︽ᠶᠤᠸᠠᠨ ᠪᠦᠦ ᠱᠠᠨ ᠲᠣᠭᠤᠷᠢᠭ ᠤᠨ 2023 ᠣᠨ ᠤ ᠭᠠᠵᠠᠷ ᠤᠨ ᠭᠠᠢ ᠭᠠᠮᠰᠢᠭ ᠢ ᠰᠡᠷᠭᠡᠶᠢᠯᠡᠨ ᠵᠠᠰᠠᠬᠤ ᠲᠥᠰᠥᠯ︾᠎ ᠤᠨ ᠲᠤᠬᠠᠢ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2023/5/28
    ᠨᠢᠭᠡ᠂ ᠲᠥᠰᠥᠯ ᠲᠣᠭᠲᠠᠭᠠᠭᠰᠠᠨ ᠵᠣᠷᠢᠯᠭ᠎ᠠ᠃ ᠪᠦᠬᠦ ᠲᠣᠭᠤᠷᠢᠭ ᠤᠨ ᠬᠡᠪᠴᠢᠶᠡᠨ ᠳᠤ ᠭᠠᠵᠠᠷ ᠤᠨ ᠭᠠᠢ ᠭᠠᠮᠰᠢᠭ ᠢ ᠰᠡᠷᠭᠡᠶᠢᠯᠡᠵᠦ ᠂ ᠭᠠᠵᠠᠷ ᠤᠨ ᠭᠠᠢ ᠭᠠᠮᠰᠢᠭ ᠎ ᠤᠨ ᠤᠴᠠᠷᠠᠭᠤᠯᠤᠭᠰᠠᠨ ᠬᠤᠬᠢᠷᠠᠯ ᠠᠴᠠ ᠵᠠᠶᠢᠯᠠᠰᠬᠢᠬᠦ ᠪᠤᠶᠤ ᠪᠠᠭᠠᠰᠬᠠᠵᠤ᠂ ᠢᠯᠠᠩᠭᠤᠶ᠎ᠠ ᠣᠶᠢᠷ᠎ᠠ ᠶᠢᠨ ᠵᠢᠯ ᠤᠨ ᠲᠤᠷᠰᠢᠬᠢ ᠲᠤᠶᠢᠯ ᠤᠨ ᠠᠭᠤᠷ ᠠᠮᠢᠰᠬᠤᠯ ᠪᠣᠯᠣᠨ ᠬᠥᠮᠥᠨ ᠲᠥᠷᠥᠯᠬᠢᠲᠡᠨ ᠤ ᠢᠨᠵᠧᠨᠧᠷᠢᠩ ᠎ ᠤᠨ ᠠᠵᠢᠯᠯᠠᠭ᠎ᠠ ᠵᠡᠷᠭᠡ ᠠᠴᠠ ᠪᠣᠯᠤᠭᠰᠠᠨ ᠭᠠᠵᠠᠷ ᠎ ᠤᠨ ᠭᠠᠢ ᠭᠠᠮᠰᠢᠭ ᠤᠨ ᠪᠤᠢ ᠪᠣᠯᠭᠠᠭᠰᠠᠨ ᠬᠥᠮᠥᠨ ᠪᠣᠯᠤᠨ ᠡᠳ᠋ ᠬᠥᠷᠥᠩᠭᠡ ᠶᠢᠨ ᠬᠤᠬᠢᠷᠠᠯ ᠎ ᠢ ᠠᠯᠢ ᠴᠢᠳᠠᠬᠤ ᠪᠠᠷ ᠪᠠᠭᠠᠰᠬᠠᠨ ᠂ ᠠᠷᠠᠳ ᠲᠦᠮᠡᠨ ᠤ ᠠᠮᠢ ᠨᠠᠰᠤ ᠪᠣᠯᠣᠨ ᠡᠳ᠋ ᠬᠥᠷᠥᠩᠭᠡ ᠶᠢᠨ ᠠᠮᠤᠷ ᠲᠦᠪᠰᠢᠨ ᠢ ᠬᠠᠮᠠᠭᠠᠯᠠᠬᠤ ᠶᠢᠨ ᠲᠤᠰᠠᠳᠠ ᠂ ᠲᠤᠰ ᠲᠥᠰᠥᠯ ᠎ ᠢ ᠣᠨᠴᠠᠭᠠᠶᠢᠯᠠᠨ ᠲᠣᠭᠲᠠᠭᠠᠪᠠ ᠃    ᠬᠤᠶᠠᠷ᠂ ᠲᠥᠰᠥᠯ ᠤᠨ ᠭᠤᠣᠯᠳᠠᠯᠭ᠎ᠠ᠃ ᠲᠥᠰᠥᠯ ᠤᠨ ᠭᠤᠣᠯᠳᠠᠯᠭ᠎ᠠ ᠪᠣᠯ ᠮᠠᠨ ᠤ ᠲᠣᠭᠤᠷᠢᠭ ᠤᠨ ᠭᠠᠵᠠᠷ ᠤᠨ ᠭᠠᠢ ᠭᠠᠮᠰᠢᠭ ᠢ ᠰᠡᠷᠭᠡᠶᠢᠯᠡᠨ ᠭᠠᠮᠰᠢᠭ ᠎ ᠠᠴᠠ ᠰᠡᠷᠭᠡᠶᠢᠯᠡᠬᠦ ᠭᠤᠣᠯᠳᠠᠯᠭ᠎ᠠ ᠲᠠᠢ ᠭᠠᠵᠠᠷ ᠣᠷᠣᠨ ᠵᠢᠴᠢ ᠬᠠᠷᠢᠭᠤᠴᠠᠯᠭᠠᠲᠤ ᠨᠢᠭᠡᠴᠢ᠂ ᠭᠠᠵᠠᠷ ᠤᠨ ᠭᠠᠢ ᠭᠠᠮᠰᠢᠭ ᠢ ᠰᠡᠷᠭᠡᠶᠢᠯᠡᠨ ᠵᠠᠰᠠᠬᠤ ᠠᠷᠭ᠎ᠠ ᠬᠡᠮᠵᠢᠶ᠎ᠡ᠂ ᠭᠡᠨᠡᠳᠲᠡ ᠶᠢᠨ ᠴᠢᠨᠠᠷᠲᠠᠢ ᠭᠠᠵᠠᠷ ᠤᠨ ᠭᠠᠢ ᠭᠠᠮᠰᠢᠭ ᠡᠭᠦᠰᠦᠭᠰᠡᠨ ᠤ ᠳᠠᠷᠠᠭᠠᠬᠢ ᠰᠢᠢᠳᠪᠦᠷᠢᠯᠡᠬᠦ ᠲᠠᠰ ᠳᠠᠷᠠᠭᠠᠯᠠᠯ ᠢ ᠲᠣᠭᠲᠠᠭᠠᠪᠠ᠃ ᠡᠯ᠎ᠡ ᠬᠠᠷᠢᠭᠤᠴᠠᠯᠭᠠᠲᠤ ᠨᠢᠭᠡᠴᠢ ᠨᠦᠭᠦᠳ ᠭᠠᠵᠠᠷ ᠤᠨ ᠭᠠᠢ ᠭᠠᠮᠰᠢᠭ ᠢ ᠰᠡᠷᠭᠡᠶᠢᠯᠡᠨ ᠵᠠᠰᠠᠬᠤ ᠠᠵᠢᠯ ᠤᠨ ᠴᠢᠬᠤᠯᠠ ᠴᠢᠨᠠᠷ ᠂ ᠲᠤᠯᠭᠠᠮ᠎ᠠ ᠴᠢᠨᠠᠷ ᠎ ᠢ ᠭᠦᠢᠴᠡᠳ ᠲᠠᠨᠢᠵᠤ ᠂ ᠲᠠᠨᠢᠯᠲᠠ ᠪᠠᠨ ᠦᠨᠡᠨᠬᠦ ᠳᠡᠭᠡᠭᠰᠢᠯᠡᠭᠦᠯᠦᠨ ᠂ ᠭᠠᠵᠠᠷ ᠤᠨ ᠭᠠᠮᠰᠢᠭ ᠢ ᠰᠡᠷᠭᠡᠶᠢᠯᠡᠨ ᠵᠠᠰᠠᠬᠤ ᠠᠵᠢᠯ ᠢ ᠴᠢᠩᠭ᠎ᠠ ᠪᠣᠳᠠᠲᠠᠢ ᠪᠥᠭᠡᠳ ᠨᠠᠷᠢᠯᠢᠭ ᠠᠳᠬᠤᠵᠤ ᠂ ᠤᠯᠠᠨ ᠢᠶᠠᠷ ᠢᠶᠠᠨ ᠬᠢᠨᠠᠨ ᠬᠡᠮᠵᠢᠵᠦ ᠤᠯᠠᠨ ᠢᠶᠠᠷ ᠢᠶᠠᠨ ᠰᠡᠷᠭᠡᠶᠢᠯᠡᠬᠦ ᠲᠣᠣᠷ ᠎ ᠢ ᠲᠡᠭᠦᠯᠳᠡᠷᠵᠢᠭᠦᠯᠦᠨ ᠂ ᠬᠢᠨᠠᠨ ᠬᠡᠮᠵᠢᠵᠦ ᠤᠷᠢᠳᠴᠢᠯᠠᠨ ᠮᠡᠳᠡᠭᠡᠯᠡᠬᠦ ᠶᠢ ᠴᠢᠩᠭᠠᠳᠬᠠᠵᠤ ᠂ ᠲᠤᠰ ᠬᠠᠷᠢᠶ᠎ᠠ ᠣᠷᠣᠨ ᠤ ᠪᠤᠢ ᠪᠦᠬᠦᠢ ᠭᠠᠵᠠᠷ ᠤᠨ ᠭᠠᠢ ᠭᠠᠮᠰᠢᠭ ᠤᠨ ᠭᠡᠮ ᠰᠤᠭᠤᠭ ᠤᠨ ᠴᠢᠭ᠋ ᠢ ᠴᠥᠮ ᠤᠯᠠᠨ ᠢᠶᠠᠷ ᠢᠶᠠᠨ ᠬᠢᠨᠠᠨ ᠬᠡᠮᠵᠢᠵᠦ ᠤᠯᠠᠨ ᠢᠶᠠᠷ ᠢᠶᠠᠨ ᠰᠡᠷᠭᠡᠶᠢᠯᠡᠬᠦ ᠲᠣᠣᠷ ᠳᠤ ᠣᠷᠣᠭᠤᠯᠵᠤ ᠂ ᠬᠢᠨᠠᠨ ᠬᠡᠮᠵᠢᠬᠦ ᠶᠢ ᠴᠢᠩᠭᠠᠳᠬᠠᠨ ᠂ ᠠᠮᠵᠢᠯᠲᠠ ᠲᠠᠢ ᠤᠷᠢᠳᠴᠢᠯᠠᠨ ᠮᠡᠳᠡᠭᠡᠯᠡᠬᠦ ᠨᠤᠷᠮ᠎ᠠ ᠶᠢ ᠳᠡᠭᠡᠭᠰᠢᠯᠡᠭᠦᠯᠥᠨ᠎ᠡ᠃ ᠬᠦᠨᠳᠦ ᠨᠣᠴᠢᠲᠠᠢ ᠬᠥᠨᠥᠭᠡᠯ ᠲᠠᠢ ᠭᠠᠵᠠᠷ ᠤᠨ ᠭᠠᠢ ᠭᠠᠮᠰᠢᠭ ᠤᠨ ᠭᠡᠮ ᠰᠤᠭᠤᠭ ᠲᠠᠢ ᠭᠠᠵᠠᠷ ᠲᠤ ᠡᠯ᠎ᠡ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠎ ᠨᠢ ︽ᠰᠡᠷᠭᠡᠶᠢᠯᠡᠬᠦ᠂ ᠤᠷᠢᠳᠴᠢᠯᠠᠬᠤ᠂ ᠤᠬᠤᠷᠢᠬᠤ︾ ᠪᠡᠯᠡᠳᠬᠡᠯ ᠲᠥᠰᠥᠯ ᠨᠠᠶᠢᠷᠠᠭᠤᠯᠤᠨ ᠵᠣᠬᠢᠶᠠᠵᠤ᠂ ᠬᠢᠨᠠᠨ ᠬᠡᠮᠵᠢᠬᠦ ᠤᠳᠤᠷᠢᠳᠤᠯᠭ᠎ᠠ ᠪᠠ ᠪᠣᠳᠠᠲᠠᠢ ᠬᠢᠨᠠᠨ ᠬᠡᠮᠵᠢᠭᠴᠢ ᠶᠢ ᠨᠠᠶᠢᠳᠠᠪᠤᠷᠢᠵᠢᠭᠤᠯᠤᠨ᠂ ᠴᠠᠭ ᠠᠭᠤᠷ ᠤᠨ ᠤᠷᠢᠳᠴᠢᠯᠠᠭᠰᠠᠨ ᠮᠡᠳᠡᠭᠡ ᠲᠠᠢ ᠤᠶᠠᠯᠳᠤᠭᠤᠯᠵᠤ᠂ ᠲᠦᠭᠰᠢᠭᠦᠷᠢᠲᠦ ᠪᠠᠶᠢᠳᠠᠯ ᠢ ᠣᠯᠵᠤ ᠮᠡᠳᠡᠪᠡᠯ᠂ ᠲᠤᠬᠠᠢ ᠶᠢᠨ ᠭᠠᠵᠠᠷ ᠤᠨ ᠵᠠᠰᠠᠭ ᠤᠨ ᠣᠷᠳᠣᠨ ᠵᠢᠴᠢ ᠲᠣᠭᠤᠷᠢᠭ ᠤᠨ ᠭᠠᠵᠠᠷ ᠤᠨ ᠭᠠᠢ ᠭᠠᠮᠰᠢᠭ ᠢ ᠰᠡᠷᠭᠡᠶᠢᠯᠡᠨ ᠵᠠᠰᠠᠬᠤ ᠠᠯᠪᠠᠨ ᠭᠡᠷ ᠲᠤ ᠴᠠᠭ ᠲᠤᠬᠠᠢ ᠳᠤᠨᠢ ᠮᠡᠳᠡᠭᠳᠡᠬᠦ ᠶᠢᠨ ᠬᠠᠮᠲᠤ ᠠᠷᠭ᠎ᠠ ᠬᠡᠮᠵᠢᠶ᠎ᠡ ᠠᠪᠴᠤ᠂ ᠬᠠᠮᠤᠭ ᠤᠨ ᠶᠡᠭᠡ ᠴᠢᠷᠮᠠᠶᠢᠯᠭ᠎ᠠ ᠪᠠᠷ ᠬᠥᠮᠥᠨ ᠬᠠᠷ᠎ᠠ ᠦᠬᠦᠵᠦ ᠰᠢᠷᠬᠠᠲᠤᠬᠤ ᠶᠢ ᠰᠡᠷᠭᠡᠶᠢᠯᠡᠬᠦ ᠪᠠ ᠪᠠᠭᠠᠰᠬᠠᠨ᠎ᠠ᠃ ᠭᠠᠵᠠᠷ ᠤᠨ ᠭᠠᠢ ᠭᠠᠮᠰᠢᠭ ᠭᠠᠷᠤᠭᠰᠠᠨ ᠤ ᠲᠠᠷᠠᠭ᠎ᠠ ᠂ ᠬᠠᠷᠢᠭᠤᠴᠠᠯᠭᠠᠲᠤ  ᠨᠢᠭᠡᠴᠢ ᠨᠢ ᠡᠷᠬᠡᠪᠰᠢ ᠲᠣᠭᠲᠠᠭᠠᠭᠰᠠᠨ ᠲᠡᠰ ᠳᠠᠷᠠᠭᠠᠯᠠᠯ ᠤᠨ ᠶᠣᠰᠣᠭᠠᠷ ᠪᠦᠲᠦᠮᠵᠢᠲᠡᠶ ᠰᠢᠢᠳᠪᠦᠷᠢᠯᠡᠬᠦ ᠬᠡᠷᠡᠭᠲᠡᠢ ᠃                             ᠲᠠᠶᠢᠯᠤᠮᠵᠢ ᠬᠢᠭᠰᠡᠨ ᠨᠢᠭᠡᠴᠢ᠄                       ᠤᠯᠠᠭᠠᠨᠬᠠᠳᠠ ᠬᠤᠲᠠ ᠶᠢᠨ ᠪᠠᠶᠢᠭᠠᠯᠢ ᠶᠢᠨ ᠡᠬᠢ                       ᠪᠠᠶᠠᠯᠢᠭ ᠤᠨ ᠲᠣᠪᠴᠢᠶ᠎ᠠ ᠶᠢᠨ ᠶᠤᠸᠠᠨ ᠪᠦᠦ ᠱᠠᠨ                        ᠲᠣᠭᠤᠷᠢᠭ ᠤᠨ ᠬᠤᠪᠢᠶᠠᠷᠢ ᠲᠣᠪᠴᠢᠶ᠎ᠠ 
 
ᠢᠷᠡᠯᠲᠡ᠄ ᠶᠤᠸᠠᠨ ᠪᠣᠥ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠰᠥᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1