ᠶᠤᠸᠠᠨ ᠪᠦᠦ ᠱᠠᠨ ᠲᠣᠭᠤᠷᠢᠭ ᠤᠨ ᠫᠢᠩᠵᠤᠸᠠᠩ ᠪᠠᠯᠭᠠᠰᠤᠨ ᠤ ᠵᠠᠰᠠᠭ ᠤᠨ ᠣᠷᠳᠣᠨ ᠰᠤᠷᠭᠠᠭᠤᠯᠢ ᠳᠤ | ᠣᠷᠣᠬᠤ ᠨᠠᠰᠤᠨ ᠤ ᠰᠤᠷᠤᠭᠴᠢᠳ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠭᠥᠷᠳᠡᠬᠦ ᠪᠠ ᠥᠬᠢᠳ ᠤᠨ ᠡᠷᠬᠡ | ᠠᠰᠢᠭ ᠢ ᠪᠠᠲᠤᠯᠠᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠪᠠᠶᠢᠨ᠎ᠠ᠃ | ᠸᠠᠩ ᠶᠠᠩ ᠪᠣᠯ ᠶᠤᠸᠠᠨ ᠪᠦᠦ ᠱᠠᠨ ᠲᠣᠭᠤᠷᠢᠭ ᠤᠨ ᠮᠠ ᠲᠢ ᠶᠢᠩᠽᠢ ᠪᠠᠭ᠎ᠠ ᠰᠤᠷᠭᠠᠭᠤᠯᠢ ᠶᠢᠨ ᠭᠤᠷᠪᠠᠳᠤᠭᠠᠷ | ᠣᠨ ᠤ ᠰᠣᠷᠣᠭᠴᠢ᠂ ᠲᠣᠰ ᠰᠣᠷᠣᠭᠴᠢ ᠡᠴᠢᠭᠡ ᠡᠬᠡ ᠨᠢ ᠣᠷᠤᠭ ᠰᠠᠯᠤᠭᠰᠠᠨ ᠤ ᠳᠠᠷᠠᠭ᠎ᠠ ᠡᠴᠢᠭᠡ ᠪᠠᠨ ᠳᠠᠭᠠᠵᠤ | ᠠᠮᠢᠳᠤᠷᠠᠳᠠᠭ᠂ ᠡᠴᠢᠭᠡ ᠶᠢᠨ ᠬᠢᠨᠢ ᠠᠮᠢ ᠵᠢᠭᠤᠬᠤ ᠴᠢᠳᠠᠪᠤᠷᠢ ᠨᠢ ᠨᠡᠯᠢᠶᠡᠳ ᠠᠨᠠᠢ᠂ ᠡᠪᠦᠭᠡ ᠨᠢ ᠨᠠᠰᠤ ᠪᠠᠷᠠᠭᠰᠠᠨ ᠤ | ᠳᠠᠷᠠᠭ᠎ᠠ ᠠᠮᠢᠳᠤᠷᠠᠯ ᠨᠢ ᠡᠳᠦᠷ ᠢᠷᠡᠬᠦᠶ᠎ᠡ ᠬᠦᠴᠢᠷᠳᠡᠯ ᠲᠠᠢ ᠪᠣᠯᠤᠭᠰᠠᠨ ᠪᠥᠭᠡᠳ ᠰᠤᠷᠤᠯᠭ᠎ᠠ ᠪᠠᠨ ᠳᠣᠷᠭᠤᠨ | ᠵᠣᠭᠰᠣᠬᠤ ᠰᠢᠬᠠᠭᠰᠠᠨ ᠪᠣᠯᠬᠤᠷ ᠱᠦᠢ ᠶᠤᠸᠠᠨ ᠲᠣᠰᠬᠤᠨ ᠪᠠ ᠰᠤᠷᠭᠠᠭᠤᠯᠢ ᠠᠴᠠ ᠣᠯᠠᠨ ᠤᠳᠠᠭ᠎ᠠ ᠵᠣᠭᠤᠰ | ᠮᠥᠩᠭᠦ ᠪᠠᠷ ᠲᠤᠰᠠᠯᠠᠵᠤ ᠪᠢᠴᠢᠭ ᠢᠶᠠᠨ ᠵᠠᠯᠭᠠᠨ ᠦᠵᠡᠬᠦ ᠶᠢ ᠢᠳᠬᠠᠵᠠᠢ᠃ | ᠫᠢᠩᠵᠤᠸᠠᠩ ᠪᠠᠯᠭᠠᠰᠤᠨ ᠤ ᠵᠠᠰᠠᠭ ᠤᠨ ᠣᠷᠳᠣᠨ ᠤ ᠭᠤᠣᠯ ᠤᠳᠤᠷᠢᠳᠤᠯᠭ᠎ᠠ ᠡᠨᠡ ᠤᠴᠢᠷ ᠢ ᠮᠡᠳᠡᠭᠰᠡᠨ ᠤ | ᠳᠠᠷᠠᠭ᠎ᠠ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ 5 ᠰᠠᠷ᠎ᠠ ᠶᠢᠨ 23 ᠤ ᠡᠳᠦᠷ ᠤᠨ ᠦᠳᠡ ᠶᠢᠨ ᠡᠮᠦᠨ᠎ᠡ | ᠬᠠᠮᠢᠶ᠎ᠠ ᠪᠦᠬᠦᠢ ᠰᠠᠯᠠᠭ᠎ᠠ ᠮᠥᠴᠢᠷ ᠢ ᠵᠣᠬᠢᠶᠠᠨ ᠪᠠᠶᠢᠭᠤᠯᠵᠤ ᠱᠦᠢ ᠶᠤᠸᠠᠨ ᠲᠤᠰᠬᠤᠨ ᠤ ᠵᠥᠪᠯᠡᠯ ᠳᠤ ᠲᠤᠰᠬᠠᠢ | ᠰᠡᠳᠦᠪᠲᠦ ᠬᠤᠷᠠᠯ ᠬᠤᠷᠠᠯᠳᠤᠭᠤᠯᠵᠤ᠂ ᠬᠤᠷᠠᠯ ᠳᠡᠭᠡᠷ᠎ᠡ ᠱᠦᠢ ᠶᠤᠸᠠᠨ ᠲᠣᠰᠬᠤᠨ ᠤ ᠱᠤ᠋ ᠯᠦᠨ ᠰᠤᠪᠢᠯᠠᠯᠲᠠ ᠶᠢᠨ | ᠲᠥᠪ ᠠᠴᠠ ᠸᠠᠩ ᠶᠠᠩ ᠤᠨ ᠡᠳᠦᠷ ᠲᠤᠳᠤᠮ ᠤᠨ ᠠᠮᠢᠳᠤᠷᠠᠯ ᠢ ᠦᠨ᠎ᠡ ᠲᠥᠯᠥᠪᠦᠷᠢ ᠦᠭᠡᠢ ᠪᠠᠷ ᠬᠠᠷᠠᠭᠠᠯᠵᠠᠨ | ᠬᠠᠮᠢᠶᠠᠷᠤᠨ᠎ᠠ ᠭᠡᠵᠦ ᠰᠠᠨᠠᠭᠠᠴᠢᠯᠠᠭ᠎ᠠ ᠠᠴᠠ ᠪᠠᠨ ᠳᠤᠷᠠᠳᠴᠤ ᠂ ᠰᠤᠷᠭᠠᠭᠤᠯᠢ ᠳᠤ ᠪᠠᠶᠢᠬᠤ ᠬᠤᠭᠤᠴᠠᠭᠠᠨ ᠤ | ᠰᠤᠷᠤᠯᠭ᠎ᠠ ᠪᠠ ᠠᠮᠢᠳᠤᠷᠠᠯ ᠢ ᠨᠢ ᠰᠤᠷᠭᠠᠭᠤᠯᠢ ᠠᠴᠠ ᠬᠠᠷᠢᠭᠤᠴᠠᠬᠤ ᠪᠠᠷ᠂ ᠲᠡᠭᠦᠨ ᠤ ᠠᠪᠤ ᠨᠢ ᠰᠠᠨᠠᠭ᠎ᠠ ᠠᠮᠤᠷ | ᠭᠡᠷ ᠠᠴᠠ ᠪᠠᠨ ᠰᠠᠯᠤᠨ ᠬᠥᠯᠥᠰᠦᠨ ᠠᠵᠢᠯ ᠬᠢᠵᠦ ᠠᠮᠢᠳᠤᠷᠠᠯ ᠤᠨ ᠬᠦᠴᠢᠷᠳᠡᠯ ᠢᠶᠠᠨ ᠰᠢᠢᠳᠪᠦᠷᠢᠯᠡᠵᠦ ᠪᠣᠯᠬᠤ | ᠪᠤᠯᠤᠭᠰᠠᠨ ᠪᠠᠶᠢᠨ᠎ᠠ᠃ ᠬᠤᠷᠠᠯ ᠳᠤ ᠣᠷᠣᠯᠴᠠᠭᠰᠠᠳ ᠪᠦᠷ ᠱᠤ᠋ ᠯᠦᠨ ᠰᠤᠪᠢᠯᠠᠯᠲᠠ ᠶᠢᠨ ᠲᠥᠪ ᠤᠨ ᠬᠠᠶᠢᠷ᠎ᠠ | ᠬᠠᠯᠠᠮᠵᠢ ᠶᠢᠨ ᠦᠢᠯᠡ ᠠᠵᠢᠯᠯᠠᠭ᠎ᠠ ᠳᠤ ᠰᠡᠳᠬᠢᠯ ᠬᠥᠳᠡᠯᠪᠡ ᠃ ᠡᠨᠡ ᠬᠦ ᠠᠷᠭ᠎ᠠ ᠬᠡᠮᠵᠢᠶ᠎ᠡ ᠨᠢ ᠲᠣᠰ ᠰᠣᠷᠣᠭᠴᠢ ᠶᠢᠨ | ᠬᠠᠤᠯᠢ ᠶᠣᠰᠣᠨ ᠤ ᠡᠷᠬᠡ ᠠᠰᠢᠭ ᠢ ᠬᠦᠴᠦᠲᠡᠢ ᠪᠠᠲᠤᠯᠠᠭᠰᠠᠨ ᠪᠠᠶᠢᠨ᠎ᠠ᠃ |