ᠶᠤᠸᠠᠨ ᠪᠦᠦ ᠱᠠᠨ ᠲᠣᠭᠤᠷᠢᠭ ᠤᠨ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ᠰᠢᠨ᠎ᠡ ᠬᠤᠯᠪᠣᠭᠠᠲᠤ ᠬᠤᠷᠠᠯ ᠢ ᠵᠣᠬᠢᠶᠠᠨ ᠪᠠᠶᠢᠭᠤᠯᠵᠤ ︽ᠶᠤᠸᠠᠨ ᠪᠦᠦ ᠱᠠᠨ ᠤ ᠦᠨᠦᠷ ᠠᠮᠲᠠ ᠶᠢ ᠬᠠᠶᠢᠬᠤ ︱ ᠲᠠᠯ᠎ᠠ ᠨᠤᠲᠤᠭ ᠤᠨ ᠠᠮᠲᠠᠲᠤ ᠢᠳᠡᠭᠡᠨ ᠤ ᠠᠶᠠᠯᠠᠯ︾᠎ ᠤᠨ ᠦᠵᠡᠭᠦᠯᠦᠯᠭᠡ ᠶᠢᠨ ᠠᠵᠢᠯᠯᠠᠭ᠎ᠠ ᠶᠢ ᠥᠷᠨᠢᠭᠦᠯᠪᠡ
ᠨᠡᠶᠢᠲᠡᠯᠡᠭᠰᠡᠨ ᠴᠠᠭ᠄
2023/5/31
    ᠨᠡᠶᠢᠭᠡᠮ ᠤᠨ ᠰᠢᠨ᠎ᠡ ᠳᠠᠪᠬᠤᠷᠭ᠎ᠠ ᠶᠢᠨ ᠬᠥᠮᠥᠰ ᠤᠨ ᠨᠢᠭᠡᠳᠦᠮᠡᠯ ᠹᠷᠣᠨᠲ ᠤᠨ ᠠᠵᠢᠯ ᠤᠨ ᠰᠢᠨ᠎ᠡ ᠶᠢ ᠡᠭᠦᠳᠦᠨ ᠬᠥᠭᠵᠢᠬᠦ ᠶᠢ ᠠᠬᠢᠭᠤᠯᠬᠤ ᠶᠢᠨ ᠲᠥᠯᠥᠭᠡ᠂ 5 ᠰᠠᠷ᠎ᠠ ᠶᠢᠨ 26᠎ ᠤ ᠡᠳᠦᠷ᠂ ᠶᠤᠸᠠᠨ ᠪᠦᠦ ᠱᠠᠨ ᠲᠣᠭᠤᠷᠢᠭ ᠤᠨ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ᠠᠴᠠ ᠰᠢᠨ᠎ᠡ ᠬᠤᠯᠪᠣᠭᠠᠲᠤ ᠬᠤᠷᠠᠯ ᠤᠨ ᠭᠡᠰᠢᠭᠦᠨ  ᠨᠢᠭᠡᠴᠢ ᠂ ᠾᠧ ᠳ᠋ᠠ ᠵᠢᠯᠣᠭᠤᠴᠢ ᠶᠢᠨ ᠰᠤᠷᠭᠠᠭᠤᠯᠢ ᠂ ᠶᠠᠩ ᠭᠤᠸᠠᠩ ᡁᠢ ᠵᠢᠶᠠ ᠰᠠᠶᠢᠨ ᠳᠤᠷ᠎ᠠ ᠶᠢᠨ ᠦᠢᠯᠡᠴᠢᠯᠡᠭᠴᠢᠳ ᠤᠨ ᠨᠡᠶᠢᠭᠡᠮᠯᠢᠭ ᠂ ᠾᠥᠩ ᠸᠧᠢ ᠯᠠᠲ᠋ᠢᠨ ᠪᠥᠵᠢᠭ ᠤᠨ ᠰᠤᠷᠭᠠᠭᠤᠯᠢ ᠪᠣᠯᠣᠨ ᠰᠢᠨ᠎ᠡ ᠬᠤᠯᠪᠣᠭᠠᠲᠤ ᠬᠤᠷᠠᠯ ᠤᠨ ᠭᠡᠰᠢᠭᠦᠨ ᠵᠡᠷᠭᠡ 80 ᠭᠠᠷᠤᠢ ᠬᠥᠮᠥᠨ ᠢ ᠵᠣᠬᠢᠶᠠᠨ ᠪᠠᠶᠢᠭᠤᠯᠵᠤ᠂ ᠰᠢᠨ᠎ᠡ ᠬᠤᠯᠪᠤᠭᠠᠲᠤ ᠬᠤᠷᠠᠯ ᠤᠨ ᠭᠡᠰᠢᠭᠦᠨ ᠠᠵᠤ ᠠᠬᠤᠶᠢᠯᠠᠯ ᠥᠪᠥᠷ ᠮᠣᠩᠭᠤᠯ ᠤᠨ ᠲᠠᠯ᠎ᠠ ᠨᠤᠲᠤᠭ ᠤᠨ ᠾᠦᠢ ᠰᠢᠶᠠᠩ ᠢᠳᠡᠭᠡᠨ ᠤ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠪᠣᠯᠣᠨ ᠥᠪᠥᠷ ᠮᠣᠩᠭᠤᠯ ᠤᠨ ᠸᠧᠢ ᠼᠦᠩ ᠰᠦᠨ ᠦᠢᠯᠡᠰ ᠤᠨ ᠬᠢᠵᠠᠭᠠᠷᠲᠤ ᠺᠣᠮᠫᠠᠨᠢ ᠳᠤ ᠬᠦᠷᠴᠦ ︽ ᠶᠤᠸᠠᠨ ᠪᠦᠦ ᠱᠠᠨ ᠤ ᠦᠨᠦᠷ ᠠᠮᠲᠠ ᠶᠢ ᠬᠠᠶᠢᠬᠤ︾ ᠭᠤᠷᠪᠠᠳᠤᠭᠠᠷ ᠬᠤᠭᠤᠴᠠᠭᠠᠨ ᠤ ︽ᠲᠠᠯ᠎ᠠ ᠨᠤᠲᠤᠭ ᠤᠨ ᠠᠮᠲᠠᠲᠤ ᠢᠳᠡᠭᠡᠨ ᠤ ᠠᠶᠠᠯᠠᠯ︾᠎ ᠤᠨ ᠠᠵᠢᠯᠯᠠᠭ᠎ᠠ ᠥᠷᠨᠢᠭᠦᠯᠪᠡ᠃    ᠨᠢᠭᠡ ᠪᠦᠯᠦᠭ ᠬᠥᠮᠥᠰ ᠲᠠᠯ᠎ᠠ ᠨᠤᠲᠤᠭ ᠤᠨ ᠾᠦᠢ ᠰᠢᠶᠠᠩ ᠺᠣᠮᠫᠠᠨᠢ ᠳᠤ ᠬᠦᠷᠴᠦ᠂ ︽ ᠡᠭᠦᠯᠡᠨ ᠬᠥᠮᠥᠷᠭᠡ︾ ᠲᠣᠬᠢᠷᠠᠭᠤᠯᠤᠨ ᠬᠦᠷᠭᠡᠬᠦ ᠰᠠᠭᠤᠷᠢᠨ ᠭᠠᠵᠠᠷ᠂ ᠦᠢᠯᠡᠳᠬᠦᠨ ᠦᠢᠯᠡᠳᠪᠦᠷᠢᠯᠡᠬᠦ ᠲᠠᠰᠤᠭ᠂ ᠪᠣᠭᠤᠳᠠᠯᠯᠠᠬᠤ ᠲᠠᠰᠤᠭ ᠵᠡᠷᠭᠡ ᠶᠢ ᠲᠣᠭᠤᠷᠢᠨ ᠦᠵᠡᠵᠦ᠂ ᠮᠥᠭᠦ ᠶᠢᠨ ᠵᠢᠶᠠᠩ ᠤᠨ ᠦᠢᠯᠡᠳᠪᠦᠷᠢᠯᠡᠯ ᠤᠨ ᠶᠠᠪᠤᠴᠠ ᠶᠢ ᠨᠠᠷᠢᠨ ᠣᠶᠢᠯᠠᠭᠠᠬᠤ ᠶᠢᠨ ᠬᠠᠮᠲᠤ ᠺᠣᠮᠫᠠᠨᠢ ᠶᠢᠨ ᠮᠥᠭᠦ ᠶᠢᠨ ᠰᠣᠶᠣᠯ ᠤᠨ ᠦᠵᠡᠭᠦᠯᠦᠯᠭᠡ ᠶᠢᠨ ᠲᠢᠩᠬᠢᠮ ᠳᠤ ᠬᠦᠷᠴᠦ᠂ ᠠᠮᠢ ᠠᠬᠤᠢ ᠶᠢᠨ ᠢᠳᠡᠭᠡᠨ ᠤ ᠮᠠᠲ᠋ᠧᠷᠢᠶᠠᠯ ᠤᠨ ᠵᠠᠭᠪᠤᠷ᠂ ᠦᠢᠯᠡᠳᠬᠦᠨ ᠤ ᠲᠥᠷᠥᠯ ᠬᠡᠯᠪᠡᠷᠢ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ᠂ ᠠᠵᠤ ᠠᠬᠤᠶᠢᠯᠠᠯ ᠤᠨ ᠢᠷᠠᠭᠤ ᠠᠯᠳᠠᠷ᠂ ᠠᠵᠤ ᠠᠬᠤᠶᠢᠯᠠᠯ ᠤᠨ ᠬᠥᠭᠵᠢᠯᠲᠡ ᠶᠢᠨ ᠶᠠᠪᠤᠴᠠ ᠪᠠ ᠰᠦᠯᠵᠢᠶᠡᠨ ᠤ ᠰᠢᠭᠤᠳ ᠨᠡᠪᠲᠡᠷᠡᠭᠦᠯᠭᠡ ᠪᠠᠷ ᠪᠠᠷᠠᠭ᠎ᠠ ᠠᠪᠴᠤ ᠶᠠᠪᠤᠬᠤ ᠵᠡᠷᠭᠡ ᠬᠠᠮᠢᠶ᠎ᠠ ᠪᠦᠬᠦᠢ ᠪᠠᠶᠢᠳᠠᠯ ᠢ ᠭᠦᠨᠵᠡᠭᠡᠢ ᠣᠶᠢᠯᠠᠭᠠᠪᠠ ᠃ ᠦᠵᠡᠭᠦᠯᠦᠯᠭᠡ ᠶᠢᠨ ᠳᠤᠮᠳᠠ᠂ ᠵᠠᠷᠢᠮ ᠨᠢ ᠰᠢᠭᠤᠳ ᠨᠡᠪᠲᠡᠷᠡᠭᠦᠯᠭᠡ ᠶᠢᠨ ᠲᠠᠰᠤᠯᠭ᠎ᠠ ᠶᠢ ᠪᠦᠷᠢᠳᠬᠡᠭᠦᠯᠬᠦ ᠭᠠᠵᠠᠷ ᠤᠨ ᠬᠤᠪᠢ ᠪᠠᠷ ᠬᠠᠮᠲᠤ ᠶᠢᠨ ᠵᠢᠷᠤᠭ ᠲᠠᠲᠠᠭᠤᠯᠵᠤ ᠳᠤᠷᠠᠰᠬᠠᠯ ᠥᠯᠡᠳᠡᠭᠡᠨ᠂ ᠵᠠᠷᠢᠮ ᠨᠢ ᠦᠢᠯᠡᠳᠬᠦᠨ ᠤ ᠨᠠᠷᠢᠨ ᠵᠦᠢᠯᠡᠰ ᠂ ᠬᠤᠳᠠᠯᠳᠤᠨ ᠠᠪᠬᠤ ᠤᠴᠢᠷ ᠶᠠᠪᠤᠳᠠᠯ ᠢ ᠠᠰᠠᠭᠤᠨ ᠯᠠᠪᠯᠠᠵᠤ᠂ ᠲᠤᠬᠠᠢ ᠶᠢᠨ ᠲᠠᠯᠠᠪᠤᠷ ᠲᠤ ᠬᠥᠮᠥᠨ ᠣᠯᠠᠨ ᠴᠤᠭᠯᠠᠷᠠᠨ᠂ ᠲᠤᠶᠢᠯ ᠤᠨ ᠬᠦᠷ ᠬᠥᠭᠵᠢᠶᠡᠨ ᠲᠠᠢ ᠪᠠᠶᠢᠯ᠎ᠠ᠃ ᠲᠠᠷᠠᠭ᠎ᠠ ᠪᠠᠷ ᠎ ᠨᠢ ᠤᠶᠢᠯᠠᠭᠠᠯᠴᠠᠨ ᠶᠠᠷᠢᠯᠴᠠᠬᠤ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ ᠂ ᠺᠣᠮᠫᠠᠨᠢ ᠶᠢᠨ ᠴᠢᠨᠠᠷ ᠰᠠᠶᠢᠲᠠᠢ ᠦᠢᠯᠡᠳᠬᠦᠨ ᠢ ᠤᠬᠠᠭᠤᠯᠤᠨ ᠲᠠᠨᠢᠯᠴᠠᠭᠤᠯᠪᠠ ᠃    ᠸᠧᠢ ᠼᠦᠩ ᠰᠦᠨ ᠦᠢᠯᠡᠰ ᠤᠨ ᠺᠣᠮᠫᠠᠨᠢ ᠳᠤ ᠂ ᠦᠵᠡᠭᠦᠯᠦᠯᠭᠡ ᠶᠢᠨ ᠪᠦᠯᠬᠦᠮ ᠤᠨ ᠬᠢᠨ ᠠᠵᠤ ᠠᠬᠤᠶᠢᠯᠠᠯ ᠤᠨ ᠬᠠᠷᠢᠭᠤᠴᠠᠯᠭᠠᠲᠠᠨ ᠤ ᠴᠠᠭᠠᠨ ᠢᠳᠡᠭᠡᠨ ᠤ ᠰᠢᠮ᠎ᠡ ᠲᠡᠵᠢᠭᠡᠯ ᠤᠨ ᠮᠡᠳᠡᠯᠭᠡ᠂ ᠴᠤᠯᠤ ᠦᠨᠢᠶᠡᠨ ᠰᠥ ᠪᠣᠯᠣᠨ ᠰᠢᠨ᠎ᠡ ᠦᠨᠢᠶᠡᠨ ᠰᠥ ᠶᠢᠨ ᠢᠯᠭᠠᠭ᠎ᠠ᠂ ᠡᠭᠡᠳᠡᠭᠰᠡᠨ ᠰᠥ ᠢᠰᠬᠡᠬᠦ ᠣᠨᠴᠠᠯᠢᠭ ᠵᠡᠷᠭᠡ ᠶᠢᠨ ᠲᠤᠬᠠᠢ ᠲᠠᠨᠢᠯᠴᠠᠭᠤᠯᠭ᠎ᠠ ᠶᠢ ᠰᠣᠨᠣᠰᠪᠠ᠃ ᠴᠠᠭᠠᠨ ᠢᠳᠡᠭᠡᠨ ᠤ ᠦᠢᠯᠡᠳᠪᠦᠷᠢᠯᠡᠯ ᠤᠨ ᠶᠠᠪᠤᠴᠠ ᠶᠢ ᠲᠣᠭᠤᠷᠢᠨ ᠦᠵᠡᠵᠦ ᠂ ᠰᠢᠨ᠎ᠡ ᠰᠥ᠂ ᠵᠠᠶᠢᠷᠮᠠᠭ ᠵᠡᠷᠭᠡ ᠪᠦᠲᠦᠭᠡᠭᠳᠡᠬᠦᠨ ᠤ ᠤᠷ᠎ᠠ ᠮᠡᠷᠭᠡᠵᠢᠯ ᠢ ᠨᠠᠷᠢᠨ ᠣᠶᠢᠯᠠᠭᠠᠵᠤ ᠂ ᠲᠤᠬᠠᠢ ᠶᠢᠨ ᠲᠠᠯᠠᠪᠤᠷ ᠲᠤ ᠰᠢᠨ᠎ᠡ ᠰᠥ᠂ ᠡᠭᠡᠳᠡᠭᠰᠡᠨ ᠰᠥ ᠵᠡᠷᠭᠡ ᠲᠠᠯ᠎ᠠ ᠨᠤᠲᠤᠭ ᠤᠨ ᠣᠨᠴᠠᠯᠢᠭ ᠲᠠᠢ ᠠᠮᠲᠠᠲᠤ ᠢᠳᠡᠭᠡᠨ ᠢ ᠠᠮᠲᠠᠯᠠᠨ᠂ ᠤᠯᠠᠨ ᠢᠶᠠᠷ ᠢᠶᠠᠨ ᠴᠥᠮ ᠺᠣᠮᠫᠠᠨᠢ ᠶᠢᠨ ᠴᠡᠪᠡᠷ ᠴᠡᠮᠴᠡᠭᠡᠷ ᠣᠷᠴᠢᠨ ᠲᠣᠭᠤᠷᠢᠨ ᠂ ᠠᠷᠢᠭᠤᠨ ᠴᠡᠪᠡᠷ ᠦᠢᠯᠡᠳᠪᠦᠷᠢᠯᠡᠯ ᠤᠨ ᠲᠠᠰᠤᠭ ᠂ ᠰᠢᠮ᠎ᠡ ᠲᠡᠵᠢᠭᠡᠯ ᠲᠠᠢ ᠡᠷᠡᠭᠦᠯ ᠮᠡᠨᠳᠦ ᠶᠢᠨ ᠪᠦᠲᠦᠭᠡᠭᠳᠡᠬᠦᠨ ᠢ ᠪᠢᠰᠢᠷᠡᠨ ᠪᠠᠭ᠋ᠠᠷᠬᠠᠵᠤ ᠂ ᠬᠤᠳᠠᠯᠳᠤᠨ ᠠᠪᠬᠤ ᠤᠷᠮ᠎ᠠ ᠬᠦᠭᠵᠢᠵᠡᠢ᠃    ᠣᠲᠣ ᠪᠣᠯᠲᠠᠯ᠎ᠠ᠂ ᠶᠤᠸᠠᠨ ᠪᠦᠦ ᠱᠠᠨ ᠲᠣᠭᠤᠷᠢᠭ ᠤᠨ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ᠨᠢᠭᠡᠨᠲᠡ ︽ ᠶᠤᠸᠠᠨ ᠪᠦᠦ ᠱᠠᠨ ᠤ ᠦᠨᠦᠷ ᠠᠮᠲᠠ ᠶᠢ ᠬᠠᠶᠢᠬᠤ︾ ᠠᠵᠢᠯᠯᠠᠭ᠎ᠠ ᠶᠢ ᠭᠤᠷᠪᠠᠨ ᠬᠤᠭᠤᠴᠠᠭ᠎ᠠ ᠵᠣᠬᠢᠶᠠᠨ ᠪᠠᠶᠢᠭᠤᠯᠤᠨ ᠥᠷᠨᠢᠭᠦᠯᠵᠦ᠂ ᠨᠢᠭᠡᠳᠦᠭᠡᠷ ᠬᠤᠭᠤᠴᠠᠭᠠᠨ ᠤ ︽ᠯᠣᠣ ᠰᠢ ᠶᠢᠩᠽᠢ ᠲᠣᠰᠬᠤᠨ ᠳᠤ ᠣᠶᠢᠷᠠᠳᠬᠤ︾ ᠠᠵᠢᠯᠯᠠᠭ᠎ᠠ ᠶᠢ 2021 ᠣᠨ ᠤ 9 ᠰᠠᠷ᠎ᠠ ᠳᠤ ᠰᠢᠶᠣᠣ ᠦ᠋ ᠵᠢᠶᠠ ᠰᠢᠶᠠᠩ ᠤᠨ ᠯᠣᠣ ᠰᠢ ᠶᠢᠩᠽᠢ ᠲᠣᠰᠬᠤᠨ ᠳᠤ ᠶᠠᠪᠤᠭᠳᠠᠭᠤᠯᠵᠤ᠂ ᠰᠢᠭᠤᠳ ᠨᠡᠪᠲᠡᠷᠡᠭᠦᠯᠬᠦ ᠬᠡᠯᠪᠡᠷᠢ ᠪᠠᠷ ᠲᠣᠰ ᠲᠣᠰᠬᠤᠨ ᠢ ᠬᠠᠪᠰᠤᠷᠤᠨ ᠪᠠᠯ᠂ ᠬᠤᠲᠣᠩ ᠦᠨᠳᠦᠰᠦᠲᠡᠨ ᠤ ︽ᠶᠢᠰᠦᠨ ᠲᠣᠮᠣ ᠠᠶᠠᠭ᠎ᠠ︾ ᠪᠣᠯᠣᠨ ᠶᠧᠪᠡᠩ ᠢ ᠲᠠᠨᠢᠯᠴᠠᠭᠤᠯᠪᠠ︔ 2021 ᠣᠨ ᠤ 10 ᠰᠠᠷ᠎ᠠ ᠳᠤ ᠬᠤᠶᠠᠳᠤᠭᠠᠷ ᠬᠤᠭᠤᠴᠠᠭᠠᠨ ᠤ ︽ᠡᠯᠪᠡᠭ ᠪᠠᠶᠠᠯᠢᠭ ᠦᠷ᠎ᠡ ᠪᠦᠲᠦᠭᠡᠯ ︾᠎ ᠢ ᠰᠢᠶᠣᠣ ᠦ᠋ ᠵᠢᠶᠠ ᠰᠢᠶᠠᠩ ᠤᠨ ᠰᠢᠶᠧ ᠵᠢᠶᠠ ᠶᠢᠩᠽᠢ ᠲᠣᠰᠬᠤᠨ ᠳᠤ ᠡᠷᠭᠢᠯᠡᠵᠦ᠂ ᠰᠢᠭᠤᠳ ᠨᠡᠪᠲᠡᠷᠡᠭᠦᠯᠬᠦ ᠬᠡᠯᠪᠡᠷᠢ ᠪᠠᠷ ᠮᠧᠩ ᠹᠦ᠋ ᠠᠯᠮᠤᠷᠠᠳ᠂ ᠨᠠᠨ ᠭᠦᠸᠧ ᠠᠯᠢᠮ᠎ᠠ ᠵᠡᠷᠭᠡ ᠵᠢᠮᠢᠰ ᠢ ᠲᠠᠨᠢᠯᠴᠠᠭᠤᠯᠪᠠ᠃ ᠳᠠᠷᠠᠭᠠᠴᠢ ᠶᠢᠨ ᠠᠯᠬᠤᠮ ᠳᠤ ᠂ ᠶᠤᠸᠠᠨ ᠪᠦᠦ ᠱᠠᠨ ᠲᠣᠭᠤᠷᠢᠭ ᠤᠨ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ᠦᠷᠭᠦᠯᠵᠢᠯᠡᠨ ᠰᠢᠷᠢᠰ ᠠᠵᠢᠯᠯᠠᠭ᠎ᠠ ᠥᠷᠨᠢᠭᠦᠯᠵᠦ ᠂ ᠦᠨᠳᠦᠰᠦᠨ ᠱᠠᠲᠤ ᠶᠢ ᠬᠠᠪᠰᠤᠷᠤᠨ ᠴᠢᠨᠠᠷ ᠰᠠᠶᠢᠲᠠᠢ ᠲᠠᠷᠢᠶᠠᠯᠠᠩ ᠤᠨ ᠲᠤᠰᠠᠯᠠᠬᠤ ᠠᠵᠤ ᠠᠬᠤᠢ ᠶᠢᠨ ᠪᠦᠲᠦᠭᠡᠭᠳᠡᠬᠦᠨ ᠢ ᠪᠣᠷᠣᠯᠠᠭᠤᠯᠵᠤ ᠂ ᠪᠣᠷᠤᠯᠠᠭᠤᠯᠭ᠎ᠠ ᠶᠢᠨ ᠬᠦᠴᠢᠷ ᠠᠰᠠᠭᠤᠳᠠᠯ ᠢ ᠰᠢᠢᠳᠪᠥᠷᠢᠯᠡᠨ᠂ ᠲᠦᠷᠦᠯ ᠲᠡᠮᠳᠡᠭ ᠤᠨ ᠪᠠᠶᠢᠭᠤᠯᠤᠯᠲᠠ ᠶᠢ ᠲᠡᠳᠬᠦᠵᠦ ᠂ ᠠᠮᠢᠵᠢᠷᠠᠯ ᠪᠢᠯᠬᠠᠭᠰᠠᠨ ᠶᠤᠸᠠᠨ ᠪᠦᠦ ᠱᠠᠨ ᠢ ᠢᠳᠡᠪᠬᠢᠲᠡᠢ ᠴᠣᠭᠴᠠᠯᠠᠨ᠎ᠠ ᠃ 
 
ᠢᠷᠡᠯᠲᠡ᠄ ᠶᠤᠸᠠᠨ ᠪᠣᠥ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠰᠥᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1