ᠶᠤᠸᠠᠨ ᠪᠦᠦ ᠱᠠᠨ ᠲᠣᠭᠤᠷᠢᠭ ᠤᠨ ᠨᠠᠮ ᠤᠨ ᠬᠤᠷᠢᠶᠠᠨ ᠤ ᠤᠯᠤᠰ ᠲᠦᠷᠦ ᠬᠠᠤᠯᠢ ᠴᠠᠭᠠᠵᠠ ᠶᠢᠨ ᠵᠥᠪᠯᠡᠯ ᠄ ᠠᠵᠤ ᠠᠬᠤᠶᠢᠯᠠᠯ ᠢ ᠰᠣᠷᠪᠤᠯᠵᠢᠯᠠᠨ ᠪᠣᠳᠠᠲᠤ ᠶᠠᠪᠤᠳᠠᠯ ᠬᠢᠵᠦ ᠰᠠᠨᠠᠭᠠᠴᠢᠯᠠᠭ᠎ᠠ ᠠᠴᠠ ᠪᠠᠨ ᠡᠭᠦᠷᠭᠡ ᠲᠤᠰᠢᠶᠠᠯ ᠢᠶᠠᠨ ᠭᠥᠢᠴᠡᠳᠬᠡᠨ ᠡᠵᠡᠩᠨᠡᠨ ᠬᠤᠳᠠᠯᠳᠤᠭᠠᠯᠠᠬᠤ ᠶᠢ ᠠᠬᠢᠭᠤᠯᠤᠨ᠎ᠠ
ᠨᠡᠶᠢᠲᠡᠯᠡᠭᠰᠡᠨ ᠴᠠᠭ᠄
2023/5/31
    ᠬᠠᠥᠯᠢᠵᠢᠭ᠌ᠰᠠᠨ ᠡᠵᠡᠩᠨᠡᠨ ᠬᠤᠳᠠᠯᠳᠤᠭᠠᠯᠠᠬᠤ ᠣᠷᠴᠢᠨ ᠨᠥᠭᠦᠴᠡᠯ ᠤᠨ ᠪᠦᠲᠦᠭᠡᠨ ᠪᠠᠶᠢᠭᠤᠯᠤᠯᠲᠠ ᠶᠢᠨ ᠠᠵᠢᠯ ᠢ ᠭᠦᠨᠵᠡᠭᠡᠢ ᠠᠬᠢᠭᠤᠯᠤᠨ᠂ ᠶᠤᠸᠠᠨ ᠪᠦᠦ ᠱᠠᠨ ᠲᠣᠭᠤᠷᠢᠭ ᠤᠨ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠡᠷᠡᠭᠦᠯ ᠢᠶᠠᠷ ᠬᠥᠭᠵᠢᠬᠦ ᠳᠤ ᠬᠦᠴᠦᠨ ᠨᠡᠮᠡᠷᠢᠯᠡᠬᠦ ᠶᠢᠨ ᠲᠥᠯᠥᠭᠡ᠂ ᠣᠶᠢᠷ᠎ᠠ ᠳᠤ᠂ ᠶᠤᠸᠠᠨ ᠪᠦᠦ ᠱᠠᠨ ᠲᠣᠭᠤᠷᠢᠭ ᠤᠨ ᠨᠠᠮ ᠤᠨ ᠬᠤᠷᠢᠶᠠᠨ ᠤ ᠤᠯᠤᠰ ᠲᠥᠷᠥ ᠬᠠᠤᠯᠢ ᠴᠠᠭᠠᠵᠠ ᠶᠢᠨ ᠵᠥᠪᠯᠡᠯ ᠲᠦᠷᠦᠭᠦᠯᠡᠨ ᠰᠢᠭᠦᠬᠦ ᠬᠤᠷᠢᠶ᠎ᠠ᠂ ᠪᠠᠶᠢᠴᠠᠭᠠᠬᠤ ᠬᠤᠷᠢᠶ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠬᠠᠤᠯᠢ ᠴᠠᠭᠠᠵᠠ ᠶᠢᠨ ᠲᠣᠪᠴᠢᠶ᠎ᠠ ᠵᠡᠷᠭᠡ ᠰᠠᠯᠠᠭ᠎ᠠ ᠮᠥᠴᠢᠷ ᠢ ᠵᠣᠬᠢᠶᠠᠨ ᠪᠠᠶᠢᠭᠤᠯᠵᠤ᠂ ᠶᠤᠸᠠᠨ ᠪᠦᠦ ᠱᠠᠨ ᠤ ᠠᠵᠤ ᠦᠢᠯᠡᠰ ᠤᠨ ᠬᠦᠷᠢᠶᠡᠯᠡᠩ ᠳᠤ ᠬᠦᠷᠴᠦ ᠲᠤᠬᠠᠢ ᠶᠢᠨ ᠭᠠᠵᠠᠷ ᠲᠤᠨᠢ ᠰᠤᠷᠪᠤᠯᠵᠢᠯᠠᠵᠤ᠂ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠳᠤ ᠲᠤᠯᠭᠠᠷᠠᠵᠤ ᠪᠠᠶᠢᠭ᠎ᠠ ᠬᠠᠤᠯᠢ ᠴᠠᠭᠠᠵᠠ ᠶᠢᠨ ᠠᠰᠠᠭᠤᠳᠠᠯ ᠳᠤ ᠴᠢᠭᠯᠡᠭᠦᠯᠦᠨ᠂ ᠤᠯᠤᠰ ᠲᠥᠷᠥ ᠬᠠᠤᠯᠢ ᠴᠠᠭᠠᠵᠠ ᠶᠢᠨ ᠰᠢᠰᠲ᠋ᠧᠮ ᠤᠨ ᠡᠭᠦᠷᠭᠡ ᠴᠢᠳᠠᠪᠤᠷᠢ ᠲᠤᠰᠢᠶᠠᠯ ᠬᠠᠷᠢᠭᠤᠴᠠᠯᠭ᠎ᠠ ᠳᠤ ᠰᠠᠭᠤᠷᠢᠯᠠᠨ᠂ ᠬᠠᠤᠯᠢ ᠪᠠᠷ ᠵᠠᠰᠠᠬᠤ ᠪᠠᠲᠤᠯᠠᠭ᠎ᠠ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠠᠵᠤ ᠠᠬᠤᠶᠢᠯᠠᠯ ᠢ ᠦᠨᠡᠨ ᠬᠦ ᠬᠠᠪᠰᠤᠷᠤᠨ ᠪᠣᠳᠠᠲᠠᠢ ᠬᠦᠴᠢᠷᠳᠡᠯ ᠢ ᠨᠢ ᠰᠢᠢᠳᠪᠦᠷᠢᠯᠡᠵᠦ ᠥᠭᠴᠡᠢ᠃    ᠰᠤᠷᠪᠤᠯᠵᠢᠯᠠᠬᠤ ᠶᠠᠪᠤᠴᠠ ᠳᠠᠭᠠᠨ ᠬᠡᠰᠡᠭ ᠠᠵᠤ ᠠᠬᠤᠶᠢᠯᠠᠯ ᠲᠠᠢ ᠨᠢᠭᠡ ᠨᠢᠭᠡ ᠪᠠᠷ ᠭᠥᠨᠵᠡᠭᠡᠢ ᠰᠠᠨᠠᠯ ᠢᠶᠠᠨ ᠰᠣᠯᠢᠯᠴᠠᠨ ᠶᠠᠷᠢᠯᠴᠠᠪᠠ᠃ ᠭᠤᠣᠯᠳᠠᠭᠤ ᠬᠤᠸᠠ ᠲᠢᠶᠠᠨ ᠤ ᠡᠮ ᠦᠢᠯᠡᠳᠬᠦ ᠬᠢᠵᠠᠭᠠᠷᠲᠤ ᠺᠤᠮᠫᠠᠨᠢ ᠪᠠ ᠾᠧ ᠪᠸᠢ ᠶᠢᠨ ᠵᠦᠸᠧ ᠿᠠᠨ ᠺᠤᠮᠫᠠᠨᠢ ᠶᠢᠨ ᠭᠡᠷ᠎ᠡ ᠶᠢᠨ ᠵᠢᠭᠤᠷᠠᠯᠳᠤᠭᠠᠨ ᠤ ᠠᠰᠠᠭᠤᠳᠠᠯ ᠂ ᠿᠥᠨ ᠪᠠᠩ ᠺᠣᠮᠫᠠᠨᠢ ᠪᠣᠯᠣᠨ ᠮᠠ ᠵᠢᠶᠠ ᠽᠢ ᠲᠣᠰᠬᠤᠨ ᠤ ᠭᠠᠵᠠᠷ ᠰᠢᠷᠣᠢ ᠶᠢᠨ ᠮᠠᠷᠭᠤᠯᠳᠤᠭᠠᠨ ᠤ ᠠᠰᠠᠭᠤᠳᠠᠯ ᠂ ᠢᠯᠢ ᠪᠣᠯᠣᠨ ᡁᠢ ᠫᠦ᠋ ᠰᠢᠲᠠᠮᠠᠬᠠᠢ ᠬᠡᠢ ᠶᠢᠨ ᠵᠢᠭᠤᠷᠠᠯᠳᠤᠭᠠᠨ ᠤ ᠠᠰᠠᠭᠤᠳᠠᠯ ᠵᠡᠷᠭᠡ ᠶᠢ ᠰᠣᠨᠣᠰᠴᠤ ᠂ ᠤᠯᠤᠰ ᠲᠦᠷᠦ ᠬᠠᠤᠯᠢ ᠴᠠᠭᠠᠵᠠ ᠶᠢᠨ ᠡᠯ᠎ᠡ ᠨᠢᠭᠡᠴᠢ ᠶᠢᠨ ᠬᠤᠯᠪᠣᠭᠳᠠᠯ ᠪᠦᠬᠦᠢ ᠤᠳᠤᠷᠢᠳᠤᠯᠭ᠎ᠠ ᠠᠵᠤ ᠠᠬᠤᠶᠢᠯᠠᠯ ᠤᠨ ᠬᠦᠰᠡᠯ ᠱᠠᠭᠠᠷᠳᠠᠯᠭ᠎ᠠ ᠶᠢ ᠦᠨᠳᠦᠰᠦᠯᠡᠨ ᠂ ᠲᠤᠰᠬᠠᠢ ᠮᠡᠷᠭᠡᠵᠢᠯ ᠤᠨ ᠲᠠᠯ᠎ᠠ ᠠᠴᠠ ᠡᠳᠡᠭᠡᠷ ᠠᠰᠠᠭᠤᠳᠠᠯ ᠳᠤ ᠬᠤᠯᠪᠣᠭᠳᠠᠭᠰᠠᠨ ᠬᠠᠤᠯᠢ ᠴᠠᠭᠠᠵᠠ ᠶᠢᠨ ᠠᠰᠠᠭᠤᠳᠠᠯ ᠳᠤ ᠨᠠᠷᠢᠨ ᠲᠣᠳᠣᠷᠬᠠᠢ ᠬᠠᠷᠢᠭᠤᠯᠲᠠ ᠥᠭᠬᠦ ᠶᠢᠨ ᠬᠠᠮᠲᠤ ᠵᠣᠬᠢᠴᠠᠩᠭᠤᠢ ᠬᠠᠤᠯᠢ ᠴᠠᠭᠠᠵᠠ ᠶᠢᠨ ᠰᠠᠨᠠᠭᠤᠯᠭ᠎ᠠ ᠥᠭᠴᠡᠢ ᠃    ᠳᠠᠷᠠᠭᠠᠴᠢ ᠶᠢᠨ ᠠᠯᠬᠤᠮ ᠳᠤ ᠂ ᠶᠤᠸᠠᠨ ᠪᠦᠦ ᠱᠠᠨ ᠲᠣᠭᠤᠷᠢᠭ ᠤᠨ ᠨᠠᠮ ᠤᠨ ᠬᠤᠷᠢᠶᠠᠨ ᠤ ᠤᠯᠤᠰ ᠲᠦᠷᠦ ᠬᠠᠤᠯᠢ ᠴᠠᠭᠠᠵᠠ ᠶᠢᠨ ᠵᠥᠪᠯᠡᠯ ᠬᠠᠤᠯᠢᠵᠢᠯ ᠤᠨ ᠦᠢᠯᠡᠴᠢᠯᠡᠭᠡᠨ ᠤ ᠤᠬᠠᠮᠰᠠᠷ ᠢᠶᠠᠨ ᠴᠢᠨᠠᠭᠰᠢᠳᠠ ᠰᠢᠯᠢᠳᠡᠭᠵᠢᠭᠦᠯᠵᠦ ᠂ ᠠᠵᠤ ᠠᠬᠤᠶᠢᠯᠠᠯ ᠯᠤᠭ᠎ᠠ ᠶᠢᠨ ᠣᠯᠣᠯᠴᠠᠭ᠎ᠠ ᠰᠣᠯᠢᠯᠴᠠᠭ᠎ᠠ ᠪᠠᠨ ᠲᠠᠰᠤᠷᠠᠯᠲᠠ ᠦᠭᠡᠢ ᠴᠢᠩᠭᠠᠳᠬᠠᠵᠤ ᠂ ᠠᠵᠤ ᠠᠬᠤᠶᠢᠯᠠᠯ ᠢ ᠬᠠᠪᠰᠤᠷᠤᠨ ᠳᠦᠷᠢᠮ ᠳᠤ ᠨᠡᠶᠢᠴᠡᠬᠦ ᠤᠬᠠᠮᠰᠠᠷ ᠢ ᠨᠢ ᠪᠠᠲᠤᠳᠬᠠᠵᠤ ᠂ ᠠᠵᠤ ᠠᠬᠤᠶᠢᠯᠠᠯ ᠤᠨ ᠬᠠᠮᠢᠶᠠᠷᠤᠯᠲᠠ ᠶᠢᠨ ᠰᠢᠰᠲ᠋ᠧᠮ ᠢ ᠲᠡᠭᠦᠯᠳᠡᠷᠵᠢᠭᠦᠯᠬᠦ ᠶᠢ ᠠᠬᠢᠭᠤᠯᠤᠨ᠂ ᠠᠵᠤ ᠠᠬᠤᠶᠢᠯᠠᠯ ᠤᠨ ᠬᠠᠤᠯᠢ ᠴᠠᠭᠠᠵᠠ ᠶᠢᠨ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠴᠢᠳᠠᠪᠤᠷᠢ ᠶᠢ ᠳᠡᠭᠡᠭᠰᠢᠯᠡᠭᠦᠯᠵᠦ ᠂ ᠠᠵᠤ ᠠᠬᠤᠶᠢᠯᠠᠯ ᠳᠤ ᠨᠡᠩ ᠰᠢᠯᠢᠳᠡᠭ ᠬᠠᠤᠯᠢᠵᠢᠯ ᠤᠨ ᠦᠢᠯᠡᠴᠢᠯᠡᠭᠡ ᠶᠢ ᠦᠷᠭᠦᠯᠵᠢᠯᠡᠨ ᠬᠠᠩᠭᠠᠨ᠎ᠠ ᠃ 
 
ᠢᠷᠡᠯᠲᠡ᠄ ᠶᠤᠸᠠᠨ ᠪᠣᠥ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠰᠥᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1