ᠰᠢᠶᠣᠣ ᠦ᠋ ᠵᠢᠶᠠ ᠰᠢᠶᠠᠩ ᠤᠨ ︽ᠪᠡᠶ᠎ᠡ ᠲᠠᠮᠢᠷ ᠤᠨ ᠵᠢᠵᠢᠭ ᠪᠠᠯᠭᠠᠰᠤ︾᠎ ᠨᠢ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠰᠢᠨ᠎ᠡ ᠪᠡᠯᠭᠡ ᠲᠡᠮᠳᠡᠭ ᠢ ᠪᠣᠶ ᠪᠣᠯᠭᠠᠪᠠ
ᠨᠡᠶᠢᠲᠡᠯᠡᠭᠰᠡᠨ ᠴᠠᠭ᠄
2023/5/30
    ᠰᠢᠶᠣᠣ ᠦ᠋ ᠵᠢᠶᠠ ᠰᠢᠶᠠᠩ ᠤᠨ ︽ ᠪᠡᠶ᠎ᠡ ᠲᠠᠮᠢᠷ ᠤᠨ ᠵᠢᠵᠢᠭ ᠪᠠᠯᠭᠠᠰᠤ︾᠎ ᠨᠢ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠰᠢᠨ᠎ᠡ ᠪᠡᠯᠭᠡ ᠲᠡᠮᠳᠡᠭ ᠢ ᠪᠣᠶ ᠪᠣᠯᠭᠠᠪᠠ᠃ ᠲᠤᠰ ᠪᠠᠯᠭᠠᠰᠤᠨ ᠤ ᠶᠡᠷᠦᠩᠬᠡᠢ ᠪᠡᠯᠡ ᠣᠷᠣᠭᠤᠯᠤᠯᠲᠠ ᠨᠢ 1000 ᠭᠠᠷᠤᠢ ᠲᠦᠮᠡᠨ ᠲᠥᠭᠦᠷᠢᠭ ᠲᠤ ᠬᠦᠷᠴᠦ᠂ ᠬᠠᠷᠢᠶᠠᠲᠤ ᠣᠷᠣᠨ ᠤ ᠳᠣᠲᠣᠷᠠᠬᠢ ᠮᠢᠩᠭᠠᠨ ᠣᠨ ᠤ ᠯᠢᠶᠣᠤ ᠶᠢᠨ ᠰᠤᠪᠤᠷᠭ᠎ᠠ᠂ ᠵᠢᠩ ᠠᠨ ᠰᠧ ᠬᠡᠶᠢᠳ᠂ ᠰᠢᠶᠠ ᠵᠢᠶᠠ ᠳ᠋ᠢᠶᠠᠨ ᠤ ᠪᠠᠭᠤᠷᠢ ᠵᠡᠷᠭᠡ 24 ᠣᠨᠴᠠᠯᠢᠭ ᠲᠠᠢ ᠵᠢᠭᠤᠯᠴᠢᠯᠠᠯ ᠤᠨ ᠦᠵᠡᠮᠵᠢ ᠶᠢᠨ ᠴᠡᠭ ᠲᠤ ᠲᠦᠰᠢᠭᠯᠡᠨ᠂ ᠵᠢᠩ ᠠᠨ ᠠᠭᠤᠯᠠᠨ ᠤ ᠠᠭᠤᠯᠠ ᠠᠪᠠᠷᠢᠬᠤ ᠶᠠᠪᠠᠭᠠᠨ ᠵᠠᠮ᠂ ᠵᠢᠩ ᠠᠨ ᠰᠧ ᠬᠡᠶᠢᠳ ᠤᠨ ᠰᠢᠲᠠᠷ᠎ᠠ ᠶᠢᠨ ᠭᠡᠷ᠂ ᠬᠡᠭᠡᠷ᠎ᠡ ᠶᠢᠨ ᠮᠠᠰᠢᠨ ᠲᠡᠷᠭᠡᠨ ᠤ ᠤᠷᠤᠯᠳᠤᠭᠠᠨ ᠤ ᠵᠠᠮ᠂ ᠮᠣᠷᠢᠨ ᠮᠡᠷᠭᠡᠵᠢᠯ ᠤᠨ ᠪᠣᠯᠪᠠᠰᠤᠷᠠᠯ ᠤᠨ ᠰᠠᠭᠤᠷᠢᠨ ᠭᠠᠵᠠᠷ᠂ ᠶᠡᠷᠦᠩᠬᠡᠶᠢᠯᠡᠭᠰᠡᠨ ᠪᠡᠶ᠎ᠡ ᠲᠠᠮᠢᠷ ᠤᠨ ᠣᠷᠳᠣᠨ᠂ ᠳᠤᠭᠤᠢ ᠲᠡᠷᠭᠡᠨ ᠤ ᠲᠣᠭᠤᠷᠢᠭ ᠬᠡᠯᠪᠡᠷᠢ ᠶᠢᠨ ᠤᠷᠤᠯᠳᠤᠭᠠᠨ ᠤ ᠵᠠᠮ ᠵᠡᠷᠭᠡ ︽ᠵᠢᠷᠭᠤᠭᠠᠨ ᠶᠡᠭᠡ ᠵᠢᠭᠰᠠᠭᠠᠯ ᠤᠨ ᠭᠠᠵᠠᠷ︾᠎ ᠤᠨ ᠪᠡᠶ᠎ᠡ ᠲᠠᠮᠢᠷ ᠤᠨ ᠵᠢᠵᠢᠭ ᠪᠠᠯᠭᠠᠰᠤ ᠶᠢ ᠪᠠᠶᠢᠭᠤᠯᠵᠤ᠂ ᠳᠤᠭᠤᠢ ᠤᠨᠤᠬᠤ᠂ ᠠᠭᠤᠯᠠ ᠠᠪᠠᠷᠢᠬᠤ᠂ ᠮᠠᠰᠢᠨ ᠲᠡᠷᠭᠡᠨ ᠤ ᠬᠡᠭᠡᠷ᠎ᠡ ᠶᠢᠨ ᠤᠷᠤᠯᠳᠤᠭᠠᠨ᠂ ᠮᠣᠷᠢᠨ ᠮᠡᠷᠭᠡᠵᠢᠯ ᠵᠡᠷᠭᠡ 10 ᠭᠠᠷᠤᠢ ᠵᠦᠢᠯ ᠤᠨ ᠪᠡᠶ᠎ᠡ ᠲᠠᠮᠢᠷ ᠤᠨ ᠤᠷᠤᠯᠳᠤᠭᠠᠨ ᠤ ᠠᠵᠢᠯᠯᠠᠭ᠎ᠠ ᠶᠢ ᠥᠷᠨᠢᠭᠦᠯᠦᠨ᠎ᠡ᠃ ᠣᠳᠣᠬᠠᠨ ᠳᠤ᠂ ᠪᠡᠶ᠎ᠡ ᠲᠠᠮᠢᠷ ᠤᠨ ᠵᠢᠵᠢᠭ ᠪᠠᠯᠭᠠᠰᠤ ᠨᠢᠭᠡᠨᠲᠡ ᠪᠠᠶᠢᠭᠤᠯᠤᠭᠳᠠᠭᠰᠠᠨ ᠪᠥᠭᠡᠳ ᠠᠰᠢᠭᠯᠠᠯᠲᠠ ᠳᠤ ᠣᠷᠣᠵᠤ᠂ ᠵᠢᠱᠢᠯᠲᠡ ᠪᠠᠷ ᠵᠢᠯ ᠳᠤ 10 ᠲᠦᠮᠡᠨ ᠵᠤᠭᠠᠴᠠᠭᠰᠠᠳ ᠢ ᠭᠥᠯᠢᠶᠡᠨ ᠠᠪᠴᠤ᠂ 100 ᠭᠠᠷᠤᠢ ᠬᠥᠮᠥᠨ ᠤ ᠠᠵᠢᠯ ᠣᠯᠭᠤᠯᠲᠠ ᠶᠢ ᠳᠠᠶᠢᠴᠢᠯᠠᠨ᠎ᠠ᠃ 
 
ᠢᠷᠡᠯᠲᠡ᠄ ᠶᠤᠸᠠᠨ ᠪᠣᠥ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠰᠥᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1