︽ᠶᠤᠸᠠᠨ ᠪᠦᠦ ᠱᠠᠨ ᠲᠣᠭᠤᠷᠢᠭ ᠤᠨ ᠦᠨᠳᠦᠰᠦᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠨᠠᠷᠢᠨ ᠲᠠᠩᠰᠠ︾᠎ ᠶᠢᠨ ᠲᠤᠬᠠᠢ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2023/5/28
    ᠶᠤᠸᠠᠨ ᠪᠦᠦ ᠱᠠᠨ ᠲᠣᠭᠤᠷᠢᠭ ︽ᠶᠤᠸᠠᠨ ᠪᠦᠦ ᠱᠠᠨ ᠲᠣᠭᠤᠷᠢᠭ ᠤᠨ ᠦᠨᠳᠦᠰᠦᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠨᠠᠷᠢᠨ ᠲᠠᠩᠰᠠ︾ ︵ᠳᠣᠷᠣᠭᠰᠢ ︽ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠨᠠᠷᠢᠨ ᠲᠠᠩᠰᠠ︾ ᠭᠡᠵᠦ ᠲᠣᠪᠴᠢᠯᠠᠨ᠎ᠠ︶᠎ ᠶᠢ ᠳᠠᠷᠤᠮᠠᠯᠯᠠᠨ ᠲᠠᠷᠬᠠᠭᠠᠪᠠ᠃ ︽ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠨᠠᠷᠢᠨ ᠲᠠᠩᠰᠠ︾᠎ ᠶᠢ ᠨᠠᠩ ᠰᠠᠶᠢᠨ ᠣᠶᠢᠯᠠᠭᠠᠨ ᠲᠤᠭᠤᠰᠢᠯᠠᠭᠤᠯᠬᠤ ᠶᠢᠨ ᠲᠥᠯᠥᠭᠡ᠂ ᠡᠳᠦᠭᠡ ︽ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠨᠠᠷᠢᠨ ᠲᠠᠩᠰᠠ︾᠎ ᠳᠤ ᠲᠠᠶᠢᠯᠤᠮᠵᠢ ᠬᠢᠶ᠎ᠠ     ᠨᠢᠭᠡ᠂ ᠲᠣᠭᠲᠠᠭᠠᠭᠰᠠᠨ ᠵᠣᠷᠢᠯᠭ᠎ᠠ    ᠬᠥᠮᠥᠨ ᠠᠮᠠ ᠶᠢᠨ ᠨᠠᠰᠤᠵᠢᠯᠲᠠ ᠶᠢ ᠢᠳᠡᠪᠬᠢᠲᠡᠢ ᠠᠷᠭᠠᠴᠠᠬᠤ ᠤᠯᠤᠰ ᠤᠨ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠵᠦ ᠂ ᠨᠠᠰᠤᠵᠢᠯ ᠤᠨ ᠠᠰᠠᠷᠠᠮᠵᠢ ᠶᠢᠨ ᠦᠢᠯᠡᠰ ᠤᠨ ᠡᠷᠡᠭᠦᠯ ᠢᠶᠠᠷ ᠬᠥᠭᠵᠢᠬᠦ ᠶᠢ ᠲᠦᠯᠬᠢᠨ ᠠᠬᠢᠭᠤᠯᠵᠤ ᠂ ᠦᠨᠳᠦᠰᠦᠨ ᠵᠦᠢᠯ ᠢ ᠪᠠᠲᠤᠯᠠᠬᠤ ᠴᠢᠨᠠᠷᠲᠠᠢ ᠂ ᠲᠦᠭᠡᠮᠡᠯ ᠬᠠᠷᠠᠭᠠᠯᠵᠠᠯ ᠦᠵᠡᠭᠦᠯᠬᠦ ᠬᠡᠯᠪᠡᠷᠢ ᠶᠢᠨ ᠂ ᠣᠯᠠᠨ ᠶᠠᠩᠵᠤᠴᠢᠯᠠᠭᠰᠠᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠵᠦ ᠂ ᠨᠠᠰᠤᠲᠠᠶᠢᠴᠤᠳ ᠤᠨ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠣᠯᠠᠨ ᠲᠡᠰ ᠳᠠᠪᠬᠤᠷᠭ᠎ᠠ ᠶᠢᠨ ᠂ ᠴᠢᠨᠠᠷ ᠰᠠᠶᠢᠲᠠᠢ ᠡᠷᠡᠭᠦᠯ ᠮᠡᠨᠳᠦ ᠶᠢᠨ ᠨᠠᠰᠤᠵᠢᠯ ᠤᠨ ᠠᠰᠠᠷᠠᠮᠵᠢ ᠶᠢᠨ ᠬᠡᠷᠡᠭᠴᠡᠭᠡ ᠶᠢ ᠲᠠᠰᠤᠷᠠᠯᠲᠠ ᠦᠭᠡᠢ ᠬᠠᠩᠭᠠᠨ᠎ᠠ ᠃    ᠬᠤᠶᠠᠷ᠂ ᠭᠤᠣᠯ ᠪᠣᠯᠬᠤ ᠲᠥᠷᠥ ᠶᠢᠨ ᠪᠣᠳᠣᠯᠭ᠎ᠠ ᠶᠢᠨ ᠦᠨᠳᠦᠰᠦᠯᠡᠯ︽ ᠤᠯᠠᠭᠠᠨᠬᠠᠳᠠ ᠬᠤᠲᠠ ᠶᠢᠨ ᠨᠠᠰᠤᠵᠢᠯ ᠤᠨ ᠦᠢᠯᠡᠴᠢᠯᠡᠭᠡᠨ ᠤ ᠨᠠᠷᠢᠨ ᠳᠠᠩᠰᠠ ︾ ᠪᠣᠯᠣᠨ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠠᠰᠤᠲᠠᠶᠢᠴᠤᠳ ᠤᠨ ᠡᠷᠬᠡ ᠠᠰᠢᠭ ᠢ ᠪᠠᠲᠤᠯᠠᠬᠤ ᠬᠠᠤᠯᠢ︾ ᠂ ︽ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠨ᠎ᠡ ᠴᠠᠭ ᠦᠶ᠎ᠡ ᠶᠢᠨ ᠨᠠᠰᠤᠲᠠᠶᠢᠴᠤᠳ ᠤᠨ ᠠᠵᠢᠯ ᠢ ᠴᠢᠩᠭᠠᠳᠬᠠᠬᠤ ᠲᠤᠬᠠᠢ ᠰᠠᠨᠠᠯ︾ ︵ ᠲᠥᠪ ᠲᠠᠷᠬᠠᠭᠠᠭᠰᠠᠨ〔2021〕42 ᠳ᠋ᠤᠭᠠᠷ ᠲᠣᠭᠠᠲᠤ ︶ ︾ ᠂ ︽ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠳᠥᠷᠢᠮ︾ ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠯᠪᠠᠨ ᠲᠢᠩᠬᠢᠮ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ︿ ᠦᠨᠳᠦᠰᠦᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢ ᠲᠦᠯᠬᠢᠨ ᠠᠬᠢᠭᠤᠯᠬᠤ ᠲᠤᠬᠠᠢ ᠬᠡᠷᠡᠭᠵᠢᠭᠦᠯᠬᠦ ᠲᠥᠰᠥᠯ﹀᠎ ᠢ ᠳᠠᠷᠤᠮᠠᠯᠯᠠᠨ ᠲᠠᠷᠬᠠᠭᠠᠬᠤ ᠮᠡᠳᠡᠭᠳᠡᠯ︾ ︵ᠥᠪᠥᠷ ᠨᠠᠮ ᠠᠯᠪᠠᠨ ᠲᠠᠷᠬᠠᠭᠠᠭᠰᠠᠨ ﹇2022﹈ 28 ᠳ᠋ᠤᠭᠠᠷ ᠲᠣᠭᠠᠲᠤ︶ ᠂ ︽ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠦᠢᠯᠡᠰ ᠢ ᠲᠦᠷᠭᠡᠳᠬᠡᠨ ᠬᠥᠭᠵᠢᠭᠦᠯᠬᠦ ᠲᠤᠬᠠᠢ ᠬᠡᠷᠡᠭᠵᠢᠭᠦᠯᠬᠦ ᠰᠠᠨᠠᠯ︾ ︵ ᠤᠯᠠᠭᠠᠨᠬᠠᠳᠠ ᠵᠠᠰᠠᠭ ᠲᠠᠷᠬᠠᠭᠠᠭᠰᠠᠨ ﹇2016﹈ 93 ᠳ᠋ᠤᠭᠠᠷ ᠲᠣᠭᠠᠲᠤ︶ ᠵᠡᠷᠭᠡ ᠬᠠᠤᠯᠢ ᠴᠠᠭᠠᠵᠠ᠂ ᠬᠠᠤᠯᠢ ᠲᠣᠭᠲᠠᠭᠠᠯ ᠪᠠ ᠪᠢᠴᠢᠭ ᠮᠠᠲ᠋ᠧᠷᠢᠶᠠᠯ ᠎ ᠢ ᠥᠨᠳᠥᠰᠥᠯᠡᠨ ᠲᠣᠰ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠨᠠᠷᠢᠨ ᠲᠠᠩᠰᠠ ᠶᠢ ᠲᠣᠭᠲᠠᠭᠠᠪᠠ᠃    ᠭᠤᠷᠪᠠ ᠂ ᠭᠤᠣᠯ ᠠᠭᠤᠯᠭ᠎ᠠ    ︽ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠨᠠᠷᠢᠨ ᠳᠠᠩᠰᠠ︾᠎ ᠨᠢ ᠨᠡᠶᠢᠲᠡ 29 ᠵᠦᠢᠯ ᠪᠠᠶᠢᠵᠤ᠂ ᠦᠢᠯᠡᠴᠢᠯᠡᠭᠡᠨ ᠤ ᠲᠥᠷᠥᠯ ᠵᠦᠢᠯ ᠳᠤ ᠠᠵᠤ ᠠᠬᠤᠶᠢᠯᠠᠯ ᠤᠨ ᠠᠵᠢᠯᠲᠠᠨ ᠠᠵᠢᠯᠴᠢᠨ᠂ ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠭᠡᠴᠢ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ ᠳᠠᠭᠠᠳᠬᠠᠯ ᠤᠨ ᠣᠯᠭᠤᠮᠵᠢ᠂ ᠨᠠᠰᠤᠲᠠᠶᠢᠴᠤᠳ ᠤᠨ ᠴᠢᠳᠠᠪᠤᠷᠢ ᠶᠢᠨ ᠶᠡᠷᠦᠩᠬᠡᠶᠢᠯᠡᠨ ᠦᠨᠡᠯᠡᠯᠲᠡ᠂ ᠥᠨᠳᠦᠷ ᠨᠠᠰᠤᠨ ᠤ ᠨᠡᠮᠡᠭᠦᠷᠢ᠂ ᠠᠵᠤ ᠠᠬᠤᠢ ᠨᠢ ᠬᠦᠴᠢᠷᠳᠡᠯᠲᠡᠢ ᠨᠠᠰᠤᠲᠠᠶᠢᠴᠤᠳ ᠤᠨ ᠨᠠᠰᠤᠵᠢᠯ ᠎ ᠤᠨ ᠠᠰᠠᠷᠠᠮᠵᠢ ᠶᠢᠨ ᠦᠢᠯᠡᠴᠢᠯᠡᠭᠡᠨ ᠤ ᠨᠥᠬᠦᠪᠦᠷᠢ ᠂ ᠣᠨᠴᠠᠭᠠᠢ ᠬᠦᠴᠢᠷᠳᠡᠯᠲᠡᠢ ᠨᠠᠰᠤᠲᠠᠶᠢᠴᠤᠳ ᠤᠨ ᠭᠡᠷ ᠲᠡᠭᠡᠨ ᠰᠠᠭᠤᠬᠤ ᠳᠤ ᠲᠣᠬᠢᠷᠠᠬᠤ ᠨᠠᠰᠤᠵᠢᠭᠤᠯᠬᠤ ᠥᠭᠡᠷᠡᠴᠢᠯᠡᠯᠲᠡ ᠂ ᠭᠡᠷ ᠪᠦᠯᠢ ᠶᠢᠨ ᠨᠠᠰᠤᠵᠢᠯ ᠤᠨ ᠠᠰᠠᠷᠠᠮᠵᠢ ᠎ ᠶᠢᠨ ᠦᠢᠯᠡᠴᠢᠯᠡᠭᠡ ᠂ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠂ ᠲᠥᠷ ᠴᠠᠭ ᠤᠨ ᠲᠡᠩᠬᠡᠷᠡᠭᠦᠯᠦᠨ ᠲᠤᠰᠠᠯᠠᠬᠤ ᠂ ᠣᠨᠴᠠ ᠬᠦᠴᠢᠷᠳᠡᠯᠲᠡᠢ ᠬᠥᠮᠥᠰ ᠢ ᠠᠰᠠᠷᠠᠨ ᠲᠡᠵᠢᠭᠡᠬᠦ ᠂ ᠬᠦᠴᠢᠷᠳᠡᠯᠲᠡᠢ ᠵᠡᠮᠳᠡᠭᠴᠦᠳ ᠤᠨ ᠠᠮᠢᠳᠤᠷᠠᠯ ᠤᠨ ᠨᠥᠬᠦᠪᠦᠷᠢ ᠪᠣᠯᠣᠨ ᠬᠦᠨᠳᠦ ᠵᠡᠮᠳᠡᠭᠴᠦᠳ ᠎ ᠢ ᠠᠰᠠᠷᠠᠬᠤ ᠨᠥᠬᠦᠪᠦᠷᠢ ᠂ ᠨᠠᠰᠤᠵᠢᠯ ᠤᠨ ᠠᠰᠠᠷᠠᠮᠵᠢ ᠎ ᠶᠢᠨ ᠪᠠᠶᠢᠭᠤᠯᠤᠮᠵᠢ ᠶᠢᠨ ᠨᠥᠬᠦᠪᠦᠷᠢ ᠂ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠎ ᠶᠢᠨ ᠭᠠᠶᠢᠯᠢ ᠰᠦᠢᠳᠬᠡᠯ ᠢ ᠬᠠᠰᠤᠵᠤ ᠬᠡᠯᠲᠦᠷᠢᠭᠦᠯᠬᠦ ᠪᠠ ᠭᠠᠵᠠᠷ ᠰᠢᠷᠣᠢ ᠬᠠᠩᠭᠠᠬᠤ ᠵᠡᠷᠭᠡ ᠪᠣᠯᠣᠨ᠎ᠠ ᠃ ᠦᠢᠯᠡᠴᠢᠯᠡᠬᠦ ᠡᠲᠡᠭᠡᠳ ᠲᠤ ᠠᠵᠤ ᠠᠬᠤᠶᠢᠯᠠᠯ ᠤᠨ ᠠᠵᠢᠯᠲᠠᠨ ᠠᠵᠢᠯᠴᠢᠨ᠂ ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠭᠡᠴᠢ ᠶᠢᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠳᠤ ᠣᠷᠣᠯᠴᠠᠭᠰᠠᠨ ᠪᠥᠭᠡᠳ ᠣᠯᠭᠤᠮᠵᠢ ᠭᠥᠷᠳᠡᠬᠦ ᠨᠥᠬᠦᠴᠡᠯ ᠳᠤ ᠨᠡᠶᠢᠴᠡᠬᠦ ᠬᠥᠮᠥᠰ᠂ 60 ᠪᠦᠬᠦᠯᠢ ᠨᠠᠰᠤᠨ ᠠᠴᠠ ᠳᠡᠭᠡᠭᠰᠢᠬᠢ ᠨᠠᠰᠤᠲᠠᠶᠢᠴᠤᠳ᠂ ᠠᠵᠤ ᠠᠬᠤᠢ ᠶᠢᠨ ᠬᠦᠴᠢᠷᠳᠡᠯ ᠲᠠᠢ ᠨᠠᠰᠤᠲᠠᠶᠢᠴᠤᠳ᠂ ᠣᠨᠴᠠ ᠬᠦᠴᠢᠷᠳᠡᠯ ᠲᠠᠢ ᠠᠰᠠᠷᠠᠨ ᠲᠡᠵᠢᠭᠡᠵᠦ ᠪᠠᠶᠢᠭ᠎ᠠ ᠬᠥᠮᠥᠰ ᠵᠢᠴᠢ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠵᠡᠷᠭᠡ ᠪᠠᠭᠲᠠᠨ᠎ᠠ᠃               ᠲᠠᠶᠢᠯᠤᠮᠵᠢ ᠬᠢᠭᠰᠡᠨ ᠨᠢᠭᠡᠴᠢ᠄ ᠶᠤᠸᠠᠨ ᠪᠦᠦ ᠱᠠᠨ ᠲᠣᠭᠤᠷᠢᠭ ᠤᠨ                                    ᠠᠷᠠᠳ ᠤᠨ ᠶᠠᠪᠤᠳᠠᠯ ᠤᠨ ᠲᠣᠪᠴᠢᠶ᠎ᠠ 
 
ᠢᠷᠡᠯᠲᠡ᠄ ᠶᠤᠸᠠᠨ ᠪᠣᠥ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠰᠥᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1