︽ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠥᠮᠴᠢᠯᠡᠬᠦ ᠡᠷᠬᠡ ᠪᠣᠯᠣᠨ ᠠᠵᠤ ᠠᠬᠤᠶᠢᠯᠠᠯᠲᠠᠨ ᠤ ᠡᠷᠬᠡ ᠠᠰᠢᠭ ᠢ ᠬᠠᠤᠯᠢ ᠶᠣᠰᠣᠭᠠᠷ ᠬᠠᠮᠠᠭᠠᠯᠠᠵᠤ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠬᠥᠭᠵᠢᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠬᠦ︾ ᠲᠤᠰᠬᠠᠢ ᠰᠡᠳᠥᠪᠲᠦ ᠪᠠᠶᠢᠴᠠᠭᠠᠨ ᠰᠣᠳᠤᠯᠤᠯᠲᠠ ᠶᠢᠨ ᠶᠠᠷᠢᠯᠴᠠᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/5/31
   
1_副本.jpg
       5 ᠰᠠᠷ᠎ᠠ ᠶᠢᠨ 30᠎ ᠤ ᠡᠳᠦᠷ᠂ ᠳᠤᠮᠳᠠᠳᠤ ᠤᠯᠤᠰ ᠤᠨ ᠠᠷᠠᠳᠴᠢᠯᠠᠯ ᠢᠶᠠᠷ ᠤᠯᠤᠰ ᠢᠶᠠᠨ ᠪᠠᠶᠢᠭᠤᠯᠬᠤ ᠡᠪᠯᠡᠯ ᠤᠨ ᠬᠤᠲᠠ ᠶᠢᠨ ᠬᠤᠷᠢᠶᠠᠨ ᠤ ᠡᠷᠬᠢᠯᠡᠭᠴᠢ ᠭᠡᠰᠢᠭᠦᠨ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠯᠥᠸᠧ ᠰᠢᠸ ᠶᠠᠨ ᠪᠠᠶᠢᠴᠠᠭᠠᠨ ᠰᠤᠳᠤᠯᠬᠤ ᠳᠤᠭᠤᠶᠢᠯᠠᠩ ᠢ ᠳᠠᠭᠠᠭᠤᠯᠤᠨ ᠶᠤᠸᠠᠨ ᠪᠦᠦ ᠱᠠᠨ ᠲᠣᠭᠤᠷᠢᠭ ᠲᠤ ᠢᠷᠡᠵᠦ ︽ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠥᠮᠴᠢᠯᠡᠬᠦ ᠡᠷᠬᠡ ᠪᠠ ᠠᠵᠤ ᠠᠬᠤᠶᠢᠯᠠᠯᠲᠠᠨ ᠤ ᠡᠷᠬᠡ ᠠᠰᠢᠭ ᠢ ᠬᠠᠤᠯᠢ ᠶᠣᠰᠣᠭᠠᠷ ᠬᠠᠮᠠᠭᠠᠯᠠᠵᠤ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠬᠥᠭᠵᠢᠯᠲᠡ ᠶᠢᠨ ᠣᠷᠴᠢᠨ ᠨᠥᠬᠦᠴᠡᠯ ᠢ ᠰᠢᠯᠢᠳᠡᠭᠵᠢᠭᠦᠯᠬᠦ︾ ᠲᠤᠰᠬᠠᠢ ᠰᠡᠳᠦᠪᠲᠦ ᠪᠠᠶᠢᠴᠠᠭᠠᠨ ᠰᠤᠳᠤᠯᠤᠯᠲᠠ ᠶᠢᠨ ᠶᠠᠷᠢᠯᠴᠠᠬᠤ ᠬᠤᠷᠠᠯ ᠢ ᠡᠷᠭᠢᠯᠡᠨ ᠬᠤᠷᠠᠯᠳᠤᠭᠤᠯᠵᠤ᠂ ᠭᠤᠷᠪᠠᠨ ᠱᠠᠲᠤᠨ ᠤ ᠤᠯᠤᠰ ᠲᠥᠷᠥ ᠶᠢᠨ ᠵᠥᠪᠯᠡᠯᠭᠡᠨ ᠤ ᠲᠤᠰᠬᠠᠢ ᠰᠡᠳᠦᠪᠲᠦ ᠬᠢᠨᠠᠯᠲᠠ ᠶᠢᠨ ᠴᠢᠨᠠᠷᠲᠠᠢ ᠵᠥᠪᠯᠡᠬᠦ ᠰᠡᠳᠦᠪ ᠢ ᠭᠦᠨᠵᠡᠭᠡᠢ ᠥᠷᠨᠢᠭᠦᠯᠬᠦ ᠶᠢ ᠤᠯᠠᠮ ᠨᠢᠭᠡ ᠠᠯᠬᠤᠮ ᠲᠦᠯᠬᠢᠨ ᠠᠬᠢᠭᠤᠯᠵᠤ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠢ ᠳᠡᠮᠵᠢᠪᠡ᠃ ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠸᠠᠩ ᠵᠧᠨ ᠯᠢᠶᠠᠩ᠂ ᠳᠡᠳ᠋ ᠲᠡᠷᠢᠭᠦᠯᠡᠭᠴᠢ ᠢᠦᠢ ᠽᠦᠸᠧ ᠬᠤᠸ᠂ ᠲᠣᠭᠤᠷᠢᠭ ᠤᠨ ᠳᠣᠲᠣᠷᠠᠬᠢ ᠬᠡᠰᠡᠭ ᠠᠵᠤ ᠠᠬᠤᠶᠢᠯᠠᠯ ᠤᠨ ᠲᠥᠯᠥᠭᠡᠯᠡᠭᠴᠢ ᠶᠠᠷᠢᠯᠴᠠᠬᠤ ᠬᠤᠷᠠᠯ ᠳᠤ ᠣᠷᠣᠯᠴᠠᠪᠠ᠃    ᠶᠠᠷᠢᠯᠴᠠᠬᠤ ᠬᠤᠷᠠᠯ ᠳᠡᠭᠡᠷ᠎ᠡ ᠂ ᠯᠥᠸᠧ ᠰᠢᠸ ᠶᠠᠨ ᠲᠤᠰ ᠤᠳᠠᠭᠠᠨ ᠤ ᠶᠠᠷᠢᠯᠴᠠᠬᠤ ᠬᠤᠷᠠᠯ ᠤᠨ ᠵᠣᠷᠢᠯᠭ᠎ᠠ ᠪᠣᠯᠣᠨ ᠠᠴᠢ ᠬᠤᠯᠪᠣᠭᠳᠠᠯ ᠤᠨ ᠲᠤᠬᠠᠢ ᠨᠠᠷᠢᠨ ᠲᠣᠳᠣᠷᠬᠠᠶᠢᠯᠠᠯᠲᠠ ᠬᠢᠵᠦ ᠂ ᠠᠵᠤ ᠠᠬᠤᠶᠢᠯᠠᠯ ᠤᠨ ᠲᠥᠯᠥᠭᠡᠯᠡᠭᠴᠢᠳ ᠲᠠᠢ ᠡᠵᠡᠩᠨᠡᠨ ᠬᠤᠳᠠᠯᠳᠤᠭᠠᠯᠠᠬᠤ ᠣᠷᠴᠢᠨ ᠨᠦᠬᠦᠴᠡᠯ ᠤᠨ ᠪᠠᠶᠢᠭᠤᠯᠤᠯᠲᠠ ᠂ ᠠᠵᠤ ᠠᠬᠤᠶᠢᠯᠠᠯ ᠤᠨ ᠬᠥᠭᠵᠢᠯᠲᠡ ᠶᠢᠨ ᠳᠤᠲᠠᠭᠤᠳᠠᠯ ᠤᠨ ᠠᠰᠠᠭᠤᠳᠠᠯ ᠪᠣᠯᠣᠨ ᠠᠵᠤ ᠠᠬᠤᠶᠢᠯᠠᠯ ᠤᠨ ᠢᠷᠡᠭᠡᠳᠦᠢ ᠶᠢᠨ ᠬᠥᠭᠵᠢᠯᠲᠡ ᠶᠢᠨ ᠲᠥᠯᠦᠪᠵᠢᠭᠦᠯᠭᠡ ᠶᠢᠨ ᠲᠤᠬᠠᠢ ᠭᠦᠨᠵᠡᠭᠡᠢ ᠰᠠᠨᠠᠯ ᠢᠶᠠᠨ ᠰᠣᠯᠢᠯᠴᠠᠨ ᠶᠠᠷᠢᠯᠴᠠᠪᠠ ᠃ᠲᠣᠰ ᠤᠳᠠᠭᠠᠨ ᠤ ᠶᠠᠷᠢᠯᠴᠠᠬᠤ ᠬᠤᠷᠠᠯ ᠢᠶᠠᠷ ᠳᠡᠮᠵᠢᠨ᠂ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠣᠳᠣᠬᠠᠨ ᠤ ᠮᠠᠨ ᠤ ᠲᠣᠭᠤᠷᠢᠭ ᠤᠨ ᠡᠯ᠎ᠡ ᠬᠦᠷᠢᠶᠡᠨ ᠳᠠᠬᠢ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠶᠢᠨ ᠶᠠᠪᠤᠴᠠ ᠳᠤ ᠣᠷᠣᠰᠢᠵᠤ ᠪᠠᠶᠢᠭ᠎ᠠ ᠬᠦᠴᠢᠷᠳᠡᠯ ᠪᠠ ᠲᠤᠯᠭᠠᠷᠠᠵᠤ ᠪᠠᠶᠢᠭ᠎ᠠ ᠮᠠᠰᠢ ᠣᠯᠠᠨ ᠨᠡᠶᠢᠲᠡᠯᠢᠭ ᠴᠢᠨᠠᠷᠲᠠᠢ ᠠᠰᠠᠭᠤᠳᠠᠯ ᠢ ᠨᠠᠷᠢᠨ ᠲᠣᠳᠣᠷᠬᠠᠢ ᠣᠶᠢᠯᠠᠭᠠᠨ ᠡᠵᠡᠮᠰᠢᠪᠡ ᠃ ᠲᠠᠷᠠᠭᠠᠴᠢ ᠶᠢᠨ ᠠᠯᠬᠤᠮ ᠳᠤ᠂ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠠᠵᠤ ᠠᠬᠤᠶᠢᠯᠠᠯ ᠤᠨ ᠲᠤᠰᠬᠠᠭᠰᠠᠨ ᠪᠠᠶᠢᠳᠠᠯ ᠢ ᠪᠥᠬᠦ ᠲᠠᠯ᠎ᠠ ᠪᠠᠷ ᠡᠮᠬᠢᠯᠡᠨ ᠬᠤᠷᠢᠶᠠᠩᠭᠤᠶᠢᠯᠠᠬᠤ ᠶᠢᠨ ᠬᠠᠮᠲᠤ ᠴᠢᠨᠠᠷ ᠰᠠᠶᠢᠲᠠᠢ ᠪᠠᠶᠢᠴᠠᠭᠠᠨ ᠰᠤᠳᠤᠯᠤᠯᠲᠠ ᠶᠢᠨ ᠮᠡᠳᠡᠭᠦᠯᠦᠯᠲᠡ ᠶᠢ ᠪᠣᠶ ᠪᠣᠯᠭᠠᠵᠤ ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠬᠠᠨᠳᠤᠯᠭᠠᠲᠤ ᠴᠢᠨᠠᠷ ᠪᠠ ᠬᠡᠷᠡᠭᠵᠢᠭᠦᠯᠵᠦ ᠪᠣᠯᠬᠤᠶᠢᠴᠠ ᠠᠷᠭ᠎ᠠ ᠪᠣᠳᠣᠯᠭ᠎ᠠ ᠶᠢᠨ ᠰᠠᠨᠠᠭᠤᠯᠭ᠎ᠠ ᠳᠤᠷᠠᠳᠴᠤ᠂ ᠪᠥᠬᠦ ᠬᠤᠲᠠ ᠶᠢᠨ ᠡᠵᠡᠩᠨᠡᠨ ᠬᠤᠳᠠᠯᠳᠤᠭᠠᠯᠠᠬᠤ ᠣᠷᠴᠢᠨ ᠨᠦᠬᠦᠴᠡᠯ ᠢ ᠤᠯᠠᠮ ᠨᠢᠭᠡ ᠠᠯᠬᠤᠮ ᠰᠢᠯᠢᠳᠡᠭᠵᠢᠭᠦᠯᠬᠦ ᠶᠢ ᠲᠦᠯᠬᠢᠨ ᠠᠬᠢᠭᠤᠯᠵᠤ᠂ ᠠᠵᠤ ᠠᠬᠤᠶᠢᠯᠠᠯ ᠤᠨ ᠪᠤᠵᠠᠭᠠᠶᠢᠷᠠᠨ ᠬᠦᠴᠦᠷᠬᠡᠭᠵᠢᠬᠦ ᠳᠤ ᠬᠦᠴᠦᠨ ᠨᠡᠮᠡᠷᠢᠯᠡᠵᠦ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠠᠬᠢᠭᠤᠯᠤᠨ᠎ᠠ᠃ 
 
ᠢᠷᠡᠯᠲᠡ᠄ ᠶᠤᠸᠠᠨ ᠪᠣᠥ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠰᠥᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1