ᠮᠣᠬᠤᠷ ᠭᠤᠣᠯ ᠪᠠᠯᠭᠠᠰᠤᠨ ᠤ ︽ᠮᠢᠩᠭᠠᠨ ᠮᠦ ᠬᠡᠭᠡᠷ᠎ᠡ ᠶᠢᠨ ᠲᠢᠲᠢᠮ ᠵᠢᠮᠢᠰ ᠤᠨ ᠰᠠᠭᠤᠷᠢᠨ ᠭᠠᠵᠠᠷ︾ ᠎ ᠨᠢ ᠲᠠᠷᠢᠶᠠᠯᠠᠩ ᠢ ᠲᠤᠰᠠᠯᠠᠵᠤ ᠣᠷᠣᠯᠭ᠎ᠠ ᠶᠢ ᠨᠡᠮᠡᠭᠳᠡᠭᠦᠯᠬᠦ ᠰᠢᠨ᠎ᠡ ᠬᠥᠳᠡᠯᠭᠡᠭᠦᠷ ᠢ ᠪᠣᠶ ᠪᠣᠯᠭᠠᠪᠠ
ᠨᠡᠶᠢᠲᠡᠯᠡᠭᠰᠡᠨ ᠴᠠᠭ᠄
2023/5/30
    ᠮᠣᠬᠤᠷ ᠭᠤᠣᠯ ᠪᠠᠯᠭᠠᠰᠤᠨ ᠤ ︽ ᠮᠢᠩᠭᠠᠨ ᠮᠦ ᠬᠡᠭᠡᠷ᠎ᠡ ᠶᠢᠨ ᠲᠢᠲᠢᠮ ᠵᠢᠮᠢᠰ ᠤᠨ ᠰᠠᠭᠤᠷᠢᠨ ᠭᠠᠵᠠᠷ ︾ ᠎ ᠨᠢ ᠲᠠᠷᠢᠶᠠᠯᠠᠩ ᠢ ᠲᠤᠰᠠᠯᠠᠵᠤ ᠣᠷᠣᠯᠭ᠎ᠠ ᠶᠢ ᠨᠡᠮᠡᠭᠳᠡᠭᠦᠯᠬᠦ ᠰᠢᠨ᠎ᠡ ᠬᠥᠳᠡᠯᠭᠡᠭᠦᠷ ᠢ ᠪᠣᠶ ᠪᠣᠯᠭᠠᠪᠠ ᠃ ᠲᠣᠰ ᠰᠠᠭᠤᠷᠢᠨ ᠭᠠᠵᠠᠷ ᠨᠢ ᠮᠣᠬᠤᠷ ᠭᠤᠤᠯ ᠪᠠᠯᠭᠠᠰᠤᠨ ᠳᠤ ᠪᠠᠶᠢᠷᠢᠯᠠᠵᠤ᠂ ᠨᠡᠶᠢᠲᠡ 1100 ᠲᠦᠮᠡᠨ ᠲᠥᠭᠦᠷᠢᠭ ᠤᠨ ᠪᠡᠯᠡ ᠣᠷᠣᠭᠤᠯᠵᠤ᠂ 1000 ᠮᠦ ᠣᠶᠢᠲᠤ ᠭᠠᠵᠠᠷ ᠢ ᠡᠮᠬᠢᠯᠡᠨ ᠨᠡᠶᠢᠯᠡᠭᠦᠯᠵᠦ᠂ 5 ᠲᠦᠮᠡᠨ ᠰᠠᠭᠤᠷᠢ ᠬᠡᠭᠡᠷ᠎ᠡ ᠶᠢᠨ ᠲᠢᠲᠢᠮ ᠵᠢᠮᠢᠰ᠂ 2 ᠲᠦᠮᠡᠨ ᠰᠠᠭᠤᠷᠢ ᠵᠢᠭᠠᠷᠲᠤ ᠨᠠᠷᠠᠰᠤ ᠳᠠᠷᠢᠵᠤ᠂ ᠵᠢᠮᠢᠰ ᠲᠡᠭᠦᠬᠦ᠂ ᠵᠤᠭᠠᠴᠠᠨ ᠰᠡᠯᠡᠭᠦᠴᠡᠬᠦ᠂ ᠵᠢᠮᠢᠰ ᠤᠨ ᠮᠣᠳᠤᠨ ᠤ ᠴᠢᠬᠢ ᠳᠠᠷᠢᠬᠤ ᠵᠡᠷᠭᠡ ᠣᠨᠴᠠᠯᠢᠭᠲᠤ ᠲᠠᠷᠢᠶᠠᠯᠠᠩ ᠤᠨ ᠶᠠᠪᠤᠳᠠᠯ ᠤᠨ ᠥᠩᠭᠡᠷᠡᠭᠡᠯᠲᠡ ᠲᠠᠢ ︽ᠮᠢᠩᠭᠠᠨ ᠮᠦ ᠬᠡᠭᠡᠷ᠎ᠡ ᠶᠢᠨ ᠲᠢᠲᠢᠮ ᠤᠨ ᠵᠢᠮᠢᠰ ᠤᠨ ᠰᠠᠭᠤᠷᠢᠨ ᠭᠠᠵᠠᠷ︾᠎ ᠢ ᠪᠣᠶ ᠪᠣᠯᠭᠠᠪᠠ᠃ ᠣᠳᠣᠬᠠᠨ ᠳᠤ᠂ ᠲᠣᠰ ᠰᠠᠭᠤᠷᠢᠨ ᠭᠠᠵᠠᠷ ᠤᠨ ᠴᠢᠬᠢ ᠮᠣᠳᠣ ᠶᠢ ᠨᠢᠭᠡᠨᠲᠡ ᠵᠠᠶᠢᠯᠠᠵᠤ ᠳᠠᠭᠤᠰᠬᠠᠪᠠ᠃ ᠲᠥᠰᠥᠯ ᠤᠨ ᠠᠵᠢᠯ ᠳᠠᠭᠤᠰᠤᠭᠰᠠᠨ ᠤ ᠳᠠᠷᠠᠭ᠎ᠠ᠂ ᠵᠢᠯ ᠳᠤ 300 ᠭᠠᠷᠤᠢ ᠲᠦᠮᠡᠨ ᠲᠥᠭᠦᠷᠢᠭ ᠤᠨ ᠣᠷᠣᠯᠭ᠎ᠠ ᠶᠢ ᠪᠡᠶᠡᠯᠡᠭᠦᠯᠵᠦ ᠂ ᠡᠷᠬᠢᠨ ᠲᠣᠭᠤᠷᠢᠨ ᠤ ᠲᠣᠰᠬᠤᠨ ᠤ ᠬᠠᠮᠲᠤ ᠨᠡᠶᠢᠲᠡ ᠶᠢ ᠳᠠᠶᠢᠴᠢᠯᠠᠨ ᠳᠤᠮᠳᠠᠴᠢ ᠪᠠᠷ 50 ᠭᠠᠷᠤᠢ ᠲᠦᠮᠡᠨ ᠲᠥᠭᠦᠷᠢᠭ ᠤᠨ ᠣᠷᠣᠯᠭ᠎ᠠ ᠨᠡᠮᠡᠭᠳᠡᠭᠦᠯᠵᠦ᠂ 100 ᠭᠠᠷᠤᠢ ᠬᠥᠮᠥᠨ ᠳᠤ ᠠᠵᠢᠯ ᠣᠯᠭᠤᠬᠤ ᠶᠢ ᠳᠠᠶᠢᠴᠢᠯᠠᠨ᠎ᠠ᠃ 
 
ᠢᠷᠡᠯᠲᠡ᠄ ᠶᠤᠸᠠᠨ ᠪᠣᠥ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠰᠥᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1