᠎ᠡ ᠦᠢᠯᠡᠳᠦᠯᠭᠡ ᠂ ᠰᠢᠨ᠎ᠡ ᠰᠢᠪᠲᠤᠯᠤᠯᠲᠠ ᠂ ᠰᠢᠨ᠎ᠡ ᠦᠷ᠎ᠡ ᠪᠦᠲᠦᠮᠵᠢ ᠪᠠᠷ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠢᠯᠡᠰ ᠤᠨ ᠰᠢᠨ᠎ᠡ ᠪᠠᠶᠢᠳᠠᠯ ᠢ ᠲᠠᠰᠤᠷᠠᠯᠲᠠ ᠦᠭᠡᠢ ᠡᠭᠦᠳᠴᠦ ᠂ ᠰᠢᠨ᠎ᠡ ᠴᠠᠭ ᠦᠶ᠎ᠡ ᠶᠢᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠢᠯᠡᠰ ᠤᠨ ᠴᠣ ᠰᠢᠨ᠎ᠡ ᠬᠠᠭᠤᠳᠠᠰᠤ ᠶᠢ ᠪᠢᠴᠢᠭᠯᠡᠬᠦ ᠶᠢ ᠬᠦᠰᠡᠵᠦ ᠪᠠᠶᠢᠨ᠎ᠠ ᠭᠡᠵᠡᠢ᠃    ᠵᠠᠩ ᡁᠢ ᠸᠧᠢ ᠭᠠᠷ ᠤᠨ ᠦᠰᠦᠭ ᠵᠢᠷᠤᠬᠤ ᠶᠣᠰᠣᠯᠠᠯ ᠢ ᠡᠷᠬᠢᠯᠡᠪᠡ ᠃    ᠶᠣᠰᠣᠯᠠᠯ ᠳᠡᠭᠡᠷ᠎ᠡ ᠂ ᠲᠣᠭᠤᠷᠢᠭ ᠤᠨ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠨᠢ ᠵᠢᠶᠠᠨ ᠫᠢᠩ ᠰᠢᠶᠠᠨ ᠤ ᠦᠨᠳᠦᠰᠦᠲᠡᠨ ᠪᠠ ᠱᠠᠰᠢᠨ ᠰᠤᠷᠲᠠᠬᠤᠨ ᠤ ᠬᠡᠷᠡᠭ ᠡᠷᠬᠢᠯᠡᠬᠦ ᠲᠣᠪᠴᠢᠶ᠎ᠠ ᠵᠢᠴᠢ ᠬᠤᠷᠴᠢᠨ ᠲᠣᠭᠤᠷᠢᠭ ᠂ ᠠᠤᠬᠠᠨ ᠬᠤᠰᠢᠭᠤ ᠂ ᠨᠢᠩᠴᠧᠩ ᠰᠢᠶᠠᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠲᠠᠢ ᠦᠨᠳᠦᠰᠦᠲᠡᠨ ᠤ ᠪᠦᠯᠬᠦᠮᠳᠡᠯ ᠳᠠᠪᠰᠢᠯᠳᠠ ᠶᠢᠨ ᠬᠤᠯᠪᠤᠭᠠᠯᠠᠨ ᠴᠣᠭᠴᠠᠯᠠᠵᠤ ᠬᠠᠮᠲᠤᠪᠠᠷ ᠪᠠᠶᠢᠭᠤᠯᠬᠤ ᠬᠠᠮᠲᠤᠷᠠᠯᠴᠠᠭᠠᠨ ᠤ ᠵᠥᠪᠯᠡᠯᠴᠡᠭᠡᠷ ᠲᠣᠭᠲᠠᠵᠠᠢ ᠃ 
 
ᠢᠷᠡᠯᠲᠡ᠄ ᠶᠤᠸᠠᠨ ᠪᠣᠥ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠰᠥᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1