ᠶᠤᠸᠠᠨ ᠪᠦᠦ ᠱᠠᠨ ᠲᠣᠭᠤᠷᠢᠭ ᠤᠨ ᠵᠠᠰᠠᠭ ᠤᠨ ᠣᠷᠳᠣᠨ 2023 ᠣᠨ ᠤ 6 ᠳ᠋ᠤᠭᠠᠷ ᠤᠳᠠᠭᠠᠨ ᠤ ᠪᠠᠶᠢᠩᠭᠤ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/5/30
    4 ᠰᠠᠷ᠎ᠠ ᠶᠢᠨ 4᠎ ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠵᠠᠰᠠᠭ ᠤᠨ ᠣᠷᠳᠣᠨ ᠤ ᠲᠣᠭᠤᠷᠢᠭ ᠤᠨ ᠳᠠᠷᠤᠭ᠎ᠠ ᠵᠠᠩ ᡁᠢ ᠸᠧᠢ ᠲᠣᠭᠤᠷᠢᠭ ᠤᠨ ᠵᠠᠰᠠᠭ ᠤᠨ ᠣᠷᠳᠣᠨ ᠤ 2023 ᠣᠨ ᠤ 6 ᠳ᠋ᠤᠭᠠᠷ ᠤᠳᠠᠭᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠲᠣᠭᠤᠷᠢᠭ ᠤᠨ ᠵᠠᠰᠠᠭ ᠤᠨ ᠣᠷᠳᠣᠨ ᠤ ᠤᠳᠤᠷᠢᠳᠬᠤ ᠪᠠᠭ ᠤᠨ ᠪᠦᠷᠢᠯᠳᠦᠭᠦᠨ ᠴᠢᠨ ᠶᠠᠨ ᠳ᠋ᠦᠩ᠂ ᠵᠢᠶᠣᠣ ᠴᠢᠩ ᠳ᠋ᠦᠩ᠂ ᠯᠢᠦ ᠱᠤᠸᠠᠩ᠂ ᠯᠢ ᠽᠥᠩ ᠮᠧᠩ᠂ ᠶᠢᠨ ᠮᠢᠩ᠂ ᠫᠧᠩ ᠰᠢᠶᠣᠣ ᠵᠢᠤᠸᠠᠨ᠂ ᠪᠦᠦ ᠶᠦᠨ ᠳ᠋ᠦᠩ᠂ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠭᠡᠷ ᠤᠨ ᠡᠷᠬᠢᠯᠡᠭᠴᠢ ᠶᠠᠩ ᠰᠢᠨ ᠢᠦᠢ ᠬᠤᠷᠠᠯ ᠳᠤ ᠣᠷᠣᠯᠴᠠᠵᠤ᠂ ᠲᠣᠭᠤᠷᠢᠭ ᠤᠨ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠡᠯ᠎ᠡ ᠪᠠᠯᠭᠠᠰᠤ ᠰᠢᠶᠠᠩ ᠵᠡᠭᠡᠯᠢ ᠶᠢᠨ ᠭᠤᠣᠯ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠵᠠᠢ᠃    ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠲᠤᠭ᠎ᠠ ᠪᠦᠷᠢᠳᠬᠡᠯ ᠤᠨ ᠠᠵᠢᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠵᠢᠴᠢ ᠬᠠᠮᠢᠶ᠎ᠠ ᠪᠦᠬᠦᠢ ᠬᠤᠷᠠᠯ᠂ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ᠂ ᠳᠡᠳ᠋ ᠶᠡᠷᠦᠩᠬᠡᠢ ᠰᠠᠶᠢᠳ ᠵᠠᠩ ᠭᠦᠸᠧ ᠴᠢᠩ ᠤᠨ ᠥᠪᠥᠷ ᠮᠣᠩᠭᠤᠯ ᠤᠨ ᠠᠶᠤᠯᠭᠦᠢ ᠦᠢᠯᠡᠳᠪᠦᠷᠢᠯᠡᠯ ᠤᠨ ᠠᠵᠢᠯ ᠳᠤ ᠪᠠᠶᠢᠴᠠᠭᠠᠨ ᠰᠤᠳᠤᠯᠤᠯᠲᠠ ᠬᠢᠬᠦ ᠦᠶ᠎ᠡ ᠶᠢᠨ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ︔ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠶᠤᠯᠭᠦᠢ ᠦᠢᠯᠡᠳᠪᠦᠷᠢᠯᠡᠯ ᠤᠨ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠤᠨ ᠣᠷᠳᠣᠨ ᠤ ᠬᠤᠳᠠᠯᠳᠤᠨ ᠠᠪᠬᠤ ᠬᠠᠤᠯᠢ︾᠎ ᠶᠢ ᠰᠤᠷᠤᠯᠴᠠᠪᠠ︔ ︽ᠲᠠᠪᠤᠨ ᠶᠡᠭᠡ ᠡᠭᠦᠷᠭᠡ︾ ᠪᠣᠯᠣᠨ ︽ᠵᠢᠱᠢᠶᠡᠴᠢ ᠥᠪᠡᠷᠲᠡᠭᠡᠨ ᠵᠠᠰᠠᠬᠤ ᠣᠷᠣᠨ︾᠎ ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ ᠠᠵᠢᠯ ᠤᠨ ᠠᠬᠢᠴᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ︔ ᠪᠣᠥ ᠱᠠᠨ ᠨᠣᠮ ᠤᠨ ᠦᠷᠦᠭᠡ ᠶᠢᠨ ᠪᠦᠲᠦᠭᠡᠨ ᠪᠠᠶᠢᠭᠤᠯᠤᠯᠲᠠ ᠶᠢᠨ ᠬᠠᠮᠢᠶ᠎ᠠ ᠪᠦᠬᠦᠢ ᠶᠠᠪᠤᠳᠠᠯ ᠤᠳ᠂ ︽ᠭᠤᠷᠪᠠᠨ ᠣᠷᠳᠣᠨ ᠲᠦᠷᠪᠡᠨ ᠲᠥᠪ︾᠎ ᠤᠨ ᠵᠠᠯᠭᠠᠮᠵᠢ ᠢᠨᠵᠧᠨᠧᠷᠢᠩ ᠤᠨ ᠬᠠᠮᠢᠶ᠎ᠠ ᠪᠦᠬᠦᠢ ᠶᠠᠪᠤᠳᠠᠯ ᠤᠳ ᠢ ᠰᠤᠳᠤᠯᠪᠠ︔ ᠬᠤᠯᠪᠣᠭᠳᠠᠯ ᠪᠦᠬᠦᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃    ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠲᠤᠭ᠎ᠠ ᠪᠦᠷᠢᠳᠬᠡᠯ ᠤᠨ ᠠᠵᠢᠯ ᠤᠨ ᠲᠤᠬᠠᠢ ᠴᠢᠬᠤᠯᠠ ᠶᠠᠷᠢᠶ᠎ᠠ ᠪᠣᠯᠣᠨ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠵᠥᠪ ᠣᠨᠣᠪᠴᠢᠲᠠᠢ᠂ ᠢᠳᠡᠪᠬᠢᠲᠡᠢ ᠠᠵᠢᠯ ᠤᠨ ᠠᠮᠵᠢᠯᠲᠠ ᠶᠢᠨ ᠦᠵᠡᠯᠲᠡ ᠶᠢ ᠪᠤᠢ ᠪᠣᠯᠭᠠᠵᠤ᠂ ᠠᠵᠤ ᠠᠬᠤᠢ ᠶᠢᠨ ᠲᠤᠭ᠎ᠠ ᠪᠦᠷᠢᠳᠬᠡᠯ ᠤᠨ ᠬᠠᠮᠢᠶ᠎ᠠ ᠪᠦᠬᠦᠢ ᠲᠤᠬᠠᠶᠢᠯᠠᠭᠰᠠᠨ ᠠᠵᠢᠯ ᠤᠨ ᠮᠡᠳᠡᠯᠭᠡ ᠶᠢ ᠵᠣᠬᠢᠶᠠᠨ ᠪᠠᠶᠢᠭᠤᠯᠤᠨ ᠰᠠᠶᠢᠲᠤᠷ ᠰᠤᠷᠤᠯᠴᠠᠵᠤ᠂ ᠲᠤᠬᠠᠶᠢᠯᠠᠭᠰᠠᠨ ᠠᠵᠢᠯ ᠤᠨ ᠬᠡᠪ ᠪᠣᠯᠪᠠᠰᠤᠷᠠᠯ ᠢᠶᠠᠨ ᠳᠡᠭᠡᠭᠰᠢᠯᠡᠭᠦᠯᠵᠦ᠂ ᠬᠠᠷᠠᠯᠲᠠ ᠲᠠᠢ ᠪᠠᠷ ᠰᠤᠮᠤ ᠬᠠᠷᠪᠤᠬᠤ ᠬᠡᠷᠡᠭᠲᠡᠢ︔ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠭᠤᠣᠯᠳᠠᠯᠭ᠎ᠠ ᠲᠠᠢ ᠠᠵᠤ ᠠᠬᠤᠶᠢᠯᠠᠯ ᠤᠳ ᠢ ᠨᠢᠭᠡ ᠨᠢᠭᠡ ᠪᠠᠷ ᠬᠠᠷᠠᠭᠠᠯᠵᠠᠭᠤᠯᠤᠨ ᠬᠠᠷᠭᠤᠭᠤᠯᠵᠤ᠂ ᠳᠣᠲᠣᠷ᠎ᠠ ᠪᠠᠨ ᠲᠤᠭ᠎ᠠ ᠲᠠᠢ ᠪᠠᠶᠢᠵᠤ᠂ ᠠᠵᠢᠯ ᠤᠨ ᠠᠬᠢᠴᠠ ᠶᠢ ᠴᠠᠭ ᠲᠤᠬᠠᠢ ᠳᠤᠨᠢ ᠡᠵᠡᠮᠳᠡᠵᠦ᠂ ᠰᠢᠨ᠎ᠡ ᠴᠠᠭ ᠦᠶ᠎ᠡ ᠰᠢᠨ᠎ᠡ ᠱᠠᠲᠤ ᠦᠶ᠎ᠡ ᠶᠢᠨ ᠲᠤᠭ᠎ᠠ ᠪᠦᠷᠢᠳᠬᠡᠯ ᠤᠨ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠴᠢᠨᠠᠭᠰᠢᠳᠠ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ᠬᠤᠷᠠᠯ ᠠᠴᠠ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠎ ᠤᠳ ︽ᠬᠤᠳᠠᠯᠳᠤᠨ ᠠᠪᠬᠤ ᠬᠠᠤᠯᠢ︾᠎ ᠶᠢ ᠨᠠᠷᠢᠨ ᠬᠢᠨᠠᠮᠠᠭᠠᠢ ᠰᠤᠷᠤᠯᠴᠠᠨ ᠲᠤᠭᠤᠰᠢᠯᠠᠭᠤᠯᠵᠤ᠂ ᠬᠤᠳᠠᠯᠳᠤᠨ ᠠᠪᠬᠤ ᠠᠵᠢᠯᠯᠠᠭ᠎ᠠ ᠶᠢ ᠴᠢᠨᠠᠭᠰᠢᠳᠠ ᠵᠢᠷᠤᠮᠵᠢᠭᠤᠯᠵᠤ᠂ ᠬᠤᠳᠠᠯᠳᠤᠨ ᠠᠪᠬᠤ ᠤᠬᠠᠮᠰᠠᠷ ᠢᠶᠠᠨ ᠴᠢᠩᠭᠠᠳᠬᠠᠵᠤ᠂ ᠬᠤᠳᠠᠯᠳᠤᠨ ᠠᠪᠬᠤ ᠦᠵᠡᠯ ᠰᠠᠨᠠᠭ᠎ᠠ ᠪᠠᠨ ᠲᠥᠪ ᠪᠣᠯᠭᠠᠵᠤ᠂ ᠬᠤᠳᠠᠯᠳᠤᠨ ᠠᠪᠬᠤ ᠲᠡᠰ ᠳᠠᠷᠠᠭᠠᠯᠠᠯ ᠢ ᠵᠢᠷᠤᠮᠵᠢᠭᠤᠯᠵᠤ᠂ ᠪᠡᠯᠡ ᠮᠥᠩᠭᠦ ᠶᠢᠨ ᠬᠡᠷᠡᠭᠯᠡᠯᠲᠡ ᠶᠢᠨ ᠦᠷ᠎ᠡ ᠠᠰᠢᠭ ᠢ ᠳᠠᠰᠤᠷᠠᠯᠳᠠ ᠦᠭᠡᠢ ᠳᠡᠭᠡᠭᠰᠢᠯᠡᠭᠦᠯᠵᠦ᠂ ᠬᠤᠳᠠᠯᠳᠤᠨ ᠠᠪᠬᠤ ᠠᠵᠢᠯᠯᠠᠭ᠎ᠠ ᠶᠢᠨ ᠬᠠᠤᠯᠢ ᠶᠣᠰᠣᠨ ᠤ ᠲᠣᠭᠲᠠᠭᠠᠯ ᠳᠤ ᠨᠡᠶᠢᠴᠡᠬᠦ ᠶᠢ ᠪᠠᠲᠤᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃    ᠬᠤᠷᠠᠯ ᠠᠴᠠ᠂ ᠠᠶᠤᠯᠭᠦᠢ ᠦᠢᠯᠡᠳᠪᠦᠷᠢᠯᠡᠯ ᠨᠢ ᠠᠷᠠᠳ ᠤᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠳᠤ ᠬᠤᠯᠪᠣᠭᠳᠠᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠳᠤ ᠬᠤᠯᠪᠣᠭᠳᠠᠬᠤ ᠤᠴᠢᠷ ᠠᠴᠠ ᠥᠴᠥᠬᠡᠨ ᠴᠦ ᠠᠯᠠᠩ ᠰᠠᠯᠠᠩ ᠪᠠᠶᠢᠵᠤ ᠪᠣᠯᠬᠤ ᠦᠭᠡᠢ᠂ ᠥᠴᠥᠬᠡᠨ ᠴᠦ ᠠᠯᠳᠠᠭ᠎ᠠ ᠪᠤᠷᠤᠭᠤ ᠭᠠᠷᠭᠠᠵᠤ ᠪᠣᠯᠬᠤ ᠦᠭᠡᠢ᠃ ᠬᠤᠳᠠ ᠶᠢᠨ ᠭᠠᠯ ᠤᠨᠲᠠᠷᠠᠭᠠᠬᠤ ᠭᠠᠯ ᠰᠡᠷᠭᠡᠶᠢᠯᠡᠬᠦ ᠠᠮᠤᠷ ᠲᠥᠪᠰᠢᠨ ᠤ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ᠰᠠᠭᠤᠭᠠᠯᠢ ᠠᠷᠠᠳ ᠤᠨ ᠲᠣᠭᠤᠷᠢᠭ ᠤᠨ ᠴᠠᠬᠢᠯᠭᠠᠨ ᠬᠠᠩᠭᠠᠬᠤ ᠲᠥᠬᠦᠭᠡᠷᠦᠮᠵᠢ ᠶᠢ ᠪᠥᠬᠦ ᠲᠠᠯ᠎ᠠ ᠪᠠᠷ ᠡᠩᠨᠡᠭᠦᠯᠥᠨ ᠪᠠᠶᠢᠴᠠᠭᠠᠵᠤ᠂ ᠢᠯᠡ ᠣᠪᠣᠭᠠᠯᠠᠵᠤ ᠲᠠᠯᠪᠢᠭᠰᠠᠨ ᠬᠤᠭ ᠨᠣᠪᠰᠢ ᠶᠢ ᠴᠠᠭ ᠲᠤᠬᠠᠢ ᠳᠤᠨᠢ ᠴᠡᠪᠡᠷᠯᠡᠵᠦ᠂ ᠭᠠᠯ ᠤᠨ ᠠᠶᠤᠯ ᠤᠨ ᠭᠡᠮ ᠰᠤᠭᠤᠭ ᠢ ᠴᠠᠭ ᠲᠤᠬᠠᠢ ᠳᠤᠨᠢ ᠠᠷᠢᠯᠭᠠᠬᠤ ᠬᠡᠷᠡᠭᠲᠡᠢ᠃ ᠢᠳᠡᠭᠡᠨ ᠤ ᠠᠮᠤᠷ ᠲᠦᠪᠰᠢᠨ ᠤ ᠬᠠᠮᠠᠭᠠᠯᠠᠯᠲᠠ ᠶᠢᠨ ᠲᠣᠣᠷ ᠢ ᠨᠢᠭᠲᠠ ᠰᠦᠯᠵᠢᠵᠦ᠂ ᠪᠥᠬᠦ ᠠᠵᠤ ᠦᠢᠯᠡᠰ ᠤᠨ ᠬᠡᠯᠬᠢᠶᠡᠨ ᠤ ᠬᠢᠨᠠᠯᠲᠠ ᠬᠠᠮᠢᠶᠠᠷᠤᠯᠲᠠ ᠶᠢ ᠰᠠᠶᠢᠲᠤᠷ ᠠᠳᠬᠤᠵᠤ᠂ ᠡᠬᠢ ᠡᠭᠦᠰᠦᠯ᠂ ᠦᠢᠯᠡᠳᠪᠦᠷᠢᠯᠡᠵᠦ ᠡᠳ᠋ᠰᠢᠭᠦᠯᠬᠦ᠂ ᠪᠣᠷᠣᠯᠠᠭᠤᠯᠤᠨ ᠭᠦᠢᠯᠭᠡᠭᠡᠬᠦ ᠵᠡᠷᠭᠡ ᠵᠠᠩᠭᠢᠯᠠᠭ᠎ᠠ ᠠᠴᠠ ᠭᠠᠷᠳᠠᠵᠤ᠂ ᠨᠢᠭᠡ ᠨᠢᠭᠡ ᠪᠠᠷ ᠡᠩᠨᠡᠭᠦᠯᠥᠨ ᠪᠠᠶᠢᠴᠠᠭᠠᠵᠤ᠂ ᠥᠨᠴᠥᠭ ᠪᠤᠯᠤᠩ ᠦᠯᠡᠳᠡᠭᠡᠬᠦ ᠦᠭᠡᠢ ᠪᠠᠶᠢᠬᠤ ᠶᠢ ᠥᠨᠡᠨ ᠬᠦ ᠪᠠᠲᠤᠯᠠᠬᠤ ᠬᠡᠷᠡᠭᠲᠡᠢ᠃ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠢ ᠥᠨᠡᠨ ᠬᠦ ᠰᠠᠶᠢᠲᠤᠷ ᠬᠢᠵᠦ᠂ ᠰᠤᠷᠭᠠᠭᠤᠯᠢ ᠶᠢᠨ ᠬᠦᠷᠢᠶᠡᠨ ᠤ ᠢᠳᠡᠭᠡᠨ ᠤ ᠠᠮᠤᠷ ᠲᠦᠪᠰᠢᠨ ᠤ ᠠᠶᠤᠯ ᠲᠦᠭᠰᠢᠭᠦᠷᠢ ᠶᠢ ᠴᠢᠩᠭ᠎ᠠ ᠰᠡᠷᠭᠡᠶᠢᠯᠡᠨ ᠴᠢᠩᠭ᠎ᠠ ᠡᠵᠡᠮᠳᠡᠵᠦ᠂ ᠰᠤᠷᠭᠠᠭᠤᠯᠢ ᠶᠢᠨ ᠬᠦᠷᠢᠶᠡᠨ ᠤ ᠪᠠᠭᠰᠢ ᠶᠢᠨ ᠰᠤᠷᠲᠠᠯ ᠪᠠᠭᠰᠢ ᠶᠢᠨ ᠶᠣᠰᠣ ᠰᠤᠷᠲᠠᠬᠤᠨ ᠤ ᠪᠠᠶᠢᠭᠤᠯᠤᠯᠲᠠ ᠶᠢ ᠴᠢᠩᠭᠠᠳᠬᠠᠵᠤ᠂ ᠰᠤᠷᠤᠭᠴᠢᠳ ᠤᠨ ᠰᠡᠳᠬᠢᠴᠡ ᠶᠢᠨ ᠡᠷᠡᠭᠦᠯ ᠮᠡᠨᠳᠦ ᠶᠢᠨ ᠬᠥᠮᠦᠵᠢᠯ ᠢ ᠴᠢᠬᠤᠯᠠᠴᠢᠯᠠᠵᠤ᠂ ᠰᠤᠷᠭᠠᠭᠤᠯᠢ ᠶᠢᠨ ᠬᠦᠷᠢᠶᠡᠨ ᠤ ᠠᠮᠤᠷ ᠲᠥᠪᠰᠢᠨ ᠤ  ᠰᠡᠷᠭᠡᠶᠢᠯᠡᠯᠲᠡ ᠶᠢᠨ ᠱᠤᠭᠤᠮ ᠢ ᠰᠠᠶᠢᠲᠤᠷ ᠪᠠᠬᠢᠵᠢᠭᠦᠯᠬᠦ ᠬᠡᠷᠡᠭᠲᠡᠢ ᠭᠡᠵᠦ ᠴᠢᠬᠤᠯᠠᠴᠢᠯᠠᠵᠠᠢ᠃    ᠬᠤᠷᠠᠯ ᠠᠴᠠ᠂ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠲᠤᠰᠢᠶᠠᠭᠰᠠᠨ ︽ᠲᠠᠪᠤᠨ ᠶᠡᠭᠡ ᠡᠭᠦᠷᠭᠡ︾᠎ ᠶᠢ ᠪᠦᠬᠦ ᠲᠠᠯ᠎ᠠ ᠪᠠᠷ ᠲᠦᠯᠬᠢᠨ ᠠᠬᠢᠭᠤᠯᠬᠤ ᠪᠠ ︽ᠵᠢᠱᠢᠶᠡᠴᠢ ᠥᠪᠡᠷᠲᠡᠭᠡᠨ ᠵᠠᠰᠠᠬᠤ ᠣᠷᠣᠨ︾᠎ ᠢ ᠪᠦᠬᠦ ᠲᠠᠯ᠎ᠠ  ᠪᠠᠷ ᠪᠦᠲᠦᠭᠡᠨ ᠪᠠᠶᠢᠭᠤᠯᠬᠤ ᠪᠣᠯ ᠣᠳᠣᠬᠠᠨ ᠤ ᠬᠠᠮᠤᠭ ᠤᠨ ᠴᠢᠬᠤᠯᠠ ᠤᠯᠤᠰ ᠲᠥᠷᠥ ᠶᠢᠨ ᠡᠭᠦᠷᠭᠡ ᠪᠣᠯᠣᠨ᠎ᠠ᠃ ᠡᠯ᠎ᠡ ᠰᠠᠯᠠᠭ᠎ᠠ ᠮᠥᠴᠢᠷ ᠤᠨ ᠬᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ᠂ ᠰᠠᠨᠠᠭᠠᠴᠢᠯᠠᠭ᠎ᠠ ᠠᠴᠠ ᠪᠠᠨ ᠡᠭᠦᠷᠭᠡ ᠪᠠᠨ ᠲᠠᠨᠢᠨ ᠠᠪᠴᠤ᠂ ︽ᠲᠠᠪᠤᠨ ᠶᠡᠭᠡ ᠡᠭᠦᠷᠭᠡ︾᠎ ᠶᠢᠨ ᠨᠠᠷᠢᠨ ᠬᠠᠭᠤᠳᠠᠰᠤ ᠳᠤ ᠲᠣᠭᠲᠠᠭᠠᠭᠰᠠᠨ ᠵᠠᠩᠭᠢᠯᠠᠭ᠎ᠠ ᠶᠢᠨ ᠴᠡᠭ ᠶᠣᠰᠣᠭᠠᠷ᠂ ᠠᠵᠢᠯ ᠤᠨ ᠬᠤᠭᠤᠴᠠᠭ᠎ᠠ ᠶᠢ ᠲᠣᠩᠭᠤᠷᠠᠭᠤᠯᠤᠨ ᠵᠢᠭᠰᠠᠭᠠᠵᠤ᠂ ᠨᠡᠩ ᠥᠨᠳᠥᠷ ᠪᠠᠷᠢᠮᠵᠢᠶ᠎ᠠ᠂ ᠨᠡᠩ ᠴᠢᠩᠭ᠎ᠠ ᠱᠠᠭᠠᠷᠳᠠᠯᠭ᠎ᠠ᠂ ᠨᠡᠩ ᠪᠣᠳᠠᠲᠠᠢ ᠠᠷᠭ᠎ᠠ ᠬᠡᠮᠵᠢᠶ᠎ᠡ ᠪᠠᠷ ᠨᠠᠶᠢᠳᠠᠪᠤᠷᠢᠵᠢᠭᠤᠯᠬᠤ ᠠᠵᠢᠯ ᠢ ᠰᠠᠶᠢᠲᠤᠷ ᠠᠳᠬᠤᠬᠤ ᠬᠡᠷᠡᠭᠲᠡᠢ᠃ ᠴᠢᠳᠠᠮᠠᠭᠠᠢ ᠪᠠᠷ ᠳ᠋ᠦᠩᠨᠡᠨ ᠪᠣᠯᠪᠠᠰᠤᠷᠠᠭᠤᠯᠵᠤ᠂ ᠰᠠᠶᠢᠨ ᠲᠤᠷᠰᠢᠯᠭ᠎ᠠ ᠶᠢ ᠰᠢᠩᠭᠡᠬᠡᠨ ᠠᠪᠴᠤ᠂ ᠠᠰᠠᠭᠤᠳᠠᠯ ᠢ ᠴᠠᠭ ᠲᠤᠬᠠᠢ ᠳᠤᠨᠢ ᠢᠯᠡᠷᠡᠭᠦᠯᠵᠦ᠂ ᠳᠤᠲᠠᠭᠤᠳᠠᠯ ᠢᠶᠠᠨ ᠨᠥᠬᠦᠪᠦᠷᠢᠯᠡᠵᠦ᠂ ᠪᠥᠬᠦ ᠨᠠᠮ ᠤᠨ ᠭᠡᠰᠢᠭᠦᠨ ᠺᠠᠳ᠋ᠷᠴᠤᠳ ᠢ ᠬᠥᠲᠥᠯᠥᠨ ᠵᠢᠯᠤᠭᠤᠳᠴᠤ ᠪᠠᠶᠢᠭᠠᠳ ᠣᠶᠤᠨ ᠤᠬᠠᠭᠠᠨ ᠪᠠ ᠬᠦᠴᠦᠨ ᠴᠢᠳᠠᠯ ᠢ ᠨᠢ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠲᠤᠰᠢᠶᠠᠭᠰᠠᠨ ︽ᠲᠠᠪᠤᠨ ᠶᠡᠭᠡ ᠡᠭᠦᠷᠭᠡ︾᠎ ᠶᠢ ᠴᠢᠷᠮᠠᠶᠢᠨ ᠪᠡᠶᠡᠯᠡᠭᠦᠯᠬᠦ ᠪᠠ ︽ᠵᠢᠱᠢᠶᠡᠴᠢ ᠥᠪᠡᠷᠲᠡᠭᠡᠨ ᠵᠠᠰᠠᠬᠤ ᠣᠷᠣᠨ︾᠎ ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ ᠡᠨᠡ ᠬᠤᠶᠠᠷ ᠶᠡᠭᠡ ᠶᠠᠪᠤᠳᠠᠯ ᠳᠡᠭᠡᠷ᠎ᠡ ᠲᠥᠪᠯᠡᠷᠡᠭᠦᠯᠵᠦ᠂ ᠴᠤᠭᠭᠠᠷ ᠠᠳᠬᠤᠨ ᠬᠠᠮᠲᠤ ᠪᠠᠷ ᠬᠠᠮᠢᠶᠠᠷᠬᠤ᠂ ᠲᠡᠷᠢᠭᠦᠨ ᠤ ᠬᠢ ᠶᠢ ᠡᠭᠦᠳᠦᠨ ᠰᠢᠯᠢᠳᠡᠭ ᠪᠣᠯᠬᠤ ᠪᠠᠷ ᠴᠢᠷᠮᠠᠶᠢᠬᠤ ᠴᠣᠭᠯᠢᠭ ᠪᠠᠶᠢᠳᠠᠯ ᠢ ᠪᠣᠶ ᠪᠣᠯᠭᠠᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠵᠠᠢ᠃    ᠬᠤᠷᠠᠯ ᠠᠴᠠ᠂ ᠬᠤᠳᠠ ᠪᠣᠯ ᠰᠣᠶᠣᠯ ᠤᠨ ᠠᠴᠢᠶᠠᠯᠠᠪᠤᠷᠢ ᠮᠥᠨ᠂ ᠨᠣᠮ ᠤᠩᠰᠢᠬᠤ ᠪᠣᠯ ᠦᠵᠡᠯ ᠰᠠᠨᠠᠭᠠᠨ ᠤ ᠦᠨᠳᠦᠰᠦ ᠰᠤᠷᠪᠤᠯᠵᠢ ᠮᠥᠨ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠵᠦᠢ ᠵᠣᠬᠢᠰᠲᠠᠢ ᠪᠠᠷ ᠲᠥᠯᠥᠪᠵᠢᠭᠦᠯᠵᠦ᠂ ᠵᠢᠷᠤᠭ ᠲᠥᠯᠥᠪᠯᠡᠭᠡ ᠪᠠᠨ ᠰᠢᠯᠢᠳᠡᠭᠵᠢᠭᠦᠯᠵᠦ᠂ ᠤᠳᠤ ᠶᠢᠨ ᠪᠠᠶᠢᠭ᠎ᠠ ᠡᠬᠢ ᠪᠠᠶᠠᠯᠢᠭ ᠢᠶᠠᠨ ᠭᠦᠢᠴᠡᠳ ᠠᠰᠢᠭᠯᠠᠨ᠂ ᠪᠣᠥ ᠱᠠᠨ ᠨᠣᠮ ᠤᠨ ᠦᠷᠦᠭᠡ ᠶᠢᠨ ᠪᠦᠲᠦᠭᠡᠨ ᠪᠠᠶᠢᠭᠤᠯᠤᠯᠲᠠ ᠶᠢ ᠰᠢᠨᠵᠢᠯᠡᠬᠦ ᠤᠬᠠᠭᠠᠨᠴᠢ ᠪᠥᠭᠡᠳ ᠡᠮᠬᠢ ᠵᠢᠷᠤᠮ ᠲᠠᠢ ᠪᠠᠷ ᠲᠦᠯᠬᠢᠨ ᠠᠬᠢᠭᠤᠯᠵᠤ᠂ ᠪᠣᠥ ᠱᠠᠨ ᠨᠣᠮ ᠤᠨ ᠦᠷᠦᠭᠡ ᠶᠢ ᠤᠯᠠᠨ ᠲᠦᠮᠡᠨ ᠤ ᠤᠶᠤᠨ ᠰᠠᠨᠠᠭᠠᠨ ᠤ ᠰᠠᠭᠤᠷᠢᠰᠢᠯ ᠤᠨ ᠣᠷᠤᠨ ᠪᠣᠯᠭᠠᠵᠤ᠂ ᠪᠦᠬᠦ ᠠᠷᠠᠳ ᠤᠨ ᠤᠩᠰᠢᠯᠭ᠎ᠠ ᠶᠢ ᠤᠯᠠᠨ ᠲᠦᠮᠡᠨ ᠤ ᠠᠮᠢᠳᠤᠷᠠᠯ ᠳᠤ ᠦᠨᠡᠨ ᠬᠦ ᠠᠭᠤᠰᠬᠠᠵᠤ᠂ ︽ᠨᠣᠮ ᠤᠨ ᠰᠤᠷᠪᠤᠯᠵᠢᠲᠤ ᠶᠤᠸᠠᠨ ᠪᠣᠥ ᠱᠠᠨ︾᠎ ᠎ ᠤ ᠪᠦᠲᠦᠭᠡᠨ ᠪᠠᠶᠢᠭᠤᠯᠤᠯᠲᠠ ᠳᠤ ᠰᠣᠶᠣᠯ ᠤᠨ ᠠᠭᠤᠯᠬᠤᠨ ᠨᠡᠮᠡᠷᠢᠯᠡᠬᠦ ᠬᠡᠷᠡᠭᠲᠡᠢ ᠭᠡᠵᠦ ᠱᠠᠭᠠᠷᠳᠠᠵᠠᠢ᠃    ᠬᠤᠷᠠᠯ ᠠᠴᠠ᠂ ᠭᠤᠷᠪᠠᠨ ᠣᠷᠳᠣᠨ ᠳᠥᠷᠪᠡᠨ ᠲᠥᠪ ᠤᠨ ᠪᠦᠲᠦᠭᠡᠨ ᠪᠠᠶᠢᠭᠤᠯᠤᠯᠲᠠ ᠨᠢ ᠮᠥᠨ ᠴᠦ ᠬᠤᠲᠠ ᠳᠤ ᠦᠢᠯᠡᠴᠢᠯᠡᠬᠦ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ ᠴᠢᠬᠤᠯᠠ ᠠᠷᠠᠳ ᠤᠨ ᠠᠮᠢᠳᠤᠷᠠᠯ ᠤᠨ ᠢᠨᠵᠧᠨᠧᠷᠢᠩ᠂ ᠠᠷᠠᠳ ᠤᠨ ᠰᠡᠳᠬᠢᠯ ᠤᠨ ᠢᠨᠵᠧᠨᠧᠷᠢᠩ ᠪᠣᠯᠣᠨ᠎ᠠ᠂ ᠢᠨᠵᠧᠨᠧᠷᠢᠩ ᠤᠨ ᠠᠮᠤᠷ ᠲᠦᠪᠰᠢᠨ᠂ ᠶᠠᠰᠤ ᠴᠢᠨᠠᠷ ᠢ ᠪᠠᠲᠤᠯᠠᠭᠰᠠᠨ ᠤᠷᠢᠲᠠᠯ ᠳᠣᠣᠷ᠎ᠠ᠂ ᠨᠠᠷᠢᠨ ᠨᠢᠮᠪᠠᠢ ᠲᠥᠯᠥᠪᠵᠢᠭᠦᠯᠦᠨ ᠪᠠᠶᠢᠷᠢᠰᠢᠭᠤᠯᠵᠤ᠂ ᠡᠬᠢ ᠪᠠᠶᠠᠯᠢᠭ ᠢ ᠪᠦᠷᠢᠯᠭᠡᠬᠦ ᠶᠢ ᠬᠤᠷᠢᠭᠯᠠᠵᠤ᠂ ᠣᠷᠳᠤᠨ ᠲᠠᠯᠠᠪᠤᠷ ᠢ ᠠᠰᠢᠭᠯᠠᠯᠲᠠ ᠳᠤ ᠣᠷᠣᠭᠤᠯᠬᠤ ᠠᠴᠠ ᠡᠮᠦᠨᠡᠬᠢ ᠪᠡᠯᠡᠳᠬᠡᠯ ᠠᠵᠢᠯ ᠢ ᠢᠳᠡᠪᠬᠢᠲᠡᠢ ᠰᠠᠶᠢᠲᠤᠷ ᠬᠢᠵᠦ᠂ ᠤᠯᠠᠨ ᠲᠦᠮᠡᠨ ᠳᠤ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠡᠷᠲᠡᠬᠡᠨ ᠡᠳ᠋ᠯᠡᠭᠦᠯᠥᠨ᠂ ᠠᠷᠠᠳ ᠤᠯᠠᠨ ᠤ ᠵᠣᠯ ᠵᠢᠷᠭᠠᠯᠲᠤ ᠲᠥᠷᠥᠭᠳᠡᠯ ᠪᠣᠯᠣᠨ ᠬᠠᠨᠤᠮᠵᠢ ᠶᠢᠨ ᠬᠡᠮᠵᠢᠶ᠎ᠡ ᠶᠢ ᠲᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃    ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ 
 
ᠢᠷᠡᠯᠲᠡ᠄ ᠶᠤᠸᠠᠨ ᠪᠣᠥ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠰᠥᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1