ᠶᠤᠸᠠᠨ ᠪᠦᠦ ᠱᠠᠨ ᠲᠣᠭᠤᠷᠢᠭ ᠤᠨ ᠵᠠᠰᠠᠭ ᠤᠨ ᠣᠷᠳᠣᠨ 2023 ᠣᠨ ᠤ 3 ᠳ᠋ᠤᠭᠠᠷ ᠤᠳᠠᠭᠠᠨ ᠤ ᠪᠠᠶᠢᠩᠭᠤ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/5/30
    2 ᠰᠠᠷ᠎ᠠ ᠶᠢᠨ 27᠎ ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠵᠠᠰᠠᠭ ᠤᠨ ᠣᠷᠳᠣᠨ ᠤ ᠳᠠᠷᠤᠭ᠎ᠠ ᠵᠠᠩ ᡁᠢ ᠸᠧᠢ ᠲᠣᠭᠤᠷᠢᠭ ᠤᠨ ᠵᠠᠰᠠᠭ ᠤᠨ ᠣᠷᠳᠣᠨ ᠤ 2023 ᠣᠨ ᠤ 3 ᠳ᠋ᠤᠭᠠᠷ ᠤᠳᠠᠭᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ ᠲᠣᠭᠤᠷᠢᠭ ᠤᠨ ᠵᠠᠰᠠᠭ ᠤᠨ ᠣᠷᠳᠣᠨ ᠤ ᠤᠳᠤᠷᠢᠳᠬᠤ ᠪᠠᠭ ᠤᠨ ᠪᠦᠷᠢᠯᠳᠦᠭᠦᠨ ᠴᠢᠨ ᠶᠠᠨ ᠳ᠋ᠦᠩ᠂ ᠯᠢᠦ ᠱᠤᠸᠠᠩ᠂ ᠯᠢ ᠽᠥᠩ ᠮᠧᠩ᠂ ᠫᠧᠩ ᠰᠢᠶᠣᠣ ᠵᠢᠤᠸᠠᠨ᠂ ᠪᠦᠦ ᠶᠦᠨ ᠳ᠋ᠦᠩ᠂ ᠤᠯᠠᠭᠠᠨᠬᠠᠳᠠ ᠬᠤᠲᠠ ᠶᠢᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ ᠳᠡᠳ᠋ ᠡᠷᠬᠢᠯᠡᠭᠴᠢ᠂ ᠶᠤᠸᠠᠨ ᠪᠦᠦ ᠱᠠᠨ ᠠᠵᠤ ᠦᠢᠯᠡᠰ ᠤᠨ ᠬᠦᠷᠢᠶᠡᠯᠡᠩ ᠤᠨ ᠬᠠᠮᠢᠶᠠᠷᠤᠯᠲᠠ ᠶᠢᠨ ᠠᠯᠪᠠᠨ ᠭᠡᠷ ᠤᠨ ᠡᠷᠬᠢᠯᠡᠭᠴᠢ ᠯᠢ ᠸᠧᠢ᠂ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠭᠡᠷ ᠤᠨ ᠡᠷᠬᠢᠯᠡᠭᠴᠢ ᠶᠠᠩ ᠰᠢᠨ ᠢᠦᠢ ᠬᠤᠷᠠᠯ ᠳᠤ ᠣᠷᠣᠯᠴᠠᠵᠠᠢ᠃    ᠬᠤᠷᠠᠯ ᠠᠴᠠ ᠪᠥᠬᠦ ᠤᠯᠤᠰ ᠤᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ᠂ ᠪᠥᠬᠦ ᠲᠣᠭᠤᠷᠢᠭ ᠤᠨ ︽ᠲᠠᠪᠤᠨ ᠶᠡᠭᠡ ᠡᠭᠦᠷᠭᠡ︾᠎ ᠶᠢ ᠨᠠᠶᠢᠳᠠᠪᠤᠷᠢᠵᠢᠭᠤᠯᠬᠤ ᠶᠢ ᠠᠬᠢᠭᠤᠯᠬᠤ ᠠᠵᠢᠯ ᠤᠨ ᠠᠬᠢᠴᠠ ᠶᠢᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠴᠤ᠂ ︽ᠶᠤᠸᠠᠨ ᠪᠦᠦ ᠱᠠᠨ ᠲᠣᠭᠤᠷᠢᠭ  ᠤᠨ ︿ ᠲᠠᠪᠤᠨ ᠶᠡᠭᠡ ᠡᠭᠦᠷᠭᠡ ﹀ ︾᠎ ᠶᠢᠨ  ᠲᠥᠰᠥᠯ ︵ᠵᠦᠢᠯᠡᠰ︶᠎ ᠤᠨ ᠨᠠᠷᠢᠨ ᠲᠠᠩᠰᠠ︾᠎ ᠶᠢ ᠬᠢᠨᠠᠨ ᠵᠥᠪᠯᠡᠵᠦ᠂ ᠠᠶᠤᠯᠭᠦᠢ ᠦᠢᠯᠡᠳᠪᠦᠷᠢᠯᠡᠯ᠂ ᠠᠵᠤ ᠠᠬᠤᠢ ᠶᠢᠨ ᠠᠵᠢᠯᠯᠠᠭᠠᠨ᠂ ᠪᠣᠯᠪᠠᠰᠤᠨ ᠬᠤᠲᠠ ᠡᠭᠦᠳᠥᠨ ᠪᠠᠶᠢᠭᠤᠯᠬᠤ ᠵᠡᠷᠭᠡ ᠠᠵᠢᠯ ᠳᠤ ᠲᠣᠬᠢᠷᠠᠭᠤᠯᠤᠯᠲᠠ ᠪᠠ ᠪᠠᠶᠢᠷᠢᠯᠠᠭᠤᠯᠤᠯᠲᠠ ᠬᠢᠵᠡᠢ᠃    ᠬᠤᠷᠠᠯ ᠠᠴᠠ ᠂ ᠪᠥᠬᠦ ᠲᠣᠭᠤᠷᠢᠭ ᠤᠨ ᠳᠡᠭᠡᠳᠦ ᠳᠣᠣᠷᠠᠳᠤ ᠱᠠᠲᠤᠨ ᠤ ᠬᠢᠨ ᠡᠷᠬᠡᠪᠰᠢ ᠣᠶᠢᠷ᠎ᠠ ᠶᠢᠨ ᠬᠤᠭᠤᠴᠠᠭᠠᠨ ᠤ ᠡᠯ᠎ᠡ ᠭᠠᠵᠠᠷ ᠤᠨ ᠠᠳᠡᠯ ᠤᠨ ᠰᠤᠷᠭᠠᠮᠵᠢ ᠶᠢ ᠭᠦᠨᠵᠡᠭᠡᠢ ᠭᠥᠯᠢᠶᠡᠨ ᠠᠪᠴᠤ᠂ ᠰᠤᠯᠠᠷᠠᠵᠤ ᠮᠢᠨᠴᠦᠭᠦᠷᠡᠬᠦ ᠦᠵᠡᠯ ᠰᠠᠨᠠᠭ᠎ᠠ ᠶᠢ ᠡᠷᠡᠰ ᠲᠡᠪᠴᠢᠵᠦ᠂ ᠪᠥᠬᠦ ᠬᠤᠲᠠ ᠶᠢᠨ ᠠᠶᠤᠯᠭᠦᠢ ᠦᠢᠯᠡᠳᠪᠦᠷᠢᠯᠡᠯ ᠤᠨ ᠬᠤᠷᠠᠯ ᠤᠨ ᠵᠣᠷᠢᠭ ᠰᠠᠨᠠᠭ᠎ᠠ ᠪᠠ ︽ᠤᠯᠠᠭᠠᠨᠬᠠᠳᠠ ᠬᠤᠲᠠ ᠶᠢᠨ ᠠᠶᠤᠯᠭᠦᠢ ᠦᠢᠯᠡᠳᠪᠦᠷᠢᠯᠡᠯ ᠤᠨ ᠶᠡᠭᠡ ᠵᠢᠭᠰᠠᠭᠠᠨ ᠪᠠᠶᠢᠴᠠᠭᠠᠯᠲᠠ ᠶᠡᠭᠡ ᠴᠡᠭᠴᠡᠯᠡᠨ ᠵᠠᠰᠠᠬᠤ ᠠᠵᠢᠯᠯᠠᠭ᠎ᠠ ᠶᠢᠨ ᠬᠡᠷᠡᠭᠵᠢᠭᠦᠯᠬᠦ ᠲᠥᠰᠥᠯ︾᠎ ᠤᠨ ᠠᠵᠢᠯ ᠤᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠠᠮᠤᠷ ᠲᠦᠪᠰᠢᠨ ᠤ ᠠᠶᠤᠯ ᠲᠦᠭᠰᠢᠭᠦᠷᠢ ᠶᠢᠨ ᠳᠠᠯᠳᠠ ᠬᠡᠮ ᠢ ᠶᠡᠭᠡ ᠪᠠᠷ ᠵᠢᠭᠰᠠᠭᠠᠨ ᠪᠠᠶᠢᠴᠠᠭᠠᠵᠤ ᠶᠡᠭᠡ ᠪᠠᠷ ᠴᠡᠭᠴᠡᠯᠡᠨ ᠵᠠᠰᠠᠬᠤ ᠠᠵᠢᠯ ᠢ ᠦᠳᠲᠡᠷ ᠲᠦᠷᠭᠡᠨ ᠥᠷᠨᠢᠭᠦᠯᠵᠦ᠂ ᠡᠯ᠎ᠡ ᠲᠥᠷᠥᠯ ᠤᠨ ᠦᠢᠯᠡᠳᠪᠦᠷᠢᠯᠡᠯ ᠤᠨ ᠠᠮᠤᠷ ᠲᠦᠪᠰᠢᠨ ᠤ ᠠᠳᠡᠯ ᠢ ᠡᠷᠡᠰ ᠰᠡᠷᠭᠡᠶᠢᠯᠡᠨ ᠬᠤᠷᠢᠭᠯᠠᠬᠤ ᠬᠡᠷᠡᠭᠲᠡᠢ᠃ᠡᠯ᠎ᠡ ᠬᠤᠪᠢᠳᠠᠨ ᠬᠠᠮᠢᠶᠠᠷᠴᠤ ᠪᠦᠬᠦᠢ ᠤᠳᠤᠷᠢᠳᠤᠯᠭ᠎ᠠ ᠲᠦᠷᠦᠭᠦᠯᠡᠨ ᠨᠢᠭᠡᠳᠦᠭᠡᠷ ᠹᠷᠣᠨᠲ ᠲᠤ ᠭᠦᠨᠵᠡᠭᠡᠶᠢᠷᠡᠨ ᠬᠢᠨᠠᠨ ᠵᠢᠯᠤᠭᠤᠳᠴᠤ ᠪᠠᠶᠢᠴᠠᠭᠠᠬᠤ ᠶᠢ ᠥᠷᠨᠢᠭᠦᠯᠵᠦ ᠂ ᠠᠵᠤ ᠠᠬᠤᠶᠢᠯᠠᠯ ᠤᠨ ᠭᠡᠮ ᠰᠣᠭᠤᠭ ᠢ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠶᠢ ᠠᠳᠬᠤᠬᠤ ᠶᠢ ᠱᠠᠯᠠᠪᠳᠠᠭᠤᠯᠵᠤ ᠂ ᠠᠶᠤᠯᠭᠦᠢ ᠦᠢᠯᠡᠳᠪᠦᠷᠢᠯᠡᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠬᠡᠷᠡᠭᠲᠡᠢ ᠃ ᠡᠯ᠎ᠡ ᠠᠵᠢᠯ ᠲᠥᠷᠥᠯ ᠤᠨ ᠰᠠᠯᠠᠭ᠎ᠠ ᠮᠥᠴᠢᠷ ᠤᠳ ᠲᠦᠭᠰᠢᠭᠦᠷᠢ ᠶᠢᠨ ᠳᠠᠯᠳᠠ ᠬᠡᠮ ᠢ ᠡᠬᠢ ᠡᠭᠦᠰᠦᠯ ᠠᠴᠠ ᠨᠢ ᠬᠠᠮᠢᠶᠠᠷᠤᠨ ᠡᠵᠡᠮᠳᠡᠬᠦ ᠪᠠᠨ ᠴᠢᠩᠭᠠᠳᠬᠠᠵᠤ᠂ ᠨᠡᠭᠦᠷᠡᠰᠦᠨ ᠠᠭᠤᠷᠬᠠᠢ ᠪᠠ ᠨᠡᠭᠦᠷᠡᠰᠦᠨ ᠪᠤᠰᠤ ᠠᠭᠤᠷᠬᠠᠢ ᠶᠢᠨ ᠠᠭᠤᠯᠠ᠂ ᠠᠶᠤᠯᠲᠠᠢ ᠬᠢᠮᠢ ᠶᠢᠨ ᠪᠣᠳᠠᠰ᠂ ᠬᠤᠲᠠ ᠪᠠᠯᠭᠠᠰᠤ ᠶᠢᠨ ᠰᠢᠲᠠᠮᠠᠬᠠᠢ ᠬᠡᠢ᠂ ᠭᠠᠯ ᠤᠨᠲᠠᠷᠠᠭᠠᠬᠤ ᠭᠠᠯ ᠤᠨ ᠠᠶᠤᠯ ᠵᠡᠷᠭᠡ ᠭᠤᠣᠯᠳᠠᠯᠭ᠎ᠠ ᠲᠠᠢ ᠠᠵᠢᠯ ᠲᠥᠷᠥᠯ ᠤᠨ ᠬᠦᠷᠢᠶ᠎ᠡ ᠴᠠᠷᠠᠭ᠎ᠠ ᠶᠢᠨ ᠲᠤᠰᠬᠠᠢ ᠲᠥᠷᠥᠯ ᠤᠨ ᠵᠠᠰᠠᠯᠲᠠ ᠶᠢ ᠦᠷᠭᠦᠯᠵᠢᠯᠡᠨ ᠥᠷᠨᠢᠭᠦᠯᠵᠦ᠂ ᠲᠤᠰᠬᠠᠢ ᠮᠡᠷᠭᠡᠵᠢᠯᠲᠡᠨ ᠢ ᠦᠳᠲᠡᠷ ᠲᠦᠷᠭᠡᠨ ᠤᠷᠢᠵᠤ ᠠᠶᠤᠯ ᠦᠭᠡᠢ ᠦᠢᠯᠡᠳᠪᠦᠷᠢᠯᠡᠯ ᠤᠨ ᠪᠠᠶᠢᠴᠠᠭᠠᠯᠲᠠ ᠶᠢ ᠥᠷᠨᠢᠭᠦᠯᠬᠦ ᠬᠡᠷᠡᠭᠲᠡᠢ ᠭᠡᠵᠦ ᠵᠢᠭᠠᠵᠤ ᠭᠠᠷᠭᠠᠵᠠᠢ᠃    ᠬᠤᠷᠠᠯ ᠠᠴᠠ ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠬᠤᠳᠠ ᠶᠢᠨ ᠨᠠᠮ ᠤᠨ ᠬᠤᠷᠢᠶ᠎ᠠ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠂ ᠭᠠᠵᠠᠷ ᠤᠨ ᠲᠡᠰ ᠤᠨ ᠤᠳᠤᠷᠢᠳᠤᠯᠭ᠎ᠠ ᠳᠠᠭᠠᠭᠠᠴᠢᠯᠠᠨ ᠬᠤᠯᠪᠣᠭᠠᠯᠠᠬᠤ ᠬᠠᠷᠢᠭᠤᠴᠠᠯᠭ᠎ᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠤᠨ᠂ ᠨᠢᠭᠡᠳᠦᠭᠡᠷ ᠹᠷᠣᠨᠲ ᠲᠤ ᠭᠦᠨᠵᠡᠭᠡᠶᠢᠷᠡᠨ ᠪᠠᠶᠢᠳᠠᠯ ᠢ ᠲᠣᠳᠣᠷᠬᠠᠢ ᠣᠶᠢᠯᠠᠭᠠᠵᠤ ᠂ ︽ ᠨᠢᠭᠡ ᠠᠵᠤ ᠠᠬᠤᠶᠢᠯᠠᠯ ᠨᠢᠭᠡ ᠲᠦᠷᠦ ᠶᠢᠨ ᠪᠣᠳᠣᠯᠭ᠎ᠠ ︾ ᠎ ᠶᠢ ᠲᠤᠰᠬᠠᠢ ᠲᠦᠷᠦᠯ ᠢᠶᠠᠷ ᠬᠠᠪᠰᠤᠷᠤᠨ ᠲᠡᠳᠬᠦᠬᠦ ᠶᠢ ᠨᠠᠶᠢᠳᠠᠪᠤᠷᠢᠵᠢᠭᠤᠯᠤᠨ᠂ ᠠᠶᠤᠯᠭᠦᠢ ᠦᠢᠯᠡᠳᠪᠦᠷᠢᠯᠡᠯ ᠤᠨ ᠤᠷᠢᠲᠠᠯ ᠳᠣᠣᠷ᠎ᠠ ᠂ ᠭᠤᠣᠯᠳᠠᠯᠭ᠎ᠠ ᠲᠠᠢ ᠠᠵᠤ ᠠᠬᠤᠶᠢᠯᠠᠯ ᠤᠨ ᠦᠷᠭᠦᠯᠵᠢᠯᠡᠨ ᠥᠨᠳᠥᠷ ᠪᠦᠲᠦᠮᠵᠢᠲᠡᠢ ᠠᠵᠢᠯᠯᠠᠬᠤ ᠶᠢ ᠪᠠᠲᠤᠯᠠᠵᠤ ᠂ ᠦᠢᠯᠡᠳᠪᠦᠷᠢᠯᠡᠯ ᠤᠨ ᠴᠢᠳᠠᠪᠤᠷᠢ ᠶᠢ ᠪᠦᠬᠦ ᠬᠦᠴᠦᠨ ᠢᠶᠠᠷ ᠢᠶᠠᠨ ᠪᠠᠳᠠᠷᠠᠭᠤᠯᠬᠤ ᠬᠡᠷᠡᠭᠲᠡᠢ ᠃ ︽ᠨᠢᠭᠡ ᠭᠤᠣᠯᠳᠠᠯᠭ᠎ᠠ᠂ ᠬᠤᠶᠠᠷ ᠲᠤᠰᠬᠠᠢ ᠠᠩᠭᠢ︾᠎ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠲᠥᠷᠥᠯ ᠵᠦᠢᠯ ᠤᠨ ᠭᠠᠷᠳᠠᠮ ᠢ ᠭᠦᠢᠴᠡᠳᠬᠡᠬᠦ ᠪᠠ ᠪᠡᠯᠡ ᠮᠥᠩᠭᠦ᠂ ᠭᠠᠵᠠᠷ ᠰᠢᠷᠣᠢ ᠵᠡᠷᠭᠡ ᠬᠦᠴᠦᠨ ᠵᠦᠢᠯ ᠤᠨ ᠪᠠᠲᠤᠯᠠᠭ᠎ᠠ ᠶᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠲᠠᠰᠤᠷᠠᠯᠲᠠ ᠦᠭᠡᠢ ᠲᠠᠩᠰᠠ ᠡᠪᠬᠡᠮᠡᠯ ᠲᠠᠢ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠢ᠃ ᠬᠡᠷᠡᠭᠯᠡᠭᠡᠨ ᠤ ᠨᠡᠮᠡᠭᠳᠡᠯ ᠤᠨ ᠴᠡᠭ ᠢ ᠭᠦᠢᠴᠡᠳ ᠠᠭᠤᠳᠠᠯᠵᠤ ᠂ ᠪᠣᠷᠤᠯᠠᠭᠤᠯᠭ᠎ᠠ ᠶᠢ ᠠᠬᠢᠭᠤᠯᠬᠤ ᠤᠯᠠᠨ ᠵᠦᠢᠯ ᠤᠨ ᠬᠡᠯᠪᠡᠷᠢ ᠶᠢᠨ ᠠᠵᠢᠯᠯᠠᠭ᠎ᠠ ᠶᠢ ᠥᠷᠨᠢᠭᠦᠯᠵᠦ ᠂ ᠰᠠᠭᠤᠭᠠᠯᠢ ᠠᠷᠠᠳ ᠤᠨ ᠬᠡᠷᠡᠭᠯᠡᠭᠡᠨ ᠤ ᠲᠠᠯᠳᠠ ᠬᠦᠴᠦᠨ ᠢ ᠤᠯᠠᠮ ᠨᠢᠭᠡ ᠠᠯᠬᠤᠮ ᠪᠠᠳᠠᠷᠠᠭᠤᠯᠵᠤ ᠂ ᠬᠡᠷᠡᠭᠯᠡᠭᠡᠨ ᠤ ᠬᠡᠪᠴᠢᠶ᠎ᠡ ᠶᠢ ᠥᠷᠭᠡᠳᠬᠡᠬᠦ ᠬᠡᠷᠡᠭᠲᠡᠢ ᠃ ᠭᠤᠣᠯᠳᠠᠯᠭ᠎ᠠ ᠲᠠᠢ ᠠᠵᠢᠯ ᠲᠦᠷᠦᠯ ᠤᠨ ᠭᠤᠣᠯᠳᠠᠯᠭ᠎ᠠ ᠲᠠᠢ ᠭᠠᠶᠢᠯᠢ ᠶᠢᠨ ᠢᠷᠡᠯᠲᠡ ᠶᠢᠨ ᠲᠠᠯᠳᠠ ᠬᠦᠴᠦᠨ ᠢ ᠠᠭᠤᠳᠠᠯᠬᠤ ᠶᠢ ᠴᠢᠩᠭᠠᠳᠬᠠᠵᠤ ᠂ ᠭᠤᠣᠯᠳᠠᠯᠭ᠎ᠠ ᠲᠠᠢ ᠠᠵᠢᠯ ᠲᠦᠷᠦᠯ ᠂ ᠭᠤᠣᠯᠳᠠᠯᠭ᠎ᠠ ᠲᠠᠢ ᠭᠠᠶᠢᠯᠢ ᠶᠢᠨ ᠢᠷᠡᠯᠲᠡ ᠂ ᠭᠤᠣᠯᠳᠠᠯᠭ᠎ᠠ ᠲᠠᠢ ᠠᠵᠤ ᠠᠬᠤᠶᠢᠯᠠᠯ ᠤᠨ ᠮᠥᠷᠳᠡᠨ ᠦᠢᠯᠡᠴᠢᠯᠡᠬᠦ ᠶᠢ ᠴᠢᠩᠭᠠᠳᠬᠠᠵᠤ ᠂ ᠡᠳ᠋ ᠤᠨ ᠵᠠᠰᠠᠭ ᠤᠨ ᠣᠷᠣᠯᠭ᠎ᠠ ᠶᠢᠨ ᠬᠠᠷᠠᠯᠲᠠ ᠡᠭᠦᠷᠭᠡ ᠶᠢ ᠪᠡᠶᠡᠯᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠢ ᠃ ᠭᠤᠣᠯ ᠪᠣᠯᠬᠤ ᠠᠵᠤ ᠠᠬᠤᠢ ᠶᠢᠨ ᠭᠦᠢᠴᠡᠳᠬᠡᠯ ᠲᠤᠭ᠎ᠠ ᠶᠢ ᠮᠡᠳᠡᠭᠦᠯᠦᠨ ᠬᠦᠷᠭᠡᠵᠦ ᠬᠢᠨᠠᠨ ᠬᠡᠮᠵᠢᠬᠦ ᠶᠢ ᠴᠢᠩᠭᠠᠳᠬᠠᠵᠤ ᠂ ᠠᠵᠤ ᠠᠬᠤᠶᠢᠯᠠᠯ ᠤᠨ ᠵᠢᠯᠣᠭᠤᠳᠤᠯᠭ᠎ᠠ ᠦᠢᠯᠡᠴᠢᠯᠡᠭᠡ ᠶᠢ ᠴᠢᠩᠭᠠᠳᠬᠠᠨ᠂ ᠡᠯ᠎ᠡ ᠵᠦᠢᠯ ᠤᠨ ᠲᠤᠭ᠎ᠠ ᠪᠠᠷᠢᠮᠲᠠ ᠶᠢ ᠣᠷᠣᠭᠤᠯᠵᠤ ᠳᠡᠶᠢᠯᠬᠦ ᠶᠢ ᠨᠢ ᠪᠦᠬᠦᠨ ᠢ ᠣᠷᠣᠭᠤᠯᠵᠤ ᠂ ᠤᠯᠠᠨ ᠣᠷᠣᠭᠤᠯᠵᠤ ᠲᠦᠷᠭᠡᠨ ᠣᠷᠣᠭᠤᠯᠵᠤ ᠂ ᠨᠢᠭᠡᠳᠬᠡᠪᠡᠰᠦ ᠵᠣᠬᠢᠬᠤ ᠶᠢ ᠨᠢ ᠪᠦᠬᠦᠨ ᠢ ᠨᠢᠭᠡᠳᠬᠡᠬᠦ ᠪᠠᠷ ᠴᠢᠷᠮᠠᠶᠢᠬᠤ ᠬᠡᠷᠡᠭᠲᠡᠢ ᠃ ᠬᠤᠳᠠᠯᠳᠤᠭᠠᠴᠢᠨ ᠤᠷᠢᠬᠤ ᠠᠬᠢᠴᠠ ᠶᠢᠨ ᠪᠠᠶᠢᠳᠠᠯ ᠢ ᠲᠣᠭᠲᠠᠮᠠᠯ ᠬᠤᠭᠤᠴᠠᠭ᠎ᠠ ᠲᠠᠢ ᠪᠠᠷ ᠰᠤᠳᠤᠯᠤᠨ ᠮᠠᠭᠠᠳᠯᠠᠵᠤ᠂ ᠬᠤᠳᠠᠯᠳᠤᠭᠠᠴᠢᠨ ᠤᠷᠢᠬᠤ ᠲᠥᠷᠥᠯ ᠵᠦᠢᠯ ᠤᠨ ᠪᠣᠭᠤᠮᠲᠠ ᠶᠢ ᠰᠠᠶᠢᠲᠤᠷ ᠠᠳᠬᠤᠵᠤ᠂ ᠪᠥᠬᠦ ᠲᠣᠭᠤᠷᠢᠭ ᠤᠨ ᠠᠵᠤ ᠦᠢᠯᠡᠰ ᠤᠨ ᠬᠡᠯᠬᠢᠶ᠎ᠡ ᠶᠢ ᠪᠠᠶᠢᠭᠤᠯᠤᠨ ᠤᠷᠲᠤᠳᠬᠠᠵᠤ ᠬᠦᠴᠦᠷᠬᠡᠭᠵᠢᠭᠦᠯᠬᠦ ᠶᠢ ᠠᠬᠢᠭᠤᠯᠬᠤ ᠲᠣᠮᠣ ᠲᠥᠷᠥᠯ ᠵᠦᠢᠯ ᠰᠠᠶᠢᠨ ᠲᠥᠷᠥᠯ ᠵᠦᠢᠯ ᠳᠤ ᠨᠠᠩ ᠢᠯᠡᠭᠦᠦ ᠬᠦᠴᠦ ᠲᠠᠯᠪᠢᠵᠤ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠶᠢᠨ ᠠᠮᠵᠢᠯᠲᠠ ᠣᠯᠬᠤ ᠨᠣᠷᠮ᠎ᠠ ᠶᠢ ᠦᠷᠭᠦᠯᠵᠢᠯᠡᠨ ᠳᠡᠭᠡᠭᠰᠢᠯᠡᠭᠦᠯᠬᠦ ᠬᠡᠷᠡᠭᠲᠡᠢ ᠭᠡᠵᠦ ᠴᠢᠬᠤᠯᠠᠴᠢᠯᠠᠵᠠᠢ᠃    ᠬᠤᠷᠠᠯ ᠠᠴᠠ ᠂ ᠶᠡᠷᠦᠩᠬᠡᠢ ᠱᠦᠵᠢ ᠰᠢ ᠶᠢᠨ ᠫᠢᠩ ᠎ ᠤᠨ ᠥᠪᠥᠷ ᠮᠣᠩᠭᠤᠯ ᠳᠤ ᠲᠤᠰᠢᠶᠠᠭᠰᠠᠨ ︽ ᠲᠠᠪᠤᠨ ᠶᠡᠭᠡ ᠡᠭᠦᠷᠭᠡ ︾ ᠎ ᠶᠢ ᠨᠠᠶᠢᠳᠠᠪᠤᠷᠢᠵᠢᠭᠤᠯᠬᠤ ᠶᠢᠨ ᠴᠢᠬᠤᠯᠠ ᠠᠴᠢ ᠬᠤᠯᠪᠣᠭᠳᠠᠯ ᠢ ᠭᠦᠢᠴᠡᠳ ᠲᠠᠨᠢᠵᠤ ᠂ ᠤᠬᠠᠮᠰᠠᠷ ᠠᠴᠠ ᠪᠠᠨ ᠦᠵᠡᠯ ᠰᠠᠨᠠᠭ᠎ᠠ ᠪᠣᠯᠣᠨ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶᠠᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠳᠡᠭᠡᠷ᠎ᠡ ᠨᠢᠭᠡᠳᠬᠡᠵᠦ ᠂ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ ᠂ ᠲᠠᠪᠤᠨ ᠶᠡᠭᠡ ᠡᠭᠦᠷᠭᠡ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ ᠂ ᠨᠡᠩ ᠶᠡᠭᠡ ᠦᠷ᠎ᠡ ᠪᠦᠲᠦᠮᠵᠢ ᠣᠯᠬᠤ ᠪᠠᠷ ᠴᠢᠷᠮᠠᠶᠢᠬᠤ ᠬᠡᠷᠡᠭᠲᠡᠢ᠃ ᠳᠡᠭᠡᠳᠦ ᠱᠠᠲᠤᠨ ᠤ ᠲᠥᠰᠥᠯ ᠪᠣᠯᠣᠨ ᠨᠠᠷᠢᠨ ᠲᠠᠩᠰᠠ ᠶᠢᠨ ᠱᠠᠭᠠᠷᠳᠠᠯᠭ᠎ᠠ ᠲᠠᠢ ᠬᠠᠷᠢᠴᠠᠭᠤᠯᠤᠨ ᠠᠵᠢᠯ ᠢ ᠠᠬᠢᠭᠤᠯᠬᠤ ᠳᠤᠮᠳᠠ ᠣᠷᠣᠰᠢᠵᠤ ᠪᠠᠶᠢᠭ᠎ᠠ ᠠᠰᠠᠭᠤᠳᠠᠯ ᠢ ᠴᠠᠭ ᠲᠤᠬᠠᠢ ᠳᠤᠨᠢ ᠰᠤᠳᠤᠯᠤᠨ ᠰᠢᠢᠳᠪᠦᠷᠢᠯᠡᠵᠦ ᠂ ᠲᠣᠭᠲᠠᠭᠰᠠᠨ ᠬᠤᠭᠤᠴᠠᠭ᠎ᠠ ᠲᠠᠢ ᠪᠠᠷ ᠠᠵᠢᠯ ᠤᠨ ᠠᠬᠢᠴᠠ ᠶᠢ ᠲᠣᠬᠢᠷᠠᠭᠤᠯᠵᠤ ᠂ ︽ ᠲᠠᠪᠤᠨ ᠶᠡᠭᠡ ᠡᠭᠦᠷᠭᠡ ︾ ᠎ ᠶᠢᠨ ᠠᠵᠢᠯ ᠤᠨ ᠲᠠᠰᠤᠷᠠᠯᠳᠡ ᠦᠭᠡᠢ ᠰᠢᠨ᠎ᠡ ᠦᠷ᠎ᠡ ᠪᠦᠲᠦᠮᠵᠢ ᠣᠯᠬᠤ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠵᠠᠢ᠃    ᠬᠤᠷᠠᠯ ᠠᠴᠠ ᠂ ᠪᠦᠬᠦ ᠲᠣᠭᠤᠷᠢᠭ ᠢᠶᠠᠷ ᠢᠶᠠᠨ ᠠᠵᠢᠯ ᠤᠨ ᠪᠠᠶᠢᠳᠠᠯ ᠢᠶᠠᠨ ᠲᠦᠷᠭᠡᠨ ᠳᠡᠭᠡᠭᠰᠢᠯᠡᠭᠦᠯᠵᠦ ᠂ ᠪᠣᠯᠪᠠᠰᠤᠨ ᠬᠤᠳᠠ ᠡᠭᠦᠳᠥᠨ ᠪᠠᠶᠢᠭᠤᠯᠬᠤ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ ᠂ ᠪᠣᠯᠪᠠᠰᠤᠨ ᠬᠤᠳᠠ ᠡᠭᠦᠳᠥᠨ ᠪᠠᠶᠢᠭᠤᠯᠬᠤ ᠠᠵᠢᠯ ᠤᠨ ᠱᠠᠭᠠᠷᠳᠠᠯᠭ᠎ᠠ ᠶᠣᠰᠣᠭᠠᠷ ᠂ ᠵᠥᠭᠡᠯᠡᠨ ᠬᠠᠲᠠᠭᠤ ᠬᠡᠷᠡᠭᠰᠡᠯ ᠤᠨ ᠲᠦᠪᠰᠢᠨ ᠤ ᠬᠤᠣᠰ ᠳᠡᠭᠡᠭᠰᠢᠯᠡᠯᠲᠡ ᠶᠢ ᠨᠢᠭᠡ ᠴᠣᠭᠴᠠᠵᠢᠭᠤᠯᠤᠨ ᠠᠬᠢᠭᠤᠯᠬᠤ ᠬᠡᠷᠡᠭᠲᠡᠢ ᠃ ᠡᠯ᠎ᠡ ᠲᠤᠰᠬᠠᠢ ᠠᠩᠭᠢ ᠨᠢ ᠲᠣᠰ ᠲᠣᠰ ᠤᠨ ᠬᠠᠷᠢᠭᠤᠴᠠᠯᠭ᠎ᠠ ᠪᠠᠨ ᠰᠠᠶᠢᠲᠤᠷ ᠨᠠᠶᠢᠳᠠᠪᠤᠷᠢᠵᠢᠭᠤᠯᠵᠤ᠂ ᠰᠢᠯᠭᠠᠨ ᠦᠨᠡᠯᠡᠬᠦ ᠪᠠᠷᠢᠮᠵᠢᠶ᠎ᠠ ᠶᠢ ᠴᠢᠩᠭ᠎ᠠ ᠬᠠᠷᠢᠴᠠᠭᠤᠯᠤᠨ ᠂ ᠪᠠᠭᠤᠷᠠᠢ ᠲᠠᠯ᠎ᠠ ᠶᠢᠨ ᠳᠤᠲᠠᠭᠤᠳᠠᠯ ᠢᠶᠠᠨ ᠨᠥᠬᠦᠪᠦᠷᠢᠯᠡᠬᠦ ᠬᠡᠷᠡᠭᠲᠡᠢ᠃ ᠬᠤᠳᠠ ᠡᠭᠦᠳᠦᠨ ᠪᠠᠶᠢᠭᠤᠯᠬᠤ ᠠᠵᠢᠯ ᠎ ᠤᠨ ᠠᠯᠪᠠᠨ ᠭᠡᠷ ᠂ ᠬᠤᠶᠠᠷ ᠠᠯᠪᠠᠨ ᠭᠡᠷ ᠤᠨ ᠰᠢᠮᠳᠠᠭᠤᠯᠤᠨ ᠪᠠᠶᠢᠴᠠᠭᠠᠬᠤ ᠲᠠᠰᠤᠭ ᠂ ᠵᠣᠬᠢᠶᠠᠨ ᠪᠠᠶᠢᠭᠤᠯᠬᠤ ᠬᠡᠯᠲᠡᠰ ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠪᠣᠯᠪᠠᠰᠤᠨ ᠬᠤᠳᠠ ᠡᠭᠦᠳᠦᠨ ᠪᠠᠶᠢᠭᠤᠯᠬᠤ ᠠᠵᠢᠯ ᠎ ᠢ ᠰᠢᠮᠳᠠᠭᠤᠯᠤᠨ ᠵᠢᠯᠤᠭᠤᠳᠴᠤ ᠪᠠᠶᠢᠴᠠᠭᠠᠬᠤ ᠡᠷᠴᠢᠮ ᠢᠶᠠᠨ ᠴᠢᠩᠭᠠᠳᠬᠠᠵᠤ ᠂ ᠣᠷᠣᠰᠢᠵᠤ ᠪᠠᠶᠢᠭ᠎ᠠ ᠠᠰᠠᠭᠤᠳᠠᠯ ᠢ ᠴᠠᠭ ᠲᠤᠬᠠᠢ ᠎ ᠳᠤ ᠎ ᠨᠢ ᠬᠠᠷᠢᠭᠤ ᠲᠤᠰᠬᠠᠨ ᠂ ᠪᠣᠯᠪᠠᠰᠤᠨ ᠬᠤᠳᠠ ᠡᠭᠦᠳᠦᠨ ᠪᠠᠶᠢᠭᠤᠯᠬᠤ ᠠᠵᠢᠯ ᠤᠨ ᠠᠬᠢᠴᠠ ᠶᠢ ᠮᠡᠳᠡᠭᠡᠯᠡᠵᠦ᠂ ᠮᠠᠨ ᠤ ᠲᠣᠭᠤᠷᠢᠭ ᠤᠨ ᠬᠤᠳᠠ ᠡᠭᠦᠳᠦᠨ ᠪᠠᠶᠢᠭᠤᠯᠬᠤ ᠠᠵᠢᠯ ᠤᠨ ᠴᠢᠨᠠᠷ ᠰᠠᠶᠢᠲᠠᠢ ᠪᠠᠷ ᠳᠠᠩᠰᠠ ᠡᠪᠬᠡᠮᠡᠯ ᠮᠡᠳᠡᠭᠦᠯᠥᠨ ᠲᠤᠰᠢᠶᠠᠬᠤ ᠶᠢ ᠦᠨᠡᠨᠬᠦ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠵᠠᠢ᠃    ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ ᠃
 
ᠢᠷᠡᠯᠲᠡ᠄ ᠶᠤᠸᠠᠨ ᠪᠣᠥ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠰᠥᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1