ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠡᠳ᠋ ᠤᠨ ᠵᠠᠰᠠᠭ ᠰᠤᠷᠭᠠᠨ ᠬᠥᠮᠦᠵᠢᠯ ᠭᠤᠷᠪᠠᠨ ᠰᠠᠯᠠᠭ᠎ᠠ ᠮᠥᠴᠢᠷ ᠬᠤᠯᠪᠣᠭᠠᠯᠠᠨ ᠪᠢᠴᠢᠭ ᠮᠠᠲ᠋ᠧᠷᠢᠶᠠᠯ ᠪᠠᠭᠤᠯᠭᠠᠵᠤ ᠰᠢᠨᠵᠢᠯᠡᠬᠦ ᠤᠬᠠᠭᠠᠨ ᠤ ᠰᠤᠳᠤᠯᠭᠠᠨ ᠤ ᠵᠠᠯᠠᠭᠤ ᠠᠵᠢᠯᠲᠠᠳ ᠤᠨ ᠳᠠᠷᠤᠭᠠᠰᠤ ᠶᠢ ᠬᠥᠩᠭᠡᠷᠡᠭᠦᠯᠵᠦ ᠪᠤᠢ
ᠨᠡᠶᠢᠲᠡᠯᠡᠭᠰᠡᠨ ᠴᠠᠭ᠄
2023/6/1
    ︽ᠰᠢᠨᠵᠢᠯᠡᠬᠦ ᠤᠬᠠᠭᠠᠨ ᠮᠡᠷᠭᠡᠵᠢᠯ ᠢᠶᠠᠷ ᠥᠪᠥᠷ ᠮᠣᠩᠭᠤᠯ ᠢᠶᠠᠨ ᠬᠥᠭᠵᠢᠭᠦᠯᠬᠦ︾ ᠠᠵᠢᠯᠯᠠᠭ᠎ᠠ ᠶᠢ ᠭᠦᠨᠵᠡᠭᠡᠶᠢᠷᠡᠭᠦᠯᠦᠨ ᠪᠤᠲᠠᠲᠠᠶᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠳᠠᠷᠤᠮᠠᠯᠯᠠᠨ ᠲᠠᠷᠬᠠᠭᠠᠭᠰᠠᠨ ︽ᠰᠢᠨᠵᠢᠯᠡᠬᠦ ᠤᠬᠠᠭᠠᠨ ᠮᠡᠷᠭᠡᠵᠢᠯ ᠤᠨ ᠤᠷᠮᠠᠰᠢᠭᠤᠯᠤᠯ ᠢ ᠤᠯᠠᠮ ᠨᠢᠭᠡ ᠠᠯᠬᠤᠮ ᠴᠢᠩᠭᠠᠷᠠᠭᠤᠯᠬᠤ ᠲᠤᠬᠠᠢ ᠠᠷᠭ᠎ᠠ ᠬᠡᠮᠵᠢᠶ᠎ᠡ ᠨᠦᠭᠦᠳ︾᠎ ᠢ ᠤᠯᠠᠮ ᠨᠢᠭᠡ ᠠᠯᠬᠤᠮ ᠨᠠᠶᠢᠳᠠᠪᠤᠷᠢᠵᠢᠭᠤᠯᠤᠨ᠂ ᠰᠢᠨᠵᠢᠯᠡᠬᠦ ᠤᠬᠠᠭᠠᠨ ᠤ ᠰᠤᠳᠤᠯᠭᠠᠨ ᠤ ᠵᠠᠯᠠᠭᠤ ᠠᠵᠢᠯᠲᠠᠳ ᠤᠨ ᠳᠠᠷᠤᠭᠠᠰᠤ ᠶᠢ ᠬᠥᠩᠭᠡᠷᠡᠭᠦᠯᠵᠦ᠂ ᠰᠢᠨ᠎ᠡ ᠶᠢ ᠡᠭᠦᠳᠬᠦ ᠳᠠᠯᠳᠠ ᠴᠢᠳᠠᠪᠤᠷᠢ ᠪᠣᠯᠣᠨ ᠠᠮᠢᠵᠢᠷᠠᠯ ᠤᠨ ᠬᠦᠴᠦᠨ ᠢ ᠨᠢ ᠬᠥᠭᠵᠢᠭᠡᠬᠦ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ᠂ ᠡᠳ᠋ ᠤᠨ ᠵᠠᠰᠠᠭ ᠤᠨ ᠲᠢᠩᠬᠢᠮ᠂ ᠰᠤᠷᠭᠠᠨ ᠬᠥᠮᠦᠵᠢᠯ ᠤᠨ ᠲᠢᠩᠬᠢᠮ ᠵᠡᠷᠭᠡ ᠭᠤᠷᠪᠠᠨ ᠰᠠᠯᠠᠭ᠎ᠠ ᠮᠥᠴᠢᠷ ᠬᠤᠯᠪᠣᠭᠠᠯᠠᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠤ ᠰᠤᠳᠤᠯᠭᠠᠨ ᠤ ᠵᠠᠯᠠᠭᠤ ᠠᠵᠢᠯᠲᠠᠳ ᠤᠨ ᠳᠠᠷᠤᠭᠠᠰᠤ ᠶᠢ ᠬᠥᠩᠭᠡᠷᠡᠭᠦᠯᠬᠦ ᠲᠤᠰᠬᠠᠢ ᠠᠵᠢᠯᠯᠠᠭ᠎ᠠ ᠶᠢᠨ ᠠᠵᠢᠯ ᠤᠨ ᠲᠥᠰᠥᠯ︾᠎ ᠢ ᠳᠠᠷᠤᠮᠠᠯᠯᠠᠨ ᠲᠠᠷᠬᠠᠭᠠᠪᠠ᠃    ᠣᠶᠢᠯᠠᠭᠠᠭᠰᠠᠨ ᠢᠶᠠᠷ᠂ ᠳᠠᠷᠤᠭᠠᠰᠤ ᠶᠢ ᠬᠥᠩᠭᠡᠷᠡᠭᠦᠯᠬᠦ ᠠᠵᠢᠯᠯᠠᠭ᠎ᠠ ᠳᠤ ᠭᠤᠣᠯᠳᠠᠭᠤ ᠭᠤᠣᠯ ᠡᠭᠦᠷᠭᠡ ᠡᠭᠦᠷᠭᠡᠯᠡᠬᠦ᠂ ᠠᠵᠠ ᠲᠣᠬᠢᠶᠠᠯ ᠢ ᠨᠡᠮᠡᠭᠳᠡᠭᠦᠯᠬᠦ᠂ ᠬᠢᠨᠠᠨ ᠰᠢᠯᠭᠠᠯᠲᠠ ᠶᠢ ᠪᠠᠭᠠᠰᠬᠠᠬᠤ᠂ ᠴᠠᠭ ᠢ ᠪᠠᠲᠤᠯᠠᠬᠤ᠂ ᠪᠡᠶ᠎ᠡ ᠰᠡᠳᠬᠢᠯ ᠢ ᠴᠢᠭᠢᠷᠠᠭᠵᠢᠭᠤᠯᠬᠤ ᠵᠡᠷᠭᠡ ᠲᠠᠪᠤᠨ ᠲᠠᠯ᠎ᠠ ᠶᠢᠨ ᠪᠣᠳᠠᠲᠠᠢ ᠲᠥᠰᠥᠯ ᠪᠠᠭᠲᠠᠵᠤ᠂ ᠡᠨᠡ ᠵᠢᠯ ᠤᠨ 6 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠪᠥᠬᠦ ᠲᠠᠯ᠎ᠠ ᠪᠠᠷ ᠪᠤᠲᠠᠲᠠᠶᠢᠵᠢᠭᠤᠯᠤᠨ ᠦᠷ᠎ᠡ ᠪᠦᠲᠦᠮᠵᠢ ᠭᠠᠷᠭᠠᠵᠤ᠂ ᠨᠢᠭᠡ ᠪᠦᠯᠦᠭ ᠣᠨᠣᠯ ᠤᠨ ᠦᠷ᠎ᠡ ᠪᠦᠲᠦᠭᠡᠯ᠂ ᠳᠦᠷᠢᠮ ᠤᠨ ᠦᠷ᠎ᠡ ᠪᠦᠲᠦᠭᠡᠯ᠂ ᠦᠢᠯᠡᠳᠦᠯᠭᠡ ᠶᠢᠨ ᠦᠷ᠎ᠡ ᠪᠦᠲᠦᠭᠡᠯ ᠢ ᠪᠣᠶ ᠪᠣᠯᠭᠠᠵᠤ᠂ ᠳᠠᠭᠤᠷᠢᠶᠠᠨ ᠳᠡᠯᠭᠡᠷᠡᠭᠦᠯᠵᠦ ᠪᠣᠯᠬᠤᠶᠢᠴᠠ ᠨᠡᠶᠢᠲᠡᠯᠢᠭ ᠲᠤᠷᠰᠢᠯᠭ᠎ᠠ ᠶᠢ ᠪᠣᠶ ᠪᠣᠯᠭᠠᠬᠤ ᠪᠠᠷ ᠴᠢᠷᠮᠠᠶᠢᠨ᠎ᠠ᠃    ᠲᠥᠰᠥᠯ ᠢ ᠨᠡᠶᠢᠲᠡᠯᠡᠭᠰᠡᠨ ᠨᠢ ᠨᠡᠩ ᠨᠡᠭᠡᠭᠡᠯᠲᠡ ᠲᠠᠢ ᠰᠢᠨᠵᠢᠯᠡᠬᠦ ᠤᠬᠠᠭᠠᠨ ᠤ ᠰᠤᠳᠤᠯᠭᠠᠨ ᠤ ᠠᠮᠢ ᠠᠬᠤᠢ ᠶᠢ ᠡᠭᠦᠳᠦᠨ ᠪᠠᠶᠢᠭᠤᠯᠵᠤ᠂ ᠰᠢᠨᠵᠢᠯᠡᠬᠦ ᠤᠬᠠᠭᠠᠨ ᠤ ᠰᠤᠳᠤᠯᠭᠠᠨ ᠤ ᠵᠠᠯᠠᠭᠤ ᠠᠵᠢᠯᠲᠠᠳ ᠤᠨ ᠭᠤᠣᠯ ᠡᠭᠦᠷᠭᠡ ᠶᠢ ᠡᠭᠦᠷᠭᠡᠯᠡᠨ᠂ ᠭᠤᠣᠯ ᠳᠥᠷᠢ ᠪᠣᠯᠬᠤ ᠶᠢ ᠳᠡᠮᠵᠢᠵᠦ᠂ ᠰᠢᠨᠵᠢᠯᠡᠬᠦ ᠤᠬᠠᠭᠠᠨ ᠤ ᠰᠤᠳᠤᠯᠭᠠᠨ ᠤ ᠵᠠᠯᠠᠭᠤ ᠠᠵᠢᠯᠲᠠᠳ ᠲᠤ ᠲᠤᠯᠭᠠᠷᠠᠵᠤ ᠪᠠᠶᠢᠭ᠎ᠠ ᠴᠢᠳᠠᠪᠤᠷᠢ ᠪᠠᠨ ᠪᠠᠳᠠᠷᠠᠭᠤᠯᠬᠤ ᠲᠣᠬᠢᠶᠠᠯ ᠴᠥᠭᠡᠨ᠂ ᠦᠰᠦᠨ ᠪᠤᠶᠢᠵᠢᠬᠤ ᠵᠠᠮ ᠢᠪᠴᠤᠤ᠂ ᠦᠨᠡᠯᠡᠯᠲᠡ ᠰᠢᠯᠭᠠᠯᠲᠠ ᠣᠯᠠᠨ᠂ ᠠᠵᠢᠯ ᠶᠠᠪᠤᠳᠠᠯ ᠤᠨ ᠴᠢᠨᠠᠷᠲᠠᠢ ᠳᠠᠷᠤᠭᠠᠰᠤ ᠬᠦᠨᠳᠦ᠂ ᠰᠢᠨᠵᠢᠯᠡᠬᠦ ᠤᠬᠠᠭᠠᠨ ᠤ ᠰᠤᠳᠤᠯᠭᠠᠨ ᠤ ᠴᠠᠭ ᠴᠥᠭᠡᠨ ᠵᠡᠷᠭᠡ ᠲᠣᠪᠤᠶᠢᠮ᠎ᠠ ᠠᠰᠠᠭᠤᠳᠠᠯ ᠢ ᠦᠨᠳᠦᠰᠦᠨ ᠠᠴᠠ ᠨᠢ ᠰᠢᠢᠳᠪᠦᠷᠢᠯᠡᠨ᠂ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠢ ᠨᠢ ᠭᠦᠢᠴᠡᠳ ᠬᠥᠭᠵᠢᠭᠡᠵᠦ᠂ ᠰᠢᠨᠵᠢᠯᠡᠬᠦ ᠤᠬᠠᠭᠠᠨ ᠤ ᠰᠤᠳᠤᠯᠭᠠᠨ ᠤ ᠵᠠᠯᠠᠭᠤ ᠠᠵᠢᠯᠲᠠᠳ ᠤᠨ ᠰᠡᠳᠬᠢᠯ ᠤᠨ ᠳᠠᠷᠤᠭᠠᠰᠤ ᠦᠭᠡᠢ ᠪᠠᠷ ᠨᠢᠭᠡ ᠰᠡᠳᠬᠢᠯ ᠨᠢᠭᠡ ᠵᠣᠷᠢᠭ ᠢᠶᠠᠷ ᠰᠢᠨᠵᠢᠯᠡᠬᠦ ᠤᠬᠠᠭᠠᠨ ᠤ ᠰᠤᠳᠤᠯᠭᠠᠨ ᠬᠢᠬᠦ ᠶᠢ ᠦᠨᠡᠨ ᠬᠦ ᠪᠠᠲᠤᠯᠠᠵᠤ᠂ ᠪᠦᠬᠦ ᠣᠷᠣᠨ ᠤ ᠴᠢᠳᠠᠪᠤᠷᠢᠲᠠᠨ ᠢ ᠬᠦᠨᠳᠦᠳᠬᠡᠬᠦ᠂ ᠡᠭᠦᠳᠦᠨ ᠪᠦᠲᠦᠭᠡᠯᠲᠡ ᠶᠢ ᠬᠦᠨᠳᠦᠳᠬᠡᠬᠦ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠡᠭᠦᠳᠦᠯᠲᠡ ᠶᠢ ᠵᠣᠷᠢᠭᠵᠢᠭᠤᠯᠬᠤ ᠥᠳᠬᠡᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠬᠤ ᠳᠤ ᠠᠰᠢᠭᠲᠠᠢ ᠶᠤᠮ᠃ 
 
ᠢᠷᠡᠯᠲᠡ᠄ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1