ᠥᠪᠥᠷ ᠮᠣᠩᠭᠤᠯ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠴᠢᠳᠠᠪᠤᠷᠢᠲᠠᠨ ᠤ ᠮᠡᠷᠭᠡᠵᠢᠯ ᠤᠨ ᠴᠣᠯᠠ ᠭᠤᠶᠤᠴᠢᠯᠠᠬᠤ ᠠᠷᠭ᠎ᠠ ᠵᠠᠮ ᠢ ᠰᠠᠭᠠᠳ ᠦᠭᠡᠢ ᠨᠡᠪᠲᠡᠷᠡᠭᠦᠯᠵᠦ ᠪᠣᠢ
ᠨᠡᠶᠢᠲᠡᠯᠡᠭᠰᠡᠨ ᠴᠠᠭ᠄
2023/6/1
    ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠣᠨᠢᠨ ᠮᠡᠳᠡᠭᠡᠨ ᠤ ᠠᠯᠪᠠᠨ ᠭᠡᠷ ᠠᠴᠠ ᠶᠠᠪᠤᠭᠳᠠᠭᠤᠯᠤᠭᠰᠠᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠬᠦᠷᠢᠶᠡᠨ ᠳᠠᠬᠢ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠬᠦ ᠰᠣᠨᠢᠨ ᠮᠡᠳᠡᠭᠡ ᠨᠡᠶᠢᠲᠡᠯᠡᠬᠦ ᠬᠤᠷᠠᠯ ᠠᠴᠠ ᠣᠶᠢᠯᠠᠭᠠᠭᠰᠠᠨ ᠢᠶᠠᠷ᠂ ᠡᠨᠡ ᠵᠢᠯ ᠮᠠᠨ ᠤ ᠣᠷᠣᠨ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠴᠢᠳᠠᠪᠤᠷᠢᠲᠠᠨ ᠤ ᠮᠡᠷᠭᠡᠵᠢᠯ ᠤᠨ ᠴᠣᠯᠠ ᠭᠤᠶᠤᠴᠢᠯᠠᠬᠤ ᠠᠷᠭ᠎ᠠ ᠵᠠᠮ ᠢ ᠰᠠᠭᠠᠳ ᠦᠭᠡᠢ ᠨᠡᠪᠲᠡᠷᠡᠭᠦᠯᠵᠦ᠂ ᠮᠡᠷᠭᠡᠵᠢᠯ ᠤᠨ ᠴᠣᠯᠠ ᠦᠨᠡᠯᠡᠬᠦ ᠪᠠᠷᠢᠮᠵᠢᠶ᠎ᠠ ᠶᠢ ᠰᠢᠨᠡᠴᠢᠯᠡᠵᠦ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠲᠤᠰᠬᠠᠢ ᠮᠡᠷᠭᠡᠵᠢᠯ ᠤᠨ ᠴᠢᠳᠠᠪᠤᠷᠢᠲᠠᠨ ᠤ ᠮᠡᠷᠭᠡᠵᠢᠯ ᠤᠨ ᠴᠣᠯᠠ ᠰᠢᠯᠭᠠᠷᠠᠭᠤᠯᠤᠨ ᠦᠨᠡᠯᠡᠬᠦ ᠳᠤ ᠠᠳᠠᠯᠢ ᠲᠡᠭᠰᠢ ᠬᠠᠷᠠᠭᠠᠯᠵᠠᠯ ᠭᠥᠷᠳᠡᠬᠦ ᠶᠢ ᠪᠠᠲᠤᠯᠠᠵᠤ ᠪᠣᠢ᠃    ᠣᠶᠢᠯᠠᠭᠠᠭᠰᠠᠨ ᠢᠶᠠᠷ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠲᠤᠰᠬᠠᠢ ᠮᠡᠷᠭᠡᠵᠢᠯ ᠤᠨ ᠴᠢᠳᠠᠪᠤᠷᠢᠲᠠᠨ ᠨᠢ ᠲᠠᠩᠰᠠ ᠡᠪᠬᠡᠮᠡᠯ ᠢ ᠬᠠᠳᠠᠭᠠᠯᠠᠵᠤ ᠪᠠᠶᠢᠭ᠎ᠠ ᠴᠢᠳᠠᠪᠤᠷᠢᠲᠠᠨ ᠤ ᠰᠣᠯᠢᠯᠴᠠᠭᠠᠨ ᠤ ᠦᠢᠯᠡᠴᠢᠯᠡᠭᠡᠨ ᠤ ᠪᠠᠶᠢᠭᠤᠯᠤᠮᠵᠢ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ᠂ ᠠᠵᠢᠯ ᠲᠥᠷᠥᠯ ᠤᠨ ᠨᠡᠶᠢᠭᠡᠮᠯᠢᠭ ᠵᠡᠷᠭᠡ ᠨᠡᠶᠢᠭᠡᠮ ᠤᠨ ᠵᠣᠬᠢᠶᠠᠨ ᠪᠠᠶᠢᠭᠤᠯᠤᠯᠲᠠ ᠵᠢᠴᠢ ᠠᠵᠢᠯᠯᠠᠵᠤ ᠪᠠᠶᠢᠭ᠎ᠠ ᠨᠢᠭᠡᠴᠢ ᠶᠢᠨ ᠪᠠᠶᠢᠭ᠎ᠠ ᠭᠠᠵᠠᠷ ᠤᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠲᠤ ᠮᠡᠷᠭᠡᠵᠢᠯ ᠤᠨ ᠴᠣᠯᠠ ᠰᠢᠯᠭᠠᠷᠠᠭᠤᠯᠤᠨ ᠦᠨᠡᠯᠡᠬᠦ ᠪᠠᠷ ᠭᠤᠶᠤᠴᠢᠯᠠᠵᠤ ᠪᠣᠯᠣᠨ᠎ᠠ᠃ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠤᠳ ᠦᠢᠯᠡᠳᠪᠦᠷᠢ ᠳᠤ ᠰᠠᠭᠤᠨ ᠴᠡᠭ ᠲᠣᠬᠢᠷᠠᠭᠤᠯᠬᠤ᠂ ᠣᠷᠣᠯᠠᠨ ᠭᠦᠢᠴᠡᠳᠬᠡᠬᠦ ᠪᠠᠶᠢᠭᠤᠯᠤᠮᠵᠢ ᠪᠠᠶᠢᠭᠤᠯᠬᠤ᠂ ᠠᠵᠢᠯ ᠶᠠᠪᠤᠳᠠᠯ ᠭᠦᠢᠴᠡᠳᠬᠡᠬᠦ ᠲᠢᠩᠬᠢᠮ ᠳᠤ ᠰᠠᠭᠤᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠦᠨᠳᠦᠰᠦᠨ ᠵᠦᠢᠯ ᠢ ᠪᠠᠲᠤᠯᠠᠬᠤ ᠲᠣᠭᠲᠠᠴᠠ ᠶᠢ ᠪᠠᠶᠢᠭᠤᠯᠵᠤ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠲᠤᠰᠬᠠᠢ ᠮᠡᠷᠭᠡᠵᠢᠯ ᠤᠨ ᠠᠵᠢᠯᠲᠠᠨ ᠤ ᠡᠷᠬᠡ ᠲᠡᠭᠰᠢ ᠪᠠᠷ ᠮᠡᠷᠭᠡᠵᠢᠯ ᠤᠨ ᠴᠣᠯᠠ ᠰᠢᠯᠭᠠᠷᠠᠭᠤᠯᠤᠨ ᠦᠨᠡᠯᠡᠬᠦ ᠳᠤ ᠣᠷᠤᠯᠴᠠᠬᠤ ᠶᠢ ᠪᠠᠲᠤᠯᠠᠨ᠎ᠠ᠃ ᠡᠭᠦᠨ ᠤ ᠬᠠᠮᠲᠤ᠂ ᠵᠢᠩᠬᠢᠨᠢ ᠠᠩᠭᠢ ᠠᠴᠠ ᠲᠡᠭᠦᠰᠦᠭᠰᠡᠨ ᠪᠥᠭᠡᠳ ᠲᠤᠰᠬᠠᠢ ᠮᠡᠷᠭᠡᠵᠢᠯ ᠤᠨ ᠠᠵᠢᠯ ᠬᠢᠭᠡᠳ ᠪᠦᠬᠦᠯᠢ 5 ᠵᠢᠯ ᠪᠣᠯᠤᠭᠰᠠᠨ ᠪᠤᠶᠤ ᠲᠤᠰᠬᠠᠢ ᠮᠡᠷᠭᠡᠵᠢᠯ ᠤᠨ ᠠᠩᠭᠢ ᠠᠴᠠ ᠲᠡᠭᠦᠰᠦᠭᠰᠡᠨ ᠪᠥᠭᠡᠳ ᠲᠤᠰᠬᠠᠢ ᠮᠡᠷᠭᠡᠵᠢᠯ ᠤᠨ ᠠᠵᠢᠯ ᠬᠢᠭᠡᠳ ᠪᠦᠬᠦᠯᠢ 8 ᠵᠢᠯ ᠪᠣᠯᠤᠭᠰᠠᠨ᠂ ᠵᠢᠩᠬᠢᠨᠢ ᠠᠩᠭᠢ ᠠᠴᠠ ᠲᠡᠭᠦᠰᠦᠭᠰᠡᠨ ᠪᠥᠭᠡᠳ ᠲᠤᠰᠬᠠᠢ ᠮᠡᠷᠭᠡᠵᠢᠯ ᠤᠨ ᠠᠵᠢᠯ ᠬᠢᠭᠡᠳ ᠪᠦᠬᠦᠯᠢ 12 ᠵᠢᠯ ᠪᠣᠯᠤᠭᠰᠠᠨ ᠲᠤᠰᠬᠠᠢ ᠮᠡᠷᠭᠡᠵᠢᠯ ᠤᠨ ᠴᠢᠳᠠᠪᠤᠷᠢᠲᠠᠨ ᠨᠢ ᠬᠡᠷᠪᠡ ᠲᠣᠬᠢᠷᠠᠯᠴᠠᠭᠰᠠᠨ ᠠᠵᠢᠯ ᠤᠨ ᠦᠷ᠎ᠡ ᠪᠦᠲᠦᠭᠡᠯ ᠤᠨ ᠨᠥᠬᠦᠴᠡᠯ ᠳᠤ ᠨᠡᠶᠢᠴᠡᠪᠡᠯ᠂ ᠳᠤᠮᠳᠠ ᠵᠡᠷᠭᠡ ᠶᠢᠨ ᠪᠠ ᠳᠡᠭᠡᠳᠦ ᠵᠡᠷᠭᠡ ᠶᠢᠨ ᠳᠡᠳ᠋ ᠮᠡᠷᠭᠡᠵᠢᠯ ᠤᠨ ᠴᠣᠯᠠ ᠪᠠᠷ ᠰᠢᠭᠤᠳ ᠭᠤᠶᠤᠴᠢᠯᠠᠨ ᠮᠡᠳᠡᠭᠦᠯᠵᠦ ᠪᠣᠯᠣᠨ᠎ᠠ᠃    ᠡᠭᠦᠨ ᠠᠴᠠ ᠭᠠᠳᠠᠨ᠎ᠠ᠂ ᠮᠠᠨ ᠤ ᠣᠷᠣᠨ ︽ᠲᠤᠰᠬᠠᠢ᠂ ᠰᠢᠯᠢᠳᠡᠭ᠂ ᠣᠨᠴᠠ᠂ ᠰᠢᠨ᠎ᠡ︾᠂ ︽ᠦᠶ᠋ᠯᠡᠳᠬᠦ ᠦᠢᠯᠡᠰ ᠤᠨ ᠮᠠᠩᠯᠠᠢ︾ ᠠᠵᠤ ᠠᠬᠤᠶᠢᠯᠠᠯ ᠤᠨ ᠴᠢᠳᠠᠪᠤᠷᠢᠲᠠᠨ ᠳᠤ ᠲᠤᠰᠠᠭᠠᠷ ᠳᠤᠭᠤᠶᠢᠯᠠᠩ ᠬᠤᠪᠢᠶᠠᠬᠤ᠂ ᠲᠤᠰᠠᠭᠠᠷ ᠬᠢᠨᠠᠨ ᠰᠢᠯᠭᠠᠷᠠᠭᠤᠯᠬᠤ ᠶᠢ ᠬᠡᠷᠡᠭᠵᠢᠭᠦᠯᠵᠦ᠂ ᠰᠤᠷᠤᠯᠭ᠎ᠠ ᠶᠢᠨ ᠨᠠᠮᠲᠠᠷ᠂ ᠲᠤᠰᠢᠶᠠᠯ ᠡᠭᠦᠷᠭᠡᠯᠡᠭᠰᠡᠨ ᠵᠢᠯ᠂ ᠥᠭᠦᠯᠡᠯ ᠵᠡᠷᠭᠡ ᠱᠠᠭᠠᠷᠳᠠᠯᠭ᠎ᠠ ᠶᠢ ᠠᠭᠤᠵᠢᠭᠤ ᠲᠠᠯᠪᠢᠵᠤ᠂ ᠮᠡᠷᠭᠡᠵᠢᠯ ᠤᠨ ᠰᠢᠨ᠎ᠡ ᠡᠭᠦᠳᠦᠯᠲᠡ᠂ ᠦᠷ᠎ᠡ ᠪᠦᠲᠦᠭᠡᠯ ᠢ ᠤᠯᠠᠷᠢᠭᠤᠯᠬᠤ ᠵᠡᠷᠭᠡ ᠲᠠᠯ᠎ᠠ ᠪᠠᠷ ᠣᠯᠣᠭᠰᠠᠨ ᠠᠮᠵᠢᠯᠲᠠ ᠪᠦᠲᠦᠮᠵᠢ᠂ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠢᠶᠠᠷ ᠭᠤᠣᠯ ᠰᠢᠯᠭᠠᠷᠠᠭᠤᠯᠤᠨ ᠦᠨᠡᠯᠡᠬᠦ ᠭᠦᠢᠴᠡᠳᠬᠡᠯ ᠲᠤᠭ᠎ᠠ ᠪᠣᠯᠭᠠᠨ᠎ᠠ᠃    ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠤᠨ ᠲᠤᠰᠬᠠᠢ ᠮᠡᠷᠭᠡᠵᠢᠯ ᠤᠨ ᠠᠵᠢᠯᠲᠠᠨ ᠤ ᠬᠠᠮᠢᠶᠠᠷᠤᠯᠲᠠ ᠶᠢᠨ ᠭᠠᠵᠠᠷ ᠤᠨ ᠳᠠᠷᠤᠭ᠎ᠠ ᠦᠯᠵᠡᠶᠢᠮᠦᠩᠬᠡ ᠢᠯᠡᠷᠬᠡᠶᠢᠯᠡᠬᠦ ᠳᠤ ᠪᠠᠨ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠲᠤᠰᠬᠠᠢ ᠮᠡᠷᠭᠡᠵᠢᠯ ᠤᠨ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠬᠤ ᠶᠢᠨ ᠲᠣᠭᠤᠷᠢᠨ ᠳᠤ᠂ ᠪᠢᠳᠡ ᠠᠷᠭ᠎ᠠ ᠵᠠᠮ ᠲᠣᠬᠢᠷᠠᠭᠤᠯᠬᠤ᠂ ᠬᠦᠯᠢᠶᠡᠨ ᠠᠪᠴᠤ ᠦᠢᠯᠡᠴᠢᠯᠡᠬᠦ᠂ ᠲᠥᠷᠥ ᠶᠢᠨ ᠪᠣᠳᠣᠯᠭ᠎ᠠ ᠬᠠᠩᠭᠠᠬᠤ ᠵᠡᠷᠭᠡ ᠲᠠᠯ᠎ᠠ ᠪᠠᠷ ᠭᠦᠢᠴᠡᠳ ᠬᠦᠴᠦᠯᠡᠵᠦ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠴᠢᠳᠠᠪᠤᠷᠢᠲᠠᠨ ᠢ ᠨᠡᠭᠡᠭᠡᠨ ᠬᠥᠭᠵᠢᠭᠦᠯᠬᠦ ᠪᠠ ᠬᠡᠷᠡᠭᠯᠡᠬᠦ ᠳᠤ ᠲᠥᠷᠥ ᠶᠢᠨ ᠪᠣᠳᠣᠯᠭ᠎ᠠ ᠶᠢᠨ ᠳᠡᠮᠵᠢᠯᠭᠡ ᠬᠠᠩᠭᠠᠵᠤ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠴᠢᠳᠠᠪᠤᠷᠢᠲᠠᠨ ᠳᠤ ᠳᠦᠷᠢᠮ ᠤᠨ ᠠᠰᠢᠭ ᠲᠤᠰᠠ ᠶᠢ ᠬᠠᠮᠤᠭ ᠤᠨ ᠶᠡᠭᠡ ᠬᠡᠮᠵᠢᠶ᠎ᠡ ᠪᠠᠷ ᠬᠦᠷᠲᠡᠭᠡᠵᠦ᠂ ᠠᠷᠠᠳ ᠠᠴᠠ ᠡᠵᠡᠩᠨᠡᠭᠰᠡᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠨ᠎ᠡ ᠭᠡᠵᠡᠢ᠃ 
 
ᠢᠷᠡᠯᠲᠡ᠄ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1