ᠶᠤᠸᠠᠨ ᠪᠦᠦ ᠱᠠᠨ ᠲᠣᠭᠤᠷᠢᠭ ᠤᠨ ᠠᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠨᠠᠢᠮᠠᠳᠤᠭᠠᠷ ᠤᠳᠠᠭᠠᠨ ᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/5/31
   
1_副本.jpg
       5 ᠰᠠᠷ᠎ᠠ ᠶᠢᠨ 30᠎ ᠤ ᠡᠳᠦᠷ ᠂ ᠲᠣᠭᠤᠷᠢᠭ ᠤᠨ ᠠᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠨᠠᠢᠮᠠᠳᠤᠭᠠᠷ ᠤᠳᠠᠭᠠᠨ ᠤ ᠬᠤᠷᠠᠯ  ᠬᠤᠷᠠᠯᠳᠤᠭᠤᠯᠪᠠ᠃ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠯᠢ ᠺᠠᠢ᠂ ᠳᠡᠳ᠋ ᠡᠷᠬᠢᠯᠡᠭᠴᠢ ᠯᠢ ᠸᠧᠨ ᠵᠢᠶᠦ᠋ᠨ᠂ ᠵᠠᠩ ᠴᠢᠶᠥ᠋ᠨ ᠂ ᠵᠢᠶᠠ ᠱᠤ᠋ ᠱᠦᠨ᠂ ᠢᠦᠢ ᠵᠢᠩ ᠴᠦᠨ ᠵᠢᠴᠢ ᠭᠡᠰᠢᠭᠦᠨ ᠨᠡᠶᠢᠲᠡ 31 ᠬᠥᠮᠥᠨ ᠬᠤᠷᠠᠯ ᠳᠤ ᠣᠷᠣᠯᠴᠠᠵᠠᠢ᠃ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠫᠧᠩ ᠰᠢᠶᠣᠣ ᠵᠢᠤᠸᠠᠨ᠂ ᠲᠣᠭᠤᠷᠢᠭ ᠤᠨ ᠠᠷᠠᠳ ᠤᠨ ᠰᠢᠭᠦᠬᠦ ᠬᠤᠷᠢᠶᠠᠨ ᠤ ᠳᠠᠷᠤᠭ᠎ᠠ ᠦ᠋ ᠰᠢᠸ ᠮᠢᠩ᠂ ᠲᠣᠭᠤᠷᠢᠭ ᠤᠨ ᠠᠷᠠᠳ ᠤᠨ ᠪᠠᠶᠢᠴᠠᠭᠠᠬᠤ ᠬᠤᠷᠢᠶᠠᠨ ᠤ ᠪᠠᠶᠢᠴᠠᠭᠠᠭᠴᠢ ᠳᠠᠷᠤᠭ᠎ᠠ ᠹᠠᠨ ᠰᠢᠶᠣᠣ ᠴᠢᠦ᠂ ᠲᠣᠭᠤᠷᠢᠭ ᠤᠨ ᠬᠢᠨᠠᠨ ᠪᠠᠶᠢᠴᠠᠭᠠᠬᠤ ᠵᠥᠪᠯᠡᠯ᠂ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠯᠪᠠᠨ ᠭᠡᠷ ᠤᠨ ᠬᠠᠮᠢᠶ᠎ᠠ ᠪᠦᠬᠦᠢ ᠬᠠᠷᠢᠭᠤᠴᠠᠯᠭᠠᠲᠠᠨ᠂ ᠲᠣᠭᠤᠷᠢᠭ ᠤᠨ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠣᠪᠴᠢᠶ᠎ᠠ᠂ ᠰᠤᠷᠭᠠᠨ ᠬᠥᠮᠦᠵᠢᠯ ᠤᠨ ᠲᠣᠪᠴᠢᠶ᠎ᠠ᠂ ᠠᠷᠠᠳ ᠤᠨ ᠶᠠᠪᠤᠳᠠᠯ ᠤᠨ ᠲᠣᠪᠴᠢᠶ᠎ᠠ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶᠠᠨ ᠤ ᠭᠤᠣᠯ ᠬᠠᠷᠢᠭᠤᠴᠠᠯᠭᠠᠲᠠᠨ᠂ ᠬᠡᠰᠡᠭ ᠬᠤᠲᠠ᠂ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠬᠤᠷᠠᠯ ᠳᠤ ᠰᠤᠯᠠ ᠣᠷᠣᠯᠴᠠᠪᠠ᠃    ᠬᠤᠷᠠᠯ ᠠᠴᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠪᠦᠬᠦ ᠲᠣᠭᠤᠷᠢᠭ ᠤᠨ ᠰᠢᠨᠵᠢᠯᠡᠬᠦ ᠤᠬᠠᠭᠠᠨ ᠮᠡᠷᠭᠡᠵᠢᠯ ᠢᠶᠠᠷ ᠠᠵᠤ ᠠᠬᠤᠶᠢᠯᠠᠯ ᠳᠤ ᠠᠰᠢᠭ ᠬᠦᠷᠲᠡᠭᠡᠬᠦ ᠲᠦᠷᠦ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠤᠨ ᠲᠤᠬᠠᠢ ᠮᠡᠳᠡᠭᠦᠯᠦᠯᠲᠡ ᠪᠣᠯᠣᠨ ᠪᠦᠬᠦ ᠲᠣᠭᠤᠷᠢᠭ ᠤᠨ ᠤᠯᠤᠰ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠲᠡᠩᠴᠡᠭᠦᠷᠢᠲᠡᠢ ᠬᠥᠭᠵᠢᠯᠲᠡ ᠶᠢ ᠪᠡᠶᠡᠯᠡᠭᠦᠯᠦᠭᠰᠡᠨ ᠪᠠᠷᠢᠮᠵᠢᠶ᠎ᠠ ᠳᠤ ᠬᠦᠷᠭᠡᠵᠦ ᠰᠢᠯᠭᠠᠨ ᠠᠪᠬᠤ ᠶᠢ ᠠᠬᠢᠭᠤᠯᠤᠭᠰᠠᠨ ᠪᠠᠶᠢᠳᠠᠯ ᠤᠨ ᠲᠤᠬᠠᠢ  ᠮᠡᠳᠡᠭᠦᠯᠥᠯᠲᠡ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠪᠥᠬᠦ ᠲᠣᠭᠤᠷᠢᠭ ᠤᠨ ᠰᠥ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠪᠠ ᠦᠷ᠎ᠡ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠪᠠᠶᠢᠳᠠᠯ ᠤᠨ ᠲᠤᠬᠠᠢ ᠮᠡᠳᠡᠭᠦᠯᠦᠯᠲᠡ᠂ ᠪᠥᠬᠦ ᠲᠣᠭᠤᠷᠢᠭ ᠤᠨ ᠨᠠᠰᠤᠵᠢᠯ ᠤᠨ ᠦᠢᠯᠡᠰ ᠤᠨ ᠪᠠᠶᠢᠳᠠᠯ ᠤᠨ ᠲᠤᠬᠠᠢ ᠮᠡᠳᠡᠭᠦᠯᠦᠯᠲᠡ᠂ ᠲᠣᠭᠤᠷᠢᠭ ᠤᠨ ᠠᠷᠠᠳ ᠤᠨ ᠰᠢᠭᠦᠬᠦ ᠬᠤᠷᠢᠶᠠᠨ ᠤ 2020 ᠣᠨ ᠠᠴᠠ ᠨᠠᠭᠠᠰᠢᠬᠢ ᠭᠦᠢᠴᠡᠳᠬᠡᠬᠦ ᠠᠵᠢᠯ ᠤᠨ ᠪᠠᠶᠢᠳᠠᠯ ᠤᠨ ᠲᠤᠬᠠᠢ ᠮᠡᠳᠡᠭᠦᠯᠦᠯᠲᠡ ᠵᠢᠴᠢ ᠲᠣᠭᠤᠷᠢᠭ ᠤᠨ ᠠᠷᠠᠳ ᠤᠨ ᠪᠠᠶᠢᠴᠠᠭᠠᠬᠤ ᠬᠤᠷᠢᠶᠠᠨ ᠤ 2020 ᠣᠨ ᠠᠴᠠ ᠨᠠᠭᠠᠰᠢᠬᠢ ᠨᠡᠶᠢᠲᠡ ᠶᠢᠨ ᠠᠰᠠᠷᠠᠮᠵᠢ ᠶᠢᠨ ᠵᠠᠷᠭᠤ ᠶᠢᠨ ᠠᠵᠢᠯ ᠤᠨ ᠪᠠᠶᠢᠳᠠᠯ ᠤᠨ ᠲᠤᠬᠠᠢ ᠮᠡᠳᠡᠭᠦᠯᠦᠯᠲᠡ ᠶᠢ ᠰᠣᠨᠣᠰᠴᠤ ᠬᠢᠨᠠᠨ ᠵᠥᠪᠯᠡᠪᠡ︔ ︽ᠤᠯᠠᠭᠠᠨᠬᠠᠳᠠ ᠬᠤᠲᠠ ᠶᠢᠨ ᠶᠤᠸᠠᠨ ᠪᠦᠦ ᠱᠠᠨ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠰᠠᠨᠠᠭᠤᠯᠭ᠎ᠠ᠂ ᠰᠢᠭᠦᠮᠵᠢᠯᠡᠯ ᠪᠠ ᠰᠠᠨᠠᠯ ᠢ ᠰᠢᠢᠳᠪᠦᠷᠢᠯᠡᠬᠦ ᠲᠣᠭᠲᠠᠭᠠᠯ︾ ︵ᠲᠥᠰᠥᠯ︶ ᠵᠢᠴᠢ ᠠᠵᠢᠯᠲᠠᠨ ᠤ ᠶᠠᠪᠤᠳᠠᠯ ᠤᠨ ᠲᠣᠮᠢᠯᠠᠵᠤ ᠪᠠᠭᠤᠯᠭᠠᠬᠤ ᠵᠦᠢᠯᠡᠰ ᠢ ᠬᠢᠨᠠᠨ ᠶᠠᠷᠢᠯᠴᠠᠵᠤ ᠪᠠᠲᠤᠯᠠᠭᠠᠳ ᠂ ᠯᠢ ᠺᠠᠢ ᠰᠢᠨ᠎ᠡ ᠪᠠᠷ ᠲᠤᠰᠢᠶᠠᠯ ᠳᠤ ᠲᠣᠮᠢᠯᠠᠭᠰᠠᠨ ᠬᠥᠮᠥᠰ ᠲᠤ ᠲᠤᠰᠢᠶᠠᠯ ᠳᠤ ᠲᠣᠮᠢᠯᠠᠬᠤ ᠪᠢᠴᠢᠭ ᠭᠠᠷᠳᠠᠭᠤᠯᠵᠤ᠂ ᠰᠢᠨ᠎ᠡ ᠪᠠᠷ ᠲᠤᠰᠢᠶᠠᠯ ᠳᠤ ᠲᠣᠮᠢᠯᠠᠭᠳᠠᠭᠰᠠᠨ ᠬᠥᠮᠥᠰ  ᠲᠥᠪ ᠴᠢᠩᠭ᠎ᠠ ᠪᠠᠷ ᠦᠨᠳᠦᠰᠦᠨ ᠬᠠᠤᠯᠢ ᠳᠤ ᠲᠠᠩᠭᠠᠷᠢᠭᠯᠠᠪᠠ᠃ 
 
ᠢᠷᠡᠯᠲᠡ᠄ ᠶᠤᠸᠠᠨ ᠪᠣᠥ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠰᠥᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1