ᠫᠢᠩᠵᠤᠸᠠᠩ ᠳ᠋ᠦᠩ ᠴᠧᠩ ᠵᠡᠭᠡᠯᠢ ᠭᠤᠳᠤᠮᠵᠢ ︽ᠴᠠᠭ ᠤᠨ ᠪᠠᠩᠬᠢ︾᠎ ᠶᠢᠨ ᠦᠢᠯᠡᠴᠢᠯᠡᠭᠡᠨ ᠤ ᠲᠣᠭᠲᠠᠴᠠ ᠶᠢᠨ ᠲᠠᠯ᠎ᠠ ᠪᠠᠷ ᠰᠢᠨ᠎ᠡ ᠶᠢ ᠡᠭᠦᠳᠴᠦ᠂ ᠰᠠᠶᠢᠨ ᠳᠤᠷ᠎ᠠ ᠶᠢᠨ ᠠᠵᠢᠯᠯᠠᠭ᠎ᠠ ᠶᠢ ᠨᠡᠩ ᠠᠶᠠᠲᠠᠢ ᠪᠤᠯᠭᠠᠪᠠ
ᠨᠡᠶᠢᠲᠡᠯᠡᠭᠰᠡᠨ ᠴᠠᠭ᠄
2023/5/30
    ᠫᠢᠩᠵᠤᠸᠠᠩ ᠳ᠋ᠦᠩ ᠴᠧᠩ ᠵᠡᠭᠡᠯᠢ ᠭᠤᠳᠤᠮᠵᠢ ︽ ᠴᠠᠭ ᠤᠨ ᠪᠠᠩᠬᠢ ︾ ᠎ ᠶᠢᠨ ᠦᠢᠯᠡᠴᠢᠯᠡᠭᠡᠨ ᠤ ᠲᠣᠭᠲᠠᠴᠠ ᠶᠢᠨ ᠲᠠᠯ᠎ᠠ ᠪᠠᠷ ᠰᠢᠨ᠎ᠡ ᠶᠢ ᠡᠭᠦᠳᠴᠦ ᠂ ᠰᠠᠶᠢᠨ ᠳᠤᠷ᠎ᠠ ᠶᠢᠨ ᠠᠵᠢᠯᠯᠠᠭ᠎ᠠ ᠶᠢ ᠨᠡᠩ ᠠᠶᠠᠲᠠᠢ ᠪᠣᠯᠭᠠᠪᠠ ᠃ ︽ ᠨᠠᠰᠤ ᠠᠬᠢᠭᠠᠳᠤᠢ ᠥᠶ᠎ᠡ ᠳᠤ ᠪᠠᠨ ᠴᠠᠭ ᠬᠠᠳᠠᠭᠠᠯᠠᠵᠤ᠂ ᠥᠨᠳᠥᠷ ᠨᠠᠰᠤᠨ ᠳᠠᠭᠠᠨ ᠦᠢᠯᠡᠴᠢᠯᠡᠭᠡ ᠰᠣᠯᠢᠬᠤ︾᠎ ᠪᠠᠷ ᠵᠠᠷᠴᠢᠮ ᠪᠣᠯᠭᠠᠵᠤ᠂ ︽ ᠴᠠᠭ ᠤᠨ ᠪᠠᠩᠬᠢ ︾᠎ ᠶᠢᠨ ᠰᠠᠶᠢᠨ ᠳᠤᠷ᠎ᠠ ᠶᠢᠨ ᠦᠢᠯᠡᠴᠢᠯᠡᠭᠡᠨ ᠤ ᠲᠣᠭᠲᠠᠴᠠ ᠶᠢᠨ ᠲᠠᠯ᠎ᠠ ᠪᠠᠷ ᠰᠢᠨ᠎ᠡ ᠶᠢ ᠡᠭᠦᠳᠴᠦ ᠪᠠᠶᠢᠨ᠎ᠠ᠃ ᠰᠠᠶᠢᠨ ᠳᠤᠷ᠎ᠠ ᠶᠢᠨ ᠠᠵᠢᠯᠯᠠᠭᠴᠢ ᠦᠢᠯᠡᠴᠢᠯᠡᠭᠰᠡᠨ ᠴᠠᠭ ᠤᠨ ᠢᠶᠠᠨ ᠤᠷᠲᠤ ᠪᠠᠷ ᠬᠠᠷᠠᠭᠠᠯᠵᠠᠭᠰᠠᠨ ︽ ᠴᠠᠭ ᠤᠨ ᠵᠣᠭᠤᠰ ︾ ᠪᠠ ᠦᠢᠯᠡᠴᠢᠯᠡᠭᠡᠨ ᠤ ᠬᠤᠷᠠᠮᠳᠤᠯ ᠬᠤᠪᠢ ᠶᠢ ᠣᠯᠣᠨ᠎ᠠ ᠃ ︽ ᠴᠠᠭ ᠤᠨ ᠵᠣᠭᠤᠰ ︾᠎ ᠢᠶᠠᠷ ᠠᠮᠤ ᠭᠤᠯᠢᠷ ᠲᠣᠰᠣ ᠂ ᠵᠠᠰᠠᠯ ᠤᠨ ᠡᠳ᠋ ᠪᠦᠷᠢᠨ ᠪᠠᠷᠠᠭ᠎ᠠ ᠂ ᠭᠡᠷ ᠤᠨ ᠵᠢᠵᠢᠭ ᠴᠠᠬᠢᠯᠭᠠᠨ ᠬᠡᠷᠡᠭᠰᠡᠯ ᠵᠡᠷᠭᠡ 30 ᠭᠠᠷᠤᠢ ᠵᠦᠢᠯ ᠤᠨ ᠠᠮᠢᠳᠤᠷᠠᠯ ᠤᠨ ᠬᠡᠷᠡᠭᠰᠡᠯ ᠢ ᠰᠣᠯᠢᠨ ᠠᠪᠴᠦ ᠪᠣᠯᠣᠨ᠎ᠠ ᠃ ᠡᠭᠦᠨ ᠤ ᠬᠠᠮᠲᠤ᠂ ︽ᠴᠠᠭ ᠤᠨ ᠪᠠᠩᠬᠢ︾᠎ ᠶᠢᠨ ᠦᠢᠯᠡᠴᠢᠯᠡᠭᠡᠨ ᠤ ᠬᠤᠷᠠᠮᠳᠤᠯ ᠬᠤᠪᠢ ᠶᠢ ︽ᠣᠳᠣᠨ ᠲᠠᠰ ᠤᠨ ᠰᠠᠶᠢᠨ ᠳᠤᠷ᠎ᠠ ᠶᠢᠨ ᠠᠵᠢᠯᠯᠠᠭᠴᠢ︾᠎ ᠶᠢ ᠦᠨᠡᠯᠡᠨ ᠲᠣᠭᠲᠠᠭᠠᠬᠤ ᠴᠢᠬᠤᠯᠠ ᠦᠨᠳᠦᠰᠦᠯᠡᠯ ᠪᠣᠯᠭᠠᠵᠤ᠂ ᠬᠤᠷᠠᠮᠳᠤᠯ ᠬᠤᠪᠢ ᠨᠢ ᠡᠮᠦᠨᠡᠭᠦᠷ ᠪᠠᠶᠢᠭ᠎ᠠ ᠰᠠᠶᠢᠨ ᠳᠤᠷ᠎ᠠ ᠶᠢᠨ ᠠᠵᠢᠯᠯᠠᠭᠴᠢ ᠶᠢ ᠬᠥᠬᠢᠭᠦᠯᠦᠨ ᠱᠠᠩᠨᠠᠨ᠎ᠠ᠃ ᠣᠳᠣᠬᠠᠨ ᠳᠤ ᠨᠢᠭᠡᠨᠲᠡ 500 ᠭᠠᠷᠤᠢ ᠰᠠᠶᠢᠨ ᠳᠤᠷ᠎ᠠ ᠶᠢᠨ ᠠᠵᠢᠯᠯᠠᠭᠴᠢ ︽ᠴᠠᠭ ᠤᠨ ᠪᠠᠩᠬᠢ︾᠎ ᠶᠢᠨ ᠰᠢᠰᠲ᠋ᠧᠮ ᠳᠤ ᠣᠷᠣᠵᠤ᠂ 328 ᠨᠠᠰᠤᠲᠠᠶᠢᠴᠤᠳ ᠲᠤ ᠰᠠᠶᠢᠨ ᠳᠤᠷ᠎ᠠ ᠶᠢᠨ ᠦᠢᠯᠡᠴᠢᠯᠡᠭᠡ ᠬᠠᠩᠭᠠᠵᠤ ᠂ ᠦᠢᠯᠡᠴᠢᠯᠡᠭᠡᠨ ᠤ ᠶᠡᠷᠦᠩᠬᠡᠢ ᠴᠠᠭ ᠨᠢ 13777 ᠴᠠᠭ ᠪᠣᠯᠪᠠ᠃ 
 
ᠢᠷᠡᠯᠲᠡ᠄ ᠶᠤᠸᠠᠨ ᠪᠣᠥ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠰᠥᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1