ᠹᠧᠩ ᠱᠦᠢ ᠭᠧᠦ ᠪᠠᠯᠭᠠᠰᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠬᠦ ᠬᠦᠷᠢᠶᠡᠯᠡᠩ ᠲᠣᠭᠤᠷᠢᠭ ᠤᠨ ᠰᠢᠩ ᠯᠦᠩ ᠫᠥᠸᠧ ᠲᠠᠷᠪᠤᠰ ᠤᠨ ᠲᠥᠬᠦᠭᠡᠷᠦᠮᠵᠢ ᠶᠢᠨ ᠲᠠᠷᠢᠮᠠᠯ ᠤᠨ ᠰᠠᠭᠤᠷᠢᠨ ᠤ ᠭᠤᠷᠪᠠᠳᠤᠭᠠᠷ ᠬᠤᠭᠤᠴᠠᠭᠠᠨ ᠤ ᠲᠥᠰᠥᠯ ᠤᠨ ᠪᠦᠲᠦᠭᠡᠨ ᠪᠠᠶᠢᠭᠤᠯᠤᠯᠲᠠ ᠡᠬᠢᠯᠡᠪᠡ
ᠨᠡᠶᠢᠲᠡᠯᠡᠭᠰᠡᠨ ᠴᠠᠭ᠄
2023/5/30
    ᠣᠶᠢᠷ᠎ᠠ ᠶᠢᠨ ᠡᠳᠦᠷ ᠂ ᠹᠧᠩ ᠱᠦᠢ ᠭᠧᠦ ᠪᠠᠯᠭᠠᠰᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠬᠦ ᠬᠦᠷᠢᠶᠡᠯᠡᠩ ᠲᠣᠭᠤᠷᠢᠭ ᠤᠨ ᠰᠢᠩ ᠯᠦᠩ ᠫᠥᠸᠧ ᠲᠠᠷᠪᠤᠰ ᠤᠨ ᠲᠥᠬᠦᠭᠡᠷᠦᠮᠵᠢ ᠶᠢᠨ ᠲᠠᠷᠢᠮᠠᠯ ᠤᠨ ᠰᠠᠭᠤᠷᠢᠨ ᠤ ᠭᠤᠷᠪᠠᠳᠤᠭᠠᠷ ᠬᠤᠭᠤᠴᠠᠭᠠᠨ ᠤ ᠲᠥᠰᠥᠯ ᠤᠨ ᠪᠦᠲᠦᠭᠡᠨ ᠪᠠᠶᠢᠭᠤᠯᠤᠯᠲᠠ ᠡᠬᠢᠯᠡᠪᠡ ᠃ ᠲᠣᠰ ᠲᠥᠰᠥᠯ ᠨᠢ ᠹᠧᠩ ᠱᠦᠢ ᠭᠧᠦ ᠪᠠᠯᠭᠠᠰᠤᠨ ᠤ ᠰᠢᠩ ᠯᠦᠩ ᠫᠥᠸᠧ ᠲᠣᠰᠬᠤᠨ ᠳᠤ ᠪᠠᠶᠢᠷᠢᠯᠠᠵᠤ᠂ ᠨᠡᠶᠢᠲᠡ 750 ᠲᠦᠮᠡᠨ ᠲᠥᠭᠦᠷᠢᠭ ᠤᠨ ᠪᠡᠯᠡ ᠣᠷᠣᠭᠤᠯᠵᠤ᠂ 300 ᠮᠦ ᠭᠠᠵᠠᠷ ᠡᠵᠡᠯᠡᠨ᠂ ᠭᠤᠣᠯᠳᠠᠭᠤ 10 ᠮᠧᠲᠷ ᠥᠷᠭᠡᠨ᠂ 3.3 ᠮᠧᠲᠷ ᠥᠨᠳᠥᠷ ᠬᠦᠢᠲᠡᠨ ᠫᠧᠩ 14.8 ᠲᠦᠮᠡᠨ ᠲᠡᠭᠰᠢ ᠳᠥᠷᠪᠡᠯᠵᠢᠨ ᠮᠧᠲᠷ ᠰᠢᠨ᠎ᠡ ᠪᠠᠷ ᠪᠠᠶᠢᠭᠤᠯᠵᠤ᠂ 2023 ᠣᠨ ᠤ 12 ᠰᠠᠷ᠎ᠠ ᠳᠤ ᠪᠠᠶᠢᠭᠤᠯᠵᠤ ᠳᠠᠭᠤᠰᠬᠠᠬᠤ ᠪᠠᠷ ᠵᠢᠱᠢᠵᠦ ᠪᠣᠶ᠃ ᠠᠰᠢᠭᠯᠠᠯᠲᠠ ᠳᠤ ᠣᠷᠣᠭᠰᠠᠨ ᠤ ᠳᠠᠷᠠᠭ᠎ᠠ᠂ ᠵᠢᠯ ᠳᠤ 200 ᠲᠦᠮᠡᠨ ᠲᠥᠭᠦᠷᠢᠭ ᠤᠨ ᠦᠢᠯᠡᠳᠬᠦᠨ ᠤ ᠥᠷᠲᠡᠭ ᠢ ᠪᠡᠶᠡᠯᠡᠭᠦᠯᠵᠦ᠂ 280 ᠭᠠᠷᠤᠢ ᠬᠥᠮᠥᠨ ᠤ ᠠᠵᠢᠯ ᠣᠯᠭᠤᠯᠲᠠ ᠶᠢ ᠳᠠᠶᠢᠴᠢᠯᠠᠨ᠂ ᠬᠥᠮᠥᠨ ᠳᠤᠮᠳᠠᠴᠢ ᠶᠢᠨ ᠵᠢᠯ ᠎ ᠤᠨ ᠣᠷᠣᠯᠭ᠎ᠠ ᠶᠢ 2 ᠲᠦᠮᠡᠨ ᠲᠥᠭᠦᠷᠢᠭ ᠨᠡᠮᠡᠭᠳᠡᠭᠦᠯᠦᠨ᠎ᠡ᠃ 
 
ᠢᠷᠡᠯᠲᠡ᠄ ᠶᠤᠸᠠᠨ ᠪᠣᠥ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠰᠥᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1