ᠫᠢᠩᠵᠤᠸᠠᠩ ᠪᠠᠯᠭᠠᠰᠤᠨ ᠤ ᠰᠢᠨ ᠵᠢᠩ ᠵᠠᠬ᠎ᠠ ᠳᠡᠯᠭᠡᠭᠦᠷ ᠵᠢᠱᠢᠯᠲᠡ ᠪᠠᠷ 5 ᠰᠠᠷ᠎ᠠ ᠶᠢᠨ 31᠎ ᠤ ᠡᠳᠦᠷ ᠠᠰᠢᠭᠯᠠᠯᠲᠠ ᠳᠤ ᠣᠷᠤᠵᠤ ︽ᠭᠠᠵᠠᠷ ᠳᠡᠯᠭᠡᠬᠦ ᠠᠵᠤ ᠠᠬᠤᠢ︾᠎ ᠳᠤ ᠬᠥᠭᠵᠢᠯᠲᠡ ᠶᠢᠨ ᠰᠢᠨ᠎ᠡ ᠲᠠᠪᠴᠠᠩ ᠬᠠᠩᠭᠠᠨ᠎ᠠ
ᠨᠡᠶᠢᠲᠡᠯᠡᠭᠰᠡᠨ ᠴᠠᠭ᠄
2023/5/31
    ᠫᠢᠩᠵᠤᠸᠠᠩ ᠪᠠᠯᠭᠠᠰᠤᠨ ᠤ ᠰᠢᠨ ᠵᠢᠩ ᠵᠠᠬ᠎ᠠ ᠳᠡᠯᠭᠡᠭᠦᠷ ᠵᠢᠱᠢᠯᠲᠡ ᠪᠠᠷ 5 ᠰᠠᠷ᠎ᠠ ᠶᠢᠨ 31᠎ ᠤ ᠡᠳᠦᠷ ᠠᠰᠢᠭᠯᠠᠯᠲᠠ ᠳᠤ ᠣᠷᠣᠵᠤ᠂ ︽ᠭᠠᠵᠠᠷ ᠳᠡᠯᠭᠡᠬᠦ ᠠᠵᠤ ᠠᠬᠤᠢ︾᠎ ᠳᠤ ᠬᠥᠭᠵᠢᠯᠲᠡ ᠶᠢᠨ ᠰᠢᠨ᠎ᠡ ᠲᠠᠪᠴᠠᠩ ᠬᠠᠩᠭᠠᠬᠤ ᠪᠣᠯᠣᠨ᠎ᠠ᠃ ᠲᠤᠰ ᠵᠠᠬ᠎ᠠ ᠳᠡᠯᠭᠡᠭᠦᠷ ᠨᠢ ᠫᠢᠩᠵᠤᠸᠠᠩ ᠪᠠᠯᠭᠠᠰᠤᠨ ᠤ ᠰᠢᠨ ᠵᠢᠩ ᠲᠣᠰᠬᠤᠨ ᠳᠤ ᠪᠠᠶᠢᠷᠢᠯᠠᠵᠤ᠂ ᠨᠡᠶᠢᠲᠡ 200 ᠭᠠᠷᠤᠢ ᠲᠦᠮᠡᠨ ᠲᠥᠭᠦᠷᠢᠭ ᠤᠨ ᠪᠡᠯᠡ ᠣᠷᠣᠭᠤᠯᠵᠤ᠂ 30 ᠮᠦ ᠭᠠᠵᠠᠷ ᠡᠵᠡᠯᠡᠵᠦ ᠪᠠᠶᠢᠨ᠎ᠠ᠃ ᠭᠤᠣᠯᠳᠠᠭᠤ ᠲᠦᠭᠦᠬᠡᠢ ᠢᠳᠡᠭᠡᠨ ᠤ ᠲᠣᠭᠤᠷᠢᠭ ᠂ ᠤᠰᠤᠨ ᠤ ᠭᠠᠷᠤᠯᠲᠠ ᠶᠢᠨ ᠲᠣᠭᠤᠷᠢᠭ ᠂ ᠥᠷᠯᠥᠭᠡ ᠶᠢᠨ ᠬᠤᠭᠤᠯᠠᠨ ᠤ ᠲᠣᠭᠤᠷᠢᠭ᠂ ᠬᠡᠦᠬᠡᠳ ᠤᠨ ᠵᠤᠭᠠᠴᠠᠨ ᠨᠠᠭᠠᠳᠬᠤ ᠲᠣᠭᠤᠷᠢᠭ ᠵᠡᠷᠭᠡ 12 ᠲᠠᠯᠠᠪᠤᠷ ᠲᠣᠭᠤᠷᠢᠭ ᠵᠢᠴᠢ ᠢᠵᠢ ᠪᠦᠷᠢᠳᠦᠭᠰᠡᠨ ᠳᠠᠭᠠᠯᠲᠠ ᠪᠡᠯᠡᠳᠬᠡᠮᠵᠢ ᠶᠢ ᠰᠢᠨ᠎ᠡ ᠪᠠᠷ  ᠪᠠᠶᠢᠭᠤᠯᠪᠠ ᠃ ᠲᠥᠰᠥᠯ ᠢ ᠵᠢᠱᠢᠯᠲᠡ ᠪᠠᠷ 5 ᠰᠠᠷ᠎ᠠ ᠶᠢᠨ 31᠎ ᠤ ᠡᠳᠦᠷ ᠪᠠᠶᠢᠭᠤᠯᠵᠤ ᠳᠠᠭᠤᠰᠬᠠᠬᠤ ᠶᠢᠨ ᠬᠠᠮᠲᠤ ᠠᠰᠢᠭᠯᠠᠯᠲᠠ ᠳᠤ ᠣᠷᠣᠭᠤᠯᠵᠤ᠂ 351 ᠳᠡᠯᠭᠡᠭᠦᠷ ᠬᠠᠩᠭᠠᠵᠤ᠂ ᠵᠢᠱᠢᠯᠲᠡ ᠪᠠᠷ 200 ᠭᠠᠷᠤᠢ ᠲᠦᠮᠡᠨ ᠲᠥᠭᠦᠷᠢᠭ ᠤᠨ ᠠᠵᠤ ᠠᠬᠤᠢ ᠶᠢᠨ ᠣᠷᠣᠯᠭ᠎ᠠ ᠶᠢᠨ ᠨᠡᠮᠡᠭᠳᠡᠯ ᠢ ᠳᠠᠶᠢᠴᠢᠯᠠᠬᠤ ᠪᠣᠯᠣᠨ᠎ᠠ᠃  
 
ᠢᠷᠡᠯᠲᠡ᠄ ᠶᠤᠸᠠᠨ ᠪᠣᠥ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠰᠥᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1