ᠲᠣᠭᠤᠷᠢᠭ ᠤᠨ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶ᠎ᠠ ︽15 ᠮᠢᠨᠦ᠋ᠲ ᠤᠨ ᠡᠮ ᠡᠮᠨᠡᠯᠭᠡ ᠶᠢᠨ ᠳᠠᠭᠠᠳᠬᠠᠯ ᠤᠨ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠲᠣᠭᠤᠷᠢᠭ︾᠎ ᠢ ᠪᠣᠶ ᠪᠣᠯᠭᠠᠵᠤ ᠳᠠᠭᠠᠳᠬᠠᠯ ᠳᠤ ᠣᠷᠣᠯᠴᠠᠭᠰᠠᠨ ᠣᠯᠠᠨ ᠲᠦᠮᠡᠨ ᠳᠤ ᠭᠡᠷ ᠤᠨ ᠡᠭᠦᠳᠡᠨ ᠳᠠᠬᠢ ︽ᠨᠢᠭᠡ ᠯᠡ ᠴᠡᠭ ᠮᠠᠶ᠋ᠢᠭ︾᠎ ᠤᠨ ᠡᠮ ᠡᠮᠨᠡᠯᠭᠡ ᠶᠢᠨ ᠳᠠᠭᠠᠳᠬᠠᠯ ᠤᠨ ᠦᠢᠯᠡᠴᠢᠯᠡᠭᠡ ᠬᠠᠩᠭᠠᠵᠤ ᠪᠠᠶᠢᠨ᠎ᠠ
ᠨᠡᠶᠢᠲᠡᠯᠡᠭᠰᠡᠨ ᠴᠠᠭ᠄
2023/5/30
    ᠲᠣᠭᠤᠷᠢᠭ ᠤᠨ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶ᠎ᠠ ︽15 ᠮᠢᠨᠦ᠋ᠲ ᠤᠨ ᠡᠮ ᠡᠮᠨᠡᠯᠭᠡ ᠶᠢᠨ ᠳᠠᠭᠠᠳᠬᠠᠯ ᠤᠨ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠲᠣᠭᠤᠷᠢᠭ︾᠎ ᠢ ᠪᠠᠶᠢᠭᠤᠯᠵᠤ᠂ ᠳᠠᠭᠠᠳᠬᠠᠯ ᠳᠤ ᠣᠷᠣᠯᠴᠠᠭᠰᠠᠨ ᠣᠯᠠᠨ ᠲᠦᠮᠡᠨ ᠳᠤ ᠭᠡᠷ ᠤᠨ ᠡᠭᠦᠳᠡᠨ ᠳᠠᠬᠢ ︽ᠨᠢᠭᠡ ᠯᠡ ᠴᠡᠭ ᠮᠠᠶ᠋ᠢᠭ︾᠎ ᠤᠨ ᠡᠮ ᠡᠮᠨᠡᠯᠭᠡ ᠶᠢᠨ ᠳᠠᠭᠠᠳᠬᠠᠯ ᠤᠨ ᠦᠢᠯᠡᠴᠢᠯᠡᠭᠡ ᠬᠠᠩᠭᠠᠵᠤ ᠪᠠᠶᠢᠨ᠎ᠠ᠃ ᠦᠨᠳᠦᠰᠦᠨ ᠱᠠᠲᠤᠨ ᠤ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠲᠤ ᠲᠦᠰᠢᠭᠯᠡᠨ᠂  ᠫᠢᠩᠵᠤᠸᠠᠩ ᠪᠠᠯᠭᠠᠰᠤ᠂ ᠫᠢᠩᠵᠤᠸᠠᠩ ᠳ᠋ᠦᠩ ᠴᠧᠩ ᠵᠡᠭᠡᠯᠢ ᠭᠤᠳᠤᠮᠵᠢ᠂ ᠬᠥᠩ ᠭᠧ ᠶᠢᠩᠽᠢ ᠲᠣᠰᠬᠤᠨ᠂ ᠶᠢᠨ ᠾᠧ ᠨᠡᠶᠢᠭᠡᠮ ᠲᠣᠭᠤᠷᠢᠭ ᠲᠤ ᠦᠨᠳᠦᠰᠦᠨ ᠱᠠᠲᠤᠨ ᠤ ᠡᠮ ᠡᠮᠨᠡᠯᠭᠡ ᠶᠢᠨ ᠳᠠᠭᠠᠳᠬᠠᠯ ᠤᠨ ᠦᠢᠯᠡᠴᠢᠯᠡᠭᠡᠨ ᠤ ᠥᠷᠲᠡᠭᠡ ︵ᠴᠡᠭ︶ ᠪᠠᠶᠢᠭᠤᠯᠵᠤ᠂ ᠨᠡᠭᠡᠭᠡᠯᠲᠡᠲᠤ ᠮᠠᠶ᠋ᠢᠭ ᠤᠨ ᠡᠮ ᠡᠮᠨᠡᠯᠭᠡ ᠶᠢᠨ ᠳᠠᠭᠠᠳᠬᠠᠯ ᠤᠨ ᠦᠢᠯᠡᠴᠢᠯᠡᠭᠡᠨ ᠤ ᠴᠣᠩᠬᠤ ᠶᠢ ᠲᠣᠬᠢᠷᠠᠭᠤᠯᠤᠨ᠂ ᠳᠠᠭᠠᠳᠬᠠᠯ ᠳᠤ ᠣᠷᠣᠯᠴᠠᠭᠰᠠᠨ ᠣᠯᠠᠨ ᠲᠦᠮᠡᠨ ᠳᠤ ᠳᠠᠭᠠᠳᠬᠠᠯ ᠳᠤ ᠣᠷᠣᠯᠴᠠᠭᠰᠠᠨ ᠳᠠᠩᠰᠠᠯᠠᠯᠲᠠ᠂ ᠣᠨᠳᠣᠣ ᠭᠠᠵᠠᠷ ᠲᠤ ᠡᠮᠨᠡᠭᠦᠯᠦᠭᠰᠡᠨ ᠢ ᠳᠠᠩᠰᠠᠯᠠᠬᠤ᠂ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠵᠡᠷᠭᠡ 20 ᠭᠠᠷᠤᠢ ᠵᠦᠢᠯ ᠤᠨ ᠡᠮ ᠡᠮᠨᠡᠯᠭᠡ ᠶᠢᠨ ᠳᠠᠭᠠᠳᠬᠠᠯ ᠤᠨ ᠦᠢᠯᠡᠴᠢᠯᠡᠭᠡ ᠬᠠᠩᠭᠠᠵᠤ ᠪᠠᠶᠢᠨ᠎ᠠ᠃ ᠣᠳᠣᠬᠠᠨ ᠳᠤ᠂ ᠣᠯᠠᠨ ᠲᠦᠮᠡᠨ ᠳᠤ 500 ᠭᠠᠷᠤᠢ ᠬᠥᠮᠥᠨ ᠤᠳᠠᠭ᠎ᠠ ᠦᠢᠯᠡᠴᠢᠯᠡᠵᠦ ᠪᠠᠶᠢᠨ᠎ᠠ᠃ ᠵᠢᠱᠢᠯᠲᠡ ᠪᠠᠷ 7 ᠰᠠᠷ᠎ᠠ ᠳᠤ ᠪᠥᠬᠦ ᠲᠣᠭᠤᠷᠢᠭ ᠤᠨ 131 ᠦᠨᠳᠦᠰᠦᠨ ᠱᠠᠲᠤᠨ ᠤ ᠡᠮ ᠡᠮᠨᠡᠯᠭᠡ ᠶᠢᠨ ᠳᠠᠭᠠᠳᠬᠠᠯ ᠤᠨ ᠦᠢᠯᠡᠴᠢᠯᠡᠭᠡᠨ ᠤ ᠥᠷᠲᠡᠭᠡ ︵ᠴᠡᠭ︶᠎ ᠶᠢ ᠪᠦᠬᠦᠨ ᠢ ᠫᠠᠶᠢᠰᠠ ᠡᠯᠭᠦᠨ ᠠᠰᠢᠭᠯᠠᠯᠲᠠ ᠳᠤ ᠣᠷᠤᠭᠤᠯᠵᠤ᠂ ᠦᠨᠳᠦᠰᠦᠨ ᠱᠠᠲᠤᠨ ᠤ ᠡᠮ ᠡᠮᠨᠡᠯᠭᠡ ᠶᠢᠨ ᠳᠠᠭᠠᠳᠬᠠᠯ ᠤᠨ ᠦᠢᠯᠡᠴᠢᠯᠡᠭᠡᠨ ᠤ ᠪᠦᠷᠬᠦᠴᠡ ᠶᠢ 100%᠎ ᠳᠤ ᠬᠦᠷᠭᠡᠨ᠎ᠡ᠃ 
 
ᠢᠷᠡᠯᠲᠡ᠄ ᠶᠤᠸᠠᠨ ᠪᠣᠥ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠰᠥᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1