ᠪᠥᠬᠦ ᠬᠤᠲᠠ ᠶᠢᠨ ᠴᠢᠨᠠᠷ ᠰᠠᠶᠢᠲᠠᠢ ᠬᠥᠭᠵᠢᠯᠲᠡ ᠶᠢᠨ ᠭᠤᠣᠯᠳᠠᠯᠭ᠎ᠠ ᠲᠠᠢ ᠲᠥᠰᠥᠯ ᠤᠨ ᠦᠵᠡᠭᠦᠯᠦᠯᠭᠡ ᠶᠢᠨ ᠪᠦᠯᠬᠦᠮ ᠶᠤᠸᠠᠨ ᠪᠦᠦ ᠱᠠᠨ ᠲᠣᠭᠤᠷᠢᠭ ᠲᠤ ᠢᠷᠡᠵᠦ ᠲᠣᠭᠤᠷᠢᠨ ᠦᠵᠡᠪᠡ
ᠨᠡᠶᠢᠲᠡᠯᠡᠭᠰᠡᠨ ᠴᠠᠭ᠄
2023/5/31
   
1_副本.jpg
       5 ᠰᠠᠷ᠎ᠠ ᠶᠢᠨ 28᠎ ᠤ ᠡᠳᠦᠷ ᠂ ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ ᠂ ᠬᠤᠳᠠ ᠶᠢᠨ ᠳᠠᠷᠤᠭ᠎ᠠ ᠸᠠᠩ ᠸᠠᠩ ᠱᠧᠩ ᠵᠡᠷᠭᠡ ᠬᠤᠳᠠ ᠶᠢᠨ ᠤᠳᠤᠷᠢᠳᠤᠯᠭ᠎ᠠ ᠪᠦᠬᠦ ᠬᠤᠳᠠ ᠶᠢᠨ ᠴᠢᠨᠠᠷ ᠰᠠᠶᠢᠲᠠᠢ ᠬᠥᠭᠵᠢᠯᠲᠡ ᠶᠢᠨ ᠭᠤᠣᠯᠳᠠᠯᠭ᠎ᠠ ᠲᠠᠢ ᠲᠥᠰᠥᠯ ᠤᠨ ᠲᠣᠭᠤᠷᠢᠨ ᠦᠵᠡᠬᠦ ᠪᠦᠯᠬᠦᠮ ᠢ ᠳᠠᠭᠠᠭᠤᠯᠤᠨ ᠮᠠᠨ ᠤ ᠲᠣᠭᠤᠷᠢᠭ ᠲᠤ ᠢᠷᠡᠵᠦ ᠲᠣᠭᠤᠷᠢᠨ ᠦᠵᠡᠵᠡᠢ ᠃ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠼᠤᠤ ᡁᠢ ᠶᠦᠩ ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ ᠂ ᠲᠣᠭᠤᠷᠢᠭ ᠤᠨ ᠵᠠᠰᠠᠭ ᠤᠨ ᠣᠷᠳᠣᠨ ᠤ ᠳᠠᠷᠤᠭ᠎ᠠ ᠵᠠᠩ ᡁᠢ ᠸᠧᠢ ᠪᠠᠷ᠎ᠠ ᠪᠣᠯᠵᠤ ᠲᠣᠭᠤᠷᠢᠨ ᠦᠵᠡᠵᠡᠢ ᠃    ᠦᠵᠡᠭᠦᠯᠦᠯᠭᠡ ᠶᠢᠨ ᠪᠦᠯᠬᠦᠮ ᠤᠨ ᠬᠢᠨ ᠮᠠᠨ ᠤ ᠲᠣᠭᠤᠷᠢᠭ ᠤᠨ ᠶᠤᠸᠠᠨ ᠵᠢᠩ ᠳᠠᠩ ᠨᠡᠭᠦᠷᠡᠰᠦᠲᠥ᠋ᠷᠥᠭᠴᠢ ᠶᠢᠨ ᠮᠡᠷᠭᠡᠵᠢᠯ ︵ ᠤᠯᠠᠭᠠᠨᠬᠠᠳᠠ ︶᠎ ᠤᠨ ᠬᠢᠵᠠᠭᠠᠷᠲᠤ ᠺᠣᠮᠫᠠᠨᠢ ᠶᠢᠨ 152 ᠲᠦᠮᠡᠨ ᠲᠣᠨ/ᠵᠢᠯ ᠤᠨ ᠳᠠᠩ ᠨᠡᠭᠦᠷᠡᠰᠥᠲᠥᠷᠥᠭᠴᠢ  ᠤᠰᠤᠲᠥ᠋ᠷᠥᠭᠴᠢ ᠶᠢᠨ ᠰᠢᠪᠲᠦᠷ ᠤᠨ ᠲᠥᠰᠥᠯ᠂ ᠳ᠋ᠠ ᠳ᠋ᠢ ᠶᠦᠨ ᠲᠢᠶᠠᠨ ᠬᠢᠮᠢ ᠶᠢᠨ ᠠᠵᠤ ᠦᠢᠯᠡᠳᠪᠦᠷᠢ ᠶᠢᠨ ᠬᠢᠵᠠᠭᠠᠷᠲᠤ ᠺᠣᠮᠫᠠᠨᠢ ᠶᠢᠨ ᠬᠦᠬᠦᠷ ᠲᠢᠲ᠋ᠠᠨ ᠹᠣᠰᠹᠣᠷ ᠤᠨ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ ᠲᠥᠰᠥᠯ᠂ ᠯᠢ ᠠᠨ ᠯᠦᠩ ︵ ᠥᠪᠥᠷ ᠮᠣᠩᠭᠤᠯ ︶᠎  ᠰᠢᠨ᠎ᠡ ᠮᠠᠲ᠋ᠧᠷᠢᠶᠠᠯ ᠤᠨ ᠬᠢᠵᠠᠭᠠᠷᠲᠤ ᠺᠣᠮᠫᠠᠨᠢ ᠶᠢᠨ 11800 ᠲᠣᠨ/ᠵᠢᠯ ᠤᠨ ᠭᠡᠷᠡᠯ ᠤᠨ ᠲᠣᠭᠲᠠᠪᠤᠷᠢᠵᠢᠭᠤᠯᠤᠭᠴᠢ ᠶᠢᠨ ᠰᠢᠷᠢᠰ ᠪᠦᠲᠦᠭᠡᠭᠳᠡᠬᠦᠨ ᠤ ᠦᠢᠯᠡᠳᠪᠦᠷᠢᠯᠡᠯ ᠤᠨ ᠲᠥᠰᠥᠯ ᠢ ᠲᠤᠬᠠᠢ ᠶᠢᠨ ᠭᠠᠵᠠᠷ ᠲᠤᠨᠢ ᠲᠣᠭᠤᠷᠢᠨ ᠦᠵᠡᠪᠡ ᠃ ᠬᠦᠷᠦᠭᠰᠡᠨ ᠭᠠᠵᠠᠷ ᠪᠣᠯᠭᠠᠨ ᠳᠤ ᠂ ᠲᠣᠭᠤᠷᠢᠨ ᠦᠵᠡᠬᠦ ᠪᠦᠯᠬᠦᠮ ᠤᠨ ᠪᠦᠷᠢᠯᠳᠦᠭᠦᠨ ᠨᠠᠷ ᠨᠠᠷᠢᠨ ᠬᠢᠨᠠᠮᠠᠭᠠᠢ ᠲᠣᠭᠤᠷᠢᠨ ᠦᠵᠡᠵᠦ ᠂ ᠪᠠᠶᠢᠳᠠᠯ ᠤᠨ ᠲᠠᠨᠢᠯᠴᠠᠭᠤᠯᠭ᠎ᠠ ᠶᠢ ᠨᠠᠷᠢᠨ ᠬᠢᠨᠠᠮᠠᠭᠠᠢ ᠰᠣᠨᠣᠰᠴᠤ ᠂ ᠲᠥᠰᠥᠯ ᠤᠨ ᠪᠦᠲᠦᠭᠡᠨ ᠪᠠᠶᠢᠭᠤᠯᠤᠯᠲᠠ ᠶᠢᠨ ᠲᠥᠯᠦᠪᠵᠢᠭᠦᠯᠭᠡ ᠂ ᠦᠢᠯᠡᠳᠬᠦᠨ ᠤ ᠵᠠᠬ᠎ᠠ ᠳᠡᠯᠭᠡᠭᠦᠷ ᠤᠨ ᠠᠯᠤᠰ ᠢᠷᠡᠭᠡᠳᠦᠢ ᠵᠡᠷᠭᠡ ᠬᠠᠮᠢᠶ᠎ᠠ ᠪᠦᠬᠦᠢ ᠪᠠᠶᠢᠳᠠᠯ ᠢ ᠨᠠᠷᠢᠨ ᠣᠶᠢᠯᠠᠭᠠᠵᠤ ᠂ ᠮᠠᠨ ᠤ ᠲᠣᠭᠤᠷᠢᠭ ᠤᠨ ᠲᠥᠰᠥᠯ ᠤᠨ ᠪᠦᠲᠦᠭᠡᠨ ᠪᠠᠶᠢᠭᠤᠯᠤᠯᠲᠠ ᠶᠢ ᠳᠡᠭᠡᠳᠦ ᠬᠡᠮᠵᠢᠶ᠎ᠡ ᠪᠠᠷ ᠦᠨᠡᠯᠡᠪᠡ ᠃    ᠵᠠᠩ ᡁᠢ ᠸᠧᠢ ᠲᠣᠭᠤᠷᠢᠨ ᠦᠵᠡᠬᠦ ᠪᠦᠯᠬᠦᠮ ᠳᠤ ᠮᠠᠨ ᠤ ᠲᠣᠭᠤᠷᠢᠭ ᠤᠨ ᠭᠤᠣᠯᠳᠠᠯᠭ᠎ᠠ ᠲᠠᠢ ᠲᠥᠰᠥᠯ ᠤᠨ ᠪᠦᠲᠦᠭᠡᠨ ᠪᠠᠶᠢᠭᠤᠯᠤᠯᠲᠠ ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠪᠠ ᠠᠵᠤ ᠦᠢᠯᠡᠰ ᠤᠨ ᠬᠦᠷᠢᠶᠡᠯᠡᠩ ᠤᠨ ᠬᠠᠮᠢᠶ᠎ᠠ ᠪᠦᠬᠦᠢ ᠪᠠᠶᠢᠳᠠᠯ ᠢ ᠲᠠᠨᠢᠯᠴᠠᠭᠤᠯᠪᠠ ᠃ ᠡᠨᠡ ᠵᠢᠯ ᠠᠴᠠ ᠨᠠᠭᠠᠰᠢ ᠂ ᠮᠠᠨ ᠤ ᠲᠣᠭᠤᠷᠢᠭ ︽ᠲᠠᠪᠤᠨ ᠶᠡᠭᠡ ᠡᠭᠦᠷᠭᠡ︾᠎ ᠶᠢ ᠨᠠᠶᠢᠳᠠᠪᠤᠷᠢᠵᠢᠭᠤᠯᠬᠤ ᠪᠠ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ ︽ᠬᠤᠶᠠᠷ ᠶᠡᠭᠡ ᠶᠠᠪᠤᠳᠠᠯ︾᠎ ᠳᠤ ᠠᠩᠬᠠᠷᠤᠯ ᠢᠶᠠᠨ ᠲᠥᠪᠯᠡᠷᠡᠭᠦᠯᠵᠦ᠂ ︽ᠰᠠᠶᠢᠨ ᠡᠬᠢᠯᠡᠯᠲᠡ ᠲᠠᠢ᠂ ᠪᠥᠬᠦ ᠵᠢᠯ ᠳᠤ ᠰᠠᠶᠢᠨ︾ ᠪᠠᠶᠢᠬᠤ ᠶᠢ ᠪᠥᠬᠦ ᠬᠦᠴᠦᠨ ᠢᠶᠠᠷ ᠠᠬᠢᠭᠤᠯᠵᠤ᠂ ᠭᠤᠣᠯᠳᠠᠯᠭ᠎ᠠ ᠲᠠᠢ ᠲᠥᠰᠥᠯ ᠤᠨ ᠪᠦᠲᠦᠭᠡᠨ ᠪᠠᠶᠢᠭᠤᠯᠤᠯᠲᠠ ᠪᠠ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠶᠢ ᠬᠦᠴᠦᠲᠡᠢ ᠠᠳᠬᠤᠵᠤ᠂ ᠨᠢᠭᠡ ᠪᠦᠯᠦᠭ ᠳᠠᠯᠳᠠ ᠬᠦᠴᠦᠨ ᠢᠶᠠᠷ ᠶᠡᠭᠡ᠂ ᠢᠷᠡᠭᠡᠳᠦᠢ ᠶᠢᠨ ᠲᠥᠯᠥᠪ ᠢᠶᠠᠷ ᠰᠠᠶᠢᠨ ᠲᠥᠰᠥᠯ ᠳᠤ ᠵᠠᠯᠭᠠᠭ᠎ᠠ ᠪᠠᠷ ᠭᠠᠷ ᠤᠨ ᠥᠰᠥᠭ ᠵᠢᠷᠤᠵᠤ᠂ ᠨᠢᠭᠡ ᠪᠦᠯᠦᠭ ᠪᠡᠯᠡ ᠣᠷᠣᠭᠤᠯᠤᠯᠲᠠ ᠶᠡᠭᠡ᠂ ᠦᠷ᠎ᠡ ᠠᠰᠢᠭ ᠢᠶᠠᠷ ᠥᠨᠳᠥᠷ ᠲᠥᠰᠥᠯ ᠢ ᠪᠠᠶᠢᠳᠠᠯ ᠳᠤᠨᠢ ᠵᠣᠬᠢᠴᠠᠭᠤᠯᠤᠨ ᠨᠠᠶᠢᠳᠠᠪᠤᠷᠢᠵᠢᠭᠤᠯᠵᠤ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠢ ᠬᠤᠷᠠᠮᠳᠤᠭᠤᠯᠪᠠ᠃ 2023 ᠣᠨ ᠳᠤ ᠮᠠᠨ ᠤ ᠲᠣᠭᠤᠷᠢᠭ ᠪᠥᠬᠦ ᠬᠤᠲᠠ ᠶᠢᠨ ᠭᠤᠣᠯᠳᠠᠯᠭ᠎ᠠ ᠲᠠᠢ ᠲᠥᠰᠥᠯ ᠳᠤ 75 ᠣᠷᠣᠵᠤ᠂ ᠶᠡᠷᠦᠩᠬᠡᠢ ᠪᠡᠯᠡ ᠣᠷᠣᠭᠤᠯᠤᠯᠲᠠ ᠎ ᠨᠢ 530 ᠳ᠋ᠦᠩᠰᠢᠭᠤᠷ ᠲᠥᠭᠦᠷᠢᠭ ᠲᠤ ᠬᠦᠷᠴᠡᠢ᠂ ᠡᠭᠦᠨ ᠳᠤ ᠦᠷᠭᠦᠯᠵᠢᠯᠡᠨ ᠪᠠᠶᠢᠭᠤᠯᠬᠤ ᠲᠥᠰᠥᠯ 40᠂ ᠰᠢᠨ᠎ᠡ ᠪᠠᠷ ᠪᠠᠶᠢᠭᠤᠯᠬᠤ ᠲᠥᠰᠥᠯ 35᠂ 10 ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠲᠥᠰᠥᠯ 6 ᠪᠠᠶᠢᠵᠤ᠂ ᠣᠨ ᠤ ᠪᠥᠬᠦ ᠪᠡᠯᠡ ᠣᠷᠣᠭᠤᠯᠤᠯᠲᠠ ᠶᠢᠨ 50%᠎ ᠠᠴᠠ ᠳᠡᠭᠡᠭᠰᠢᠬᠢ ᠶᠢ ᠡᠵᠡᠯᠡᠵᠦ᠂ ᠪᠥᠬᠦ ᠵᠢᠯ ᠳᠤ 83.4 ᠳ᠋ᠦᠩᠰᠢᠭᠤᠷ ᠲᠥᠭᠦᠷᠢᠭ ᠢ ᠪᠡᠶᠡᠯᠡᠭᠦᠯᠬᠦ ᠪᠠᠷ ᠲᠥᠯᠥᠪᠯᠡᠵᠦ ᠪᠣᠶ᠃ ᠣᠲᠣ ᠪᠣᠯᠲᠠᠯ᠎ᠠ᠂ 75 ᠲᠥᠰᠥᠯ ᠤᠨ ᠠᠵᠢᠯ ᠢ ᠨᠢᠭᠡᠨᠲᠡ ᠡᠬᠢᠯᠡᠭᠦᠯᠵᠦ᠂ 32 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠦ᠂ 38.4% ᠪᠡᠯᠡ ᠣᠷᠣᠭᠤᠯᠤᠯᠲᠠ ᠶᠢ ᠪᠡᠶᠡᠯᠡᠭᠦᠯᠦᠭᠰᠡᠨ ᠨᠣᠷᠮ᠎ᠠ ᠨᠢ 38.4%᠎ ᠳᠤ ᠬᠥᠷᠪᠡ᠃ ᠡᠭᠦᠨ ᠤ ᠵᠡᠷᠭᠡ ᠳᠤ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠲᠠᠯ᠎ᠠ ᠪᠠᠷ᠂ ᠣᠳᠣᠬᠠᠨ ᠳᠤ ᠨᠢᠭᠡᠨᠲᠡ 66 ᠲᠥᠰᠥᠯ ᠳᠤ ᠭᠠᠷ ᠤᠨ ᠥᠰᠥᠭ ᠵᠢᠷᠤᠵᠤ ᠨᠠᠶᠢᠳᠠᠪᠤᠷᠢᠵᠢᠭᠤᠯᠤᠨ᠂ 157 ᠳ᠋ᠦᠩᠰᠢᠭᠤᠷ ᠲᠥᠭᠦᠷᠢᠭ ᠤᠨ ᠶᠡᠷᠦᠩᠬᠡᠢ ᠪᠡᠯᠡ ᠣᠷᠣᠭᠤᠯᠬᠤ ᠪᠠᠷ ᠲᠥᠯᠥᠪᠯᠡᠵᠦ ᠪᠣᠶ᠂ ᠡᠭᠦᠨ ᠳᠤ 10 ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠲᠥᠰᠥᠯ 4᠂ 1—10 ᠳ᠋ᠦᠩᠰᠢᠭᠤᠷ ᠲᠥᠭᠦᠷᠢᠭ ᠤᠨ ᠲᠥᠰᠥᠯ 22 ᠪᠠᠶᠢᠵᠤ᠂ ᠣᠲᠣ ᠨᠢᠭᠡᠨᠲᠡ 18 ᠲᠥᠰᠥᠯ ᠢ ᠠᠵᠢᠯ ᠡᠬᠢᠯᠡᠭᠦᠯᠵᠦ᠂ ᠠᠵᠢᠯ ᠡᠬᠢᠯᠡᠭᠦᠯᠦᠭᠰᠡᠨ ᠨᠣᠷᠮ᠎ᠠ ᠎ ᠨᠢ 27%᠎ ᠳᠤ ᠬᠥᠷᠪᠡ᠃ ᠶᠤᠸᠠᠨ ᠪᠦᠦ ᠱᠠᠨ ᠠᠵᠤ ᠦᠢᠯᠡᠰ ᠤᠨ ᠬᠦᠷᠢᠶᠡᠯᠡᠩ ᠳᠤ ᠤᠳᠤ 62 ᠠᠵᠤ ᠠᠬᠤᠶᠢᠯᠠᠯ ᠲᠠᠢ ᠪᠠᠶᠢᠵᠤ ᠂ ᠤᠯᠠᠨ ᠵᠢᠯ ᠤᠨ ᠬᠥᠭᠵᠢᠯᠲᠡ ᠪᠠᠷ ᠳᠠᠮᠵᠢᠨ ᠠᠮᠢᠳᠤ ᠪᠣᠳᠠᠰ ᠤᠨ ᠬᠢᠮᠢ ᠶᠢᠨ ᠠᠵᠤ ᠦᠢᠯᠡᠳᠪᠦᠷᠢ ᠂ ᠡᠮ ᠡᠮᠨᠡᠯᠭᠡ ᠶᠢᠨ ᠬᠢᠮᠢ ᠶᠢᠨ ᠠᠵᠤ ᠦᠢᠯᠡᠳᠪᠦᠷᠢ ᠂ ᠨᠠᠷᠢᠯᠢᠭ ᠬᠢᠮᠢ ᠶᠢᠨ ᠠᠵᠤ ᠦᠢᠯᠡᠳᠪᠦᠷᠢ ᠶᠢᠨ ᠰᠢᠨ᠎ᠡ ᠮᠠᠲ᠋ᠧᠷᠢᠶᠠᠯ ᠂ ᠬᠦᠬᠦᠷ ᠹᠣᠰᠹᠣᠷ ᠲᠢᠲ᠋ᠠᠨ ᠲᠡᠮᠦᠷ ᠯᠢᠲ᠋ᠢ ᠶᠢᠨ ᠡᠷᠭᠢᠯᠲᠡᠲᠦ ᠬᠢᠮᠢ ᠶᠢᠨ ᠠᠵᠤ ᠦᠢᠯᠡᠳᠪᠦᠷᠢ ᠵᠡᠷᠭᠡ 4 ᠲᠣᠮᠣ ᠠᠵᠤ ᠦᠢᠯᠡᠰ ᠤᠨ ᠬᠡᠯᠬᠢᠶ᠎ᠡ ᠶᠢ ᠪᠦᠷᠢᠯᠳᠦᠭᠦᠯᠵᠦ ᠂ 2022 ᠣᠨ ᠳᠤ ᠬᠦᠷᠢᠶᠡᠯᠡᠩ ᠲᠣᠭᠤᠷᠢᠭ ᠲᠤ 146 ᠳ᠋ᠦᠩᠰᠢᠭᠤᠷ ᠲᠥᠭᠦᠷᠢᠭ ᠤᠨ ᠦᠢᠯᠡᠳᠬᠦᠨ ᠤ ᠦᠷᠳᠡᠭ 3.5 ᠳ᠋ᠦᠩᠰᠢᠭᠤᠷ ᠲᠥᠭᠦᠷᠢᠭ ᠤᠨ ᠭᠠᠶᠢᠯᠢ ᠶᠢᠨ ᠣᠷᠣᠯᠭ᠎ᠠ ᠶᠢ ᠪᠡᠶᠡᠯᠡᠭᠦᠯᠵᠦ ᠂ ᠬᠤᠶᠠᠷ ᠲᠦᠮᠡ ᠭᠠᠷᠤᠢ ᠬᠥᠮᠥᠨ ᠤ ᠠᠵᠢᠯ ᠣᠯᠭᠤᠯᠲᠠ ᠶᠢ ᠰᠢᠭᠤᠳ ᠪᠤᠶᠤ ᠳᠠᠮ ᠢᠶᠠᠷ ᠲᠠᠶᠢᠴᠢᠯᠠᠵᠠᠢ ᠃ 
 
ᠢᠷᠡᠯᠲᠡ᠄ ᠶᠤᠸᠠᠨ ᠪᠣᠥ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠰᠥᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1