ᠵᠠᠩ ᡁᠢ ᠸᠧᠢ ᠲᠣᠭᠤᠷᠢᠭ ᠤᠨ ᠵᠠᠰᠠᠭ ᠤᠨ ᠣᠷᠳᠣᠨ ᠤ 2023 ᠣᠨ ᠤ 7 ᠳ᠋ᠤᠭᠠᠷ ᠤᠳᠠᠭᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/5/30
    4 ᠰᠠᠷ᠎ᠠ ᠶᠢᠨ 20᠎ ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠵᠠᠰᠠᠭ ᠤᠨ ᠣᠷᠳᠣᠨ ᠤ ᠳᠠᠷᠤᠭ᠎ᠠ ᠵᠠᠩ ᡁᠢ ᠸᠧᠢ ᠲᠣᠭᠤᠷᠢᠭ ᠤᠨ ᠵᠠᠰᠠᠭ ᠤᠨ ᠣᠷᠳᠣᠨ ᠤ 2023 ᠣᠨ ᠤ 7 ᠳ᠋ᠤᠭᠠᠷ ᠤᠳᠠᠭᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠲᠣᠭᠤᠷᠢᠭ ᠤᠨ ᠵᠠᠰᠠᠭ ᠤᠨ ᠣᠷᠳᠣᠨ ᠤ ᠤᠳᠤᠷᠢᠳᠬᠤ ᠪᠠᠭ ᠤᠨ ᠪᠦᠷᠢᠯᠳᠦᠭᠦᠨ ᠴᠢᠨ ᠶᠠᠨ ᠳ᠋ᠦᠩ᠂ ᠵᠢᠶᠣᠣ ᠴᠢᠩ ᠳ᠋ᠦᠩ᠂ ᠯᠢ ᠽᠥᠩ ᠮᠧᠩ᠂ ᠪᠦᠦ ᠶᠦᠨ ᠳ᠋ᠦᠩ᠂ ᠤᠯᠠᠭᠠᠨᠬᠠᠳᠠ ᠬᠤᠲᠠ ᠶᠢᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ ᠳᠡᠳ᠋ ᠡᠷᠬᠢᠯᠡᠭᠴᠢ᠂ ᠶᠤᠸᠠᠨ ᠪᠦᠦ ᠱᠠᠨ ᠠᠵᠤ ᠦᠢᠯᠡᠰ ᠤᠨ ᠬᠦᠷᠢᠶᠡᠯᠡᠩ ᠤᠨ ᠬᠠᠮᠢᠶᠠᠷᠤᠯᠲᠠ ᠶᠢᠨ ᠠᠯᠪᠠᠨ ᠭᠡᠷ ᠤᠨ ᠡᠷᠬᠢᠯᠡᠭᠴᠢ ᠯᠢ ᠸᠧᠢ᠂ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠭᠡᠷ ᠤᠨ ᠡᠷᠬᠢᠯᠡᠭᠴᠢ ᠶᠠᠩ ᠰᠢᠨ ᠢᠦᠢ ᠬᠤᠷᠠᠯ ᠳᠤ ᠣᠷᠣᠯᠴᠠᠵᠤ᠂ ᠲᠣᠭᠤᠷᠢᠭ ᠤᠨ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠡᠯ᠎ᠡ ᠪᠠᠯᠭᠠᠰᠤ ᠰᠢᠶᠠᠩ ᠵᠡᠭᠡᠯᠢ ᠶᠢᠨ ᠭᠤᠣᠯ ᠬᠠᠷᠢᠭᠤᠴᠠᠯᠭᠠᠲᠠᠨ ᠨᠥᠬᠦᠳ ᠬᠤᠷᠠᠯ ᠳᠤ ᠰᠤᠯᠠ ᠣᠷᠣᠯᠴᠠᠵᠠᠢ᠃    ᠬᠤᠷᠠᠯ ᠠᠴᠠ ︽ ᠤᠯᠠᠭᠠᠨᠬᠠᠳᠠ ᠬᠤᠳᠠ ᠶᠢᠨ ᠶᠤᠸᠠᠨ ᠪᠦᠦ ᠱᠠᠨ ᠲᠣᠭᠤᠷᠢᠭ ᠤᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠶᠡᠷᠥᠩᠬᠡᠢ ᠲᠥᠰᠥᠯ ︵ ᠶᠠᠷᠢᠯᠴᠠᠬᠤ ᠨᠣᠣᠷᠠᠭ ︶ ︾᠎ ᠢ ᠬᠢᠨᠠᠨ ᠵᠥᠪᠯᠡᠵᠦ ᠪᠠᠲᠤᠯᠠᠪᠠ ︔ ᠶᠤᠸᠠᠨ ᠪᠦᠦ ᠱᠠᠨ ᠲᠣᠭᠤᠷᠢᠭ ᠤᠨ ᠰᠠᠭᠤᠷᠢ ᠬᠡᠮᠵᠢᠨ ᠵᠢᠷᠤᠭᠯᠠᠯᠲᠠ ᠶᠢᠨ ︽ ᠠᠷᠪᠠᠨ ᠳᠥᠷᠪᠡᠳᠦᠭᠡᠷ ᠲᠠᠪᠤᠨ ᠵᠢᠯ ︾᠎ ᠤᠨ ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠤᠨ ᠬᠤᠯᠪᠣᠭᠳᠠᠯ ᠪᠦᠬᠦᠢ ᠶᠠᠪᠤᠳᠠᠯ ᠢ ᠰᠤᠳᠤᠯᠪᠠ ︔ ᠣᠶᠢᠷ᠎ᠠ ᠶᠢᠨ ᠬᠤᠭᠤᠴᠠᠭᠠᠨ ᠤ ᠠᠶᠤᠯᠭᠦᠢ ᠦᠢᠯᠡᠳᠪᠦᠷᠢᠯᠡᠯ ᠤᠨ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃    ᠬᠤᠷᠠᠯ ᠠᠴᠠ᠂ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠶᠡᠷᠦᠩᠬᠡᠢ ᠲᠥᠰᠥᠯ ᠪᠣᠯ ᠮᠠᠨ ᠤ ᠲᠣᠭᠤᠷᠢᠭ ᠤᠨ ᠡᠯ᠎ᠡ ᠲᠥᠷᠥᠯ ᠤᠨ ᠭᠡᠨᠡᠳᠲᠡ ᠶᠢᠨ ᠬᠡᠷᠡᠭ ᠢ ᠠᠷᠭᠠᠴᠠᠨ ᠰᠡᠷᠭᠡᠶᠢᠯᠡᠬᠦ ᠴᠢᠬᠤᠯᠠ ᠲᠦᠰᠢᠭ ᠮᠥᠨ᠂ ᠭᠡᠨᠡᠳᠲᠡ ᠶᠢᠨ ᠬᠡᠷᠡᠭ ᠤᠨ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ᠂ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ᠂ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠳᠤ ᠨᠡᠯᠢᠶᠡᠳ ᠴᠢᠩᠭ᠎ᠠ ᠵᠢᠯᠤᠭᠤᠳᠬᠤ ᠦᠢᠯᠡᠳᠦᠯ ᠲᠠᠢ ᠶᠤᠮ᠃ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠪᠥᠬᠦ ᠲᠣᠭᠤᠷᠢᠭ ᠤᠨ ᠪᠣᠳᠠᠲᠠᠢ ᠲᠠᠢ ᠪᠠᠨ ᠤᠶᠠᠯᠳᠤᠭᠤᠯᠤᠨ᠂ ︽ᠤᠯᠠᠭᠠᠨᠬᠠᠳᠠ ᠬᠤᠲᠠ ᠶᠢᠨ ᠶᠤᠸᠠᠨ ᠪᠦᠦ ᠱᠠᠨ ᠲᠣᠭᠤᠷᠢᠭ ᠤᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠶᠡᠷᠦᠩᠬᠡᠢ ᠲᠥᠰᠥᠯ ︵ᠶᠠᠷᠢᠯᠴᠠᠬᠤ ᠨᠣᠣᠷᠠᠭ︶︾᠎ ᠤᠨ ᠠᠭᠤᠯᠭ᠎ᠠ ᠳᠤ ᠤᠯᠠᠮ ᠨᠢᠭᠡ ᠠᠯᠬᠤᠮ ᠵᠠᠰᠠᠪᠤᠷᠢ ᠣᠷᠣᠭᠤᠯᠤᠨ ᠲᠡᠭᠦᠯᠳᠡᠷᠵᠢᠭᠦᠯᠵᠦ᠂ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠤᠨ ᠰᠣᠷᠢᠯᠲᠠ ᠶᠢ ᠴᠢᠩᠭᠠᠳᠬᠠᠨ᠂ ᠰᠣᠷᠢᠯᠲᠠ ᠶᠢᠨ ᠳᠤᠮᠳᠠ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠢ ᠦᠨᠡᠨ ᠪᠣᠳᠠᠲᠠᠢ ᠪᠠᠷ ᠰᠢᠯᠭᠠᠨ ᠪᠠᠶᠢᠴᠠᠭᠠᠵᠤ᠂ ᠠᠰᠠᠭᠤᠳᠠᠯ ᠤᠨ ᠵᠠᠩᠭᠢᠯᠠᠭ᠎ᠠ ᠶᠢ ᠣᠨᠣᠪᠴᠢᠲᠠᠶ ᠡᠷᠢᠵᠦ᠂ ᠳᠤᠲᠠᠭᠤᠳᠠᠯ ᠢᠶᠠᠨ ᠲᠦᠷᠭᠡᠨ ᠨᠥᠬᠦᠪᠦᠷᠢᠯᠡᠵᠦ᠂ ᠪᠠᠴᠢᠮ ᠪᠠᠶᠢᠳᠠᠯ ᠢ ᠠᠷᠭᠠᠴᠠᠬᠤ ᠴᠢᠳᠠᠪᠤᠷᠢ ᠪᠠᠨ ᠳᠡᠭᠡᠭᠰᠢᠯᠡᠭᠦᠯᠬᠦ ᠬᠡᠷᠡᠭᠲᠡᠢ ᠭᠡᠵᠦ ᠴᠢᠬᠤᠯᠠᠴᠢᠯᠠᠵᠠᠢ ᠃    ᠬᠤᠷᠠᠯ ᠠᠴᠠ᠂ ᠶᠤᠸᠠᠨ ᠪᠦᠦ ᠱᠠᠨ ᠲᠣᠭᠤᠷᠢᠭ ᠤᠨ ︽ᠠᠷᠪᠠᠨ ᠳᠥᠷᠪᠡᠳᠦᠭᠡᠷ ᠲᠠᠪᠤᠨ ᠵᠢᠯ︾᠎ ᠤᠨ ᠰᠠᠭᠤᠷᠢ ᠬᠡᠮᠵᠢᠨ ᠵᠢᠷᠤᠭᠯᠠᠯᠲᠠ ᠶᠢᠨ ᠲᠥᠯᠦᠪᠵᠢᠭᠦᠯᠭᠡ ᠎ ᠨᠢ ᠮᠠᠨ ᠤ ᠲᠣᠭᠤᠷᠢᠭ ᠤᠨ ᠬᠥᠭᠵᠢᠯᠲᠡ ᠶᠢᠨ ᠲᠥᠯᠦᠪᠵᠢᠭᠦᠯᠭᠡ ᠶᠢᠨ ᠰᠢᠰᠲ᠋ᠧᠮᠵᠢ ᠳᠠᠬᠢ ᠴᠢᠬᠤᠯᠠ ᠲᠤᠰᠬᠠᠢ ᠵᠦᠢᠯ ᠤᠨ ᠲᠥᠯᠦᠪᠵᠢᠭᠦᠯᠭᠡ ᠪᠣᠯᠬᠤ ᠲᠤᠯᠠ᠂ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠰᠢᠨᠵᠢᠯᠡᠬᠦ ᠤᠬᠠᠭᠠᠨᠴᠢ ᠂ ᠨᠠᠷᠢᠨ ᠬᠢᠨᠠᠮᠠᠭᠠᠢ ᠂ ᠪᠣᠳᠠᠲᠠᠢ ᠶᠢ ᠡᠷᠬᠢᠮᠯᠡᠬᠦ ᠣᠪᠣᠷ ᠢᠶᠠᠷ ᠲᠥᠯᠦᠪᠵᠢᠭᠦᠯᠭᠡ ᠶᠢᠨ ᠠᠭᠤᠯᠭ᠎ᠠ ᠶᠢ ᠨᠠᠷᠢᠨ ᠨᠢᠮᠪᠠᠢ ᠬᠢᠨᠠᠨ ᠵᠥᠪᠰᠢᠶᠡᠷᠡᠵᠦ ᠂ ᠮᠠᠨ ᠤ ᠲᠣᠭᠤᠷᠢᠭ ᠤᠨ ︽ ᠠᠷᠪᠠᠨ ᠳᠥᠷᠪᠡᠳᠦᠭᠡᠷ ᠲᠠᠪᠤᠨ ᠵᠢᠯ ︾ ᠴᠢᠨᠠᠭᠰᠢᠯᠠᠪᠠᠯ ᠬᠤᠶᠢᠰᠢᠳᠠ ᠶᠢᠨ ᠨᠢᠭᠡ ᠬᠤᠭᠤᠴᠠᠭᠠᠨ ᠤ ᠰᠠᠭᠤᠷᠢ ᠬᠡᠮᠵᠢᠨ ᠵᠢᠷᠤᠬᠤ ᠦᠢᠯᠡᠰ ᠤᠨ ᠬᠥᠭᠵᠢᠯᠲᠡ ᠎ ᠳᠤ ᠦᠨᠳᠦᠰᠦᠨ ᠵᠢᠷᠤᠮᠯᠠᠯ ᠬᠠᠩᠭᠠᠵᠤ ᠂ ᠲᠡᠭᠦᠨ ᠢ ᠦᠨᠡᠨᠬᠦ ︽ ᠠᠷᠪᠠᠨ ᠳᠥᠷᠪᠡᠳᠦᠭᠡᠷ ᠲᠠᠪᠤᠨ ᠵᠢᠯ ︾᠎ ᠤᠨ ᠲᠥᠯᠦᠪᠵᠢᠭᠦᠯᠭᠡ ᠶᠢᠨ ᠬᠤᠭᠤᠴᠠᠭᠠᠨ ᠤ ᠰᠠᠭᠤᠷᠢ ᠬᠡᠮᠵᠢᠨ ᠵᠢᠷᠤᠬᠤ ᠠᠵᠢᠯ ᠤᠨ ᠠᠵᠢᠯᠯᠠᠭᠠᠨ ᠤ ᠵᠦᠭᠯᠡᠭᠦᠷ ᠪᠣᠯᠭᠠᠬᠤ ᠬᠡᠷᠡᠭᠲᠡᠢ ᠭᠡᠵᠦ  ᠱᠠᠭᠠᠷᠳᠠᠵᠠᠢ᠃    ᠬᠤᠷᠠᠯ ᠠᠴᠠ ᠂ ᠠᠮᠤᠷ ᠲᠦᠪᠰᠢᠨ ᠪᠣᠯ ᠬᠥᠭᠵᠢᠯᠲᠡ ᠶᠢᠨ ᠰᠠᠭᠤᠷᠢ ᠪᠠ ᠪᠠᠲᠤᠯᠠᠭ᠎ᠠ ᠮᠥᠨ ᠂ ᠪᠦᠬᠦ ᠲᠣᠭᠤᠷᠢᠭ ᠎ ᠢᠶᠠᠷ ᠢᠶᠠᠨ ᠣᠶᠢᠷ᠎ᠠ ᠶᠢᠨ ᠬᠤᠭᠤᠴᠠᠭᠠᠨ ᠤ ᠠᠳᠡᠯ ᠠᠴᠠ ᠭᠦᠨᠵᠡᠭᠡᠢ ᠰᠤᠷᠭᠠᠮᠵᠢ ᠠᠪᠴᠤ ᠂ ᠠᠶᠤᠯᠭᠦᠢ ᠦᠢᠯᠡᠳᠪᠦᠷᠢᠯᠡᠯ ᠤᠨ ᠡᠨᠡᠬᠦ ᠬᠥᠪᠴᠢ ᠶᠢ ᠴᠢᠩᠭᠠᠯᠠᠵᠤ ᠂ ᠳᠡᠭᠡᠳᠦ ᠱᠠᠲᠤᠨ ᠤ ᠬᠤᠯᠪᠣᠭᠳᠠᠯ ᠪᠦᠬᠦᠢ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠣᠰᠣᠭᠠᠷ ᠂ ᠲᠤᠰ ᠬᠦᠷᠢᠶ᠎ᠡ ᠴᠠᠷᠠᠭ᠎ᠠ ᠲᠤᠰ ᠬᠠᠷᠢᠶ᠎ᠠ ᠣᠷᠣᠨ ᠤ ᠪᠠᠨ ᠠᠶᠤᠯᠭᠦᠢ ᠦᠢᠯᠡᠳᠪᠦᠷᠢᠯᠡᠯ ᠤᠨ ᠠᠶᠤᠯ ᠲᠦᠭᠰᠢᠭᠦᠷᠢ ᠶᠢᠨ ᠬᠡᠮ ᠰᠣᠭᠤᠭ ᠢ ᠲᠠᠬᠢᠨ ᠳᠠᠷᠠᠭᠠᠯᠠᠨ ᠪᠠᠶᠢᠴᠠᠭᠠᠵᠤ ᠂ ᠲᠠᠬᠢᠨ ᠵᠠᠳᠠᠯᠤᠨ ᠰᠢᠨᠵᠢᠯᠡᠵᠦ ᠂ ᠴᠡᠭᠴᠡᠯᠡᠨ ᠰᠠᠶᠢᠵᠢᠷᠠᠭᠤᠯᠬᠤ ᠡᠬᠡ ᠲᠠᠩᠰᠠ ᠶᠢ ᠨᠠᠷᠢᠯᠢᠭᠵᠢᠭᠤᠯᠵᠤ ᠂ ᠬᠥᠰᠥᠨᠥᠭᠵᠢᠭᠦᠯᠵᠦ᠂ ᠨᠠᠷᠢᠨ ᠲᠠᠩᠰᠠᠵᠢᠭᠤᠯᠵᠦ ᠭᠡᠮ ᠰᠣᠭᠤᠭ ᠢ ᠴᠡᠭᠴᠡᠯᠡᠨ ᠰᠠᠶᠢᠵᠢᠷᠠᠭᠤᠯᠬᠤ ᠶᠢ ᠠᠬᠢᠭᠤᠯᠬᠤ ᠬᠡᠷᠡᠭᠲᠡᠢ᠃ ᠬᠦᠷᠢᠶᠡᠯᠡᠩ ᠲᠣᠭᠤᠷᠢᠭ ᠤᠨ ᠭᠠᠯ ᠤᠨᠲᠠᠷᠠᠭᠠᠬᠤ᠂ ᠣᠶ ᠰᠢᠭᠤᠢ ᠶᠢᠨ ᠭᠠᠯ ᠰᠡᠷᠭᠡᠶᠢᠯᠡᠨ ᠤᠨᠲᠠᠷᠠᠭᠠᠬᠤ ᠠᠵᠢᠯ ᠢ ᠰᠠᠶᠢᠲᠤᠷ ᠠᠳᠬᠤᠵᠤ᠂ ᠡᠮᠨᠡᠯᠭᠡ ᠶᠢᠨ ᠬᠤᠷᠢᠶ᠎ᠠ᠂ ᠰᠤᠷᠭᠠᠭᠤᠯᠢ᠂ ᠨᠠᠰᠤᠲᠠᠨ ᠢ ᠠᠰᠠᠷᠠᠬᠤ ᠬᠦᠷᠢᠶᠡᠯᠡᠩ᠂ ᠥᠨᠳᠥᠷ ᠪᠠᠷᠢᠯᠭ᠎ᠠ᠂ ᠥᠪᠡᠷ ᠢᠶᠠᠨ ᠭᠡᠷ ᠪᠠᠷᠢᠬᠤ ᠵᠡᠷᠭᠡ ᠬᠥᠮᠥᠨ ᠣᠯᠠᠨ ᠴᠤᠭᠯᠠᠷᠠᠬᠤ ᠭᠠᠵᠠᠷ ᠲᠠᠯᠠᠪᠤᠷ᠂ ᠬᠦᠷᠢᠶ᠎ᠡ ᠴᠠᠷᠠᠭ᠎ᠠ᠂ ᠭᠤᠣᠯᠳᠠᠯᠭ᠎ᠠ ᠲᠠᠢ ᠲᠥᠷᠥᠯ ᠵᠦᠢᠯ ᠤᠨ ᠭᠠᠯ ᠤᠨᠲᠠᠷᠠᠭᠠᠬᠤ ᠭᠠᠯ ᠤᠨ ᠭᠠᠮᠰᠢᠭ ᠤᠨ ᠳᠠᠯᠳᠠ ᠬᠡᠮ ᠢ ᠵᠢᠭᠰᠠᠭᠠᠨ ᠪᠠᠶᠢᠴᠠᠭᠠᠬᠤ ᠶᠢ ᠴᠢᠩᠭᠠᠳᠬᠠᠵᠤ᠂ ᠡᠳᠦᠷ ᠲᠤᠲᠤᠮ ᠤᠨ ᠠᠶᠤᠯᠭᠦᠢ ᠦᠢᠯᠡᠳᠪᠦᠷᠢᠯᠡᠯ ᠳᠤ ᠬᠢᠨᠠᠯᠲᠠ ᠲᠠᠯᠪᠢᠵᠤ ᠪᠠᠶᠢᠴᠠᠭᠠᠬᠤ ᠪᠠ ᠬᠠᠤᠯᠢ ᠬᠡᠷᠡᠭᠵᠢᠭᠦᠯᠵᠦ ᠲᠣᠷᠭᠠᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠬᠤ ᠬᠡᠷᠡᠭᠲᠡᠢ᠃ ᠵᠠᠮ ᠬᠠᠷᠢᠯᠴᠠᠭᠠᠨ ᠤ ᠠᠮᠤᠷ ᠲᠦᠪᠰᠢᠨ ᠢ ᠰᠠᠶᠢᠲᠤᠷ ᠠᠳᠬᠤᠵᠤ᠂ ᠵᠠᠮ ᠬᠠᠷᠢᠯᠴᠠᠭᠠᠨ ᠤ ᠠᠮᠤᠷ ᠲᠦᠪᠰᠢᠨ ᠤ ᠴᠡᠭᠴᠡᠯᠡᠨ ᠵᠠᠰᠠᠯᠲᠠ ᠶᠢᠨ ᠥᠨᠳᠥᠷ ᠳᠠᠷᠤᠯᠲᠠᠲᠤ ᠪᠠᠶᠢᠳᠠᠯ ᠢ ᠪᠠᠲᠤᠯᠠᠵᠤ᠂ ᠤᠬᠠᠭᠤᠯᠵᠤ ᠬᠥᠲᠥᠯᠥᠨ ᠵᠢᠯᠤᠭᠤᠳᠬᠤ ᠪᠠᠨ ᠴᠢᠩᠭᠠᠳᠬᠠᠵᠤ᠂ ᠪᠥᠬᠦ ᠲᠣᠭᠤᠷᠢᠭ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠪᠠᠶᠢᠳᠠᠯ ᠤᠨ ᠦᠷᠭᠦᠯᠵᠢᠯᠡᠨ ᠲᠣᠭᠲᠠᠭᠤᠨ ᠢᠶᠠᠷ ᠰᠠᠶᠢᠵᠢᠷᠠᠬᠤ ᠶᠢ ᠦᠨᠡᠨᠬᠦ ᠪᠠᠲᠤᠯᠠᠬᠤ ᠬᠡᠷᠡᠭᠲᠡᠢ᠃ ᠬᠦᠷᠢᠶᠡᠯᠡᠩ ᠲᠣᠭᠤᠷᠢᠭ ᠤᠨ ᠠᠵᠤ ᠠᠬᠤᠶᠢᠯᠠᠯ ᠤᠳ ᠥᠭᠡᠷᠡᠴᠢᠯᠡᠬᠦ ᠠᠵᠢᠯ ᠥᠷᠨᠢᠭᠦᠯᠬᠦ ᠳᠤ᠂ ᠭᠠᠳᠠᠭᠰᠢ ᠳᠠᠭᠠᠭᠠᠴᠢᠯᠠᠭᠤᠯᠵᠤ ᠪᠠᠷᠢᠯᠭ᠎ᠠ ᠪᠠᠷᠢᠬᠤ ᠠᠴᠠ ᠡᠮᠦᠨ᠎ᠡ ᠡᠷᠬᠡᠪᠰᠢ ᠰᠠᠨᠠᠭᠠᠴᠢᠯᠠᠭ᠎ᠠ ᠠᠴᠠ ᠪᠠᠨ ᠬᠠᠮᠢᠶ᠎ᠠ ᠪᠦᠬᠦᠢ ᠰᠠᠯᠠᠭ᠎ᠠ ᠮᠥᠴᠢᠷ ᠲᠤ ᠬᠢᠨᠠᠨ ᠵᠥᠪᠰᠢᠶᠡᠷᠡᠭᠦᠯᠬᠦ ᠭᠠᠷᠳᠠᠮ ᠢᠶᠠᠨ ᠮᠡᠳᠡᠭᠦᠯᠦᠨ ᠳᠠᠩᠰᠠᠯᠠᠭᠤᠯᠬᠤ ᠬᠡᠷᠡᠭᠲᠡᠢ ᠭᠡᠵᠦ ᠴᠢᠬᠤᠯᠠᠴᠢᠯᠠᠵᠠᠢ᠃ ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ ᠃ 
 
ᠢᠷᠡᠯᠲᠡ᠄ ᠶᠤᠸᠠᠨ ᠪᠣᠥ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠰᠥᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1