ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶᠠᠨ ᠤ ᠶᠣᠰᠣ ᠰᠤᠷᠲᠠᠬᠤᠨ ᠤ ᠬᠥᠮᠦᠵᠢᠯ ᠤᠨ ᠨᠠᠷᠠᠲᠤ ᠪᠠᠭᠰᠢ ᠶᠢᠨ ᠠᠵᠢᠯᠯᠠᠬᠤ ᠲᠠᠰᠤᠭ ᠶᠣᠰᠣ ᠰᠤᠷᠲᠠᠬᠤᠨ ᠤ ᠬᠥᠮᠦᠵᠢᠯ ᠤᠨ ᠠᠵᠢᠯ ᠳᠤ ᠡᠨᠧᠷᠭᠢ ᠣᠯᠭᠤᠨ ᠬᠥᠴᠥᠨ ᠨᠡᠮᠡᠷᠢᠯᠡᠨ᠎ᠡ
ᠨᠡᠶᠢᠲᠡᠯᠡᠭᠰᠡᠨ ᠴᠠᠭ᠄
2023/6/1
    ᠶᠤᠸᠠᠨ ᠪᠦᠦ ᠱᠠᠨ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶᠠᠨ ᠤ ᠶᠣᠰᠣ ᠰᠤᠷᠲᠠᠬᠤᠨ ᠤ ᠬᠥᠮᠦᠵᠢᠯ ᠤᠨ ᠨᠡᠷᠡᠳᠦ ᠪᠠᠭᠰᠢ ᠶᠢᠨ ᠠᠵᠢᠯᠯᠠᠬᠤ ᠲᠠᠰᠤᠭ ᠨᠢ ᠶᠣᠰᠣ ᠰᠤᠷᠲᠠᠬᠤᠨ ᠤ ᠬᠥᠮᠦᠵᠢᠯ ᠤᠨ ᠠᠵᠢᠯ ᠳᠤ ᠡᠨᠧᠷᠭᠢ ᠣᠯᠭᠤᠨ ᠬᠥᠴᠥᠨ ᠨᠡᠮᠡᠷᠢᠯᠡᠨ᠎ᠡ᠃ ᠶᠣᠰᠣ ᠰᠤᠷᠲᠠᠬᠤᠨ ᠤ ᠬᠥᠮᠦᠵᠢᠯ ᠤᠨ ᠠᠵᠢᠯ ᠤᠨ ᠲᠤᠰᠬᠠᠶᠢᠵᠢᠯᠲᠠ ᠶᠢ ᠠᠬᠢᠭᠤᠯᠬᠤ ᠪᠠᠷ ᠬᠠᠷᠠᠯᠲᠠ ᠪᠣᠯᠭᠠᠵᠤ ᠂ ᠶᠣᠰᠣ ᠰᠤᠷᠲᠠᠬᠤᠨ ᠢᠶᠠᠷ ᠬᠥᠮᠥᠨ ᠢ ᠬᠥᠮᠥᠵᠢᠭᠦᠯᠬᠦ ᠪᠠᠷ ᠦᠨᠳᠦᠰᠦᠨ ᠡᠭᠦᠷᠭᠡ ᠪᠣᠯᠭᠠᠬᠤ ᠶᠢ ᠨᠠᠶᠢᠳᠠᠪᠤᠷᠢᠵᠢᠭᠤᠯᠤᠨ᠎ᠠ ᠃ ᠲᠣᠭᠤᠷᠢᠭ ᠤᠨ ᠳᠣᠲᠣᠷᠠᠬᠢ ᠬᠡᠯᠡ ᠪᠢᠴᠢᠭ᠂ ᠦᠵᠡᠯ ᠰᠠᠨᠠᠭ᠎ᠠ ᠤᠯᠤᠰ ᠲᠥᠷᠥ᠂ ᠰᠡᠳᠬᠢᠴᠡ ᠵᠦᠢ ᠵᠡᠷᠭᠡ ᠬᠦᠷᠢᠶᠡᠨ ᠤ ᠲᠡᠷᠢᠭᠦᠨ ᠤ ᠪᠠᠭᠰᠢ᠂ ᠣᠳᠣᠨ ᠳᠡᠰ ᠤᠨ ᠪᠠᠭᠰᠢ᠂ ᠭᠤᠣᠯᠯᠠᠭᠴᠢ ᠪᠠᠭᠰᠢ ᠶᠢ ᠰᠣᠩᠭᠤᠵᠤ ︽ᠶᠣᠰᠣ ᠰᠤᠷᠲᠠᠬᠤᠨ ᠤ ᠬᠥᠮᠦᠵᠢᠯ ᠤᠨ ᠨᠡᠷᠡᠲᠦ ᠪᠠᠭᠰᠢ ᠶᠢᠨ ᠠᠵᠢᠯᠯᠠᠬᠤ ᠲᠠᠰᠤᠭ︾᠎ ᠢ ᠵᠣᠬᠢᠶᠠᠨ ᠪᠠᠶᠢᠭᠤᠯᠵᠤ᠂ ᠦᠵᠡᠯ ᠰᠠᠨᠠᠭ᠎ᠠ ᠤᠯᠤᠰ ᠲᠦᠷᠦ ᠶᠢᠨ ᠰᠢᠨᠵᠢᠯᠡᠭᠡᠨ ᠤ ᠰᠠᠯᠠᠭ᠎ᠠ ᠶᠢᠨ ᠲᠣᠮᠣ ᠨᠢᠭᠡᠴᠢ ᠶᠢᠨ ᠭᠤᠣᠯ ᠰᠡᠳᠦᠪᠲᠦ ᠬᠢᠴᠢᠶᠡᠯ ᠤᠨ ᠰᠢᠨ᠎ᠡ ᠬᠡᠪ ᠵᠠᠭᠪᠤᠷ ᠢ ᠰᠢᠨ᠎ᠡ ᠪᠠᠷ ᠡᠭᠦᠳᠦᠨ ᠭᠠᠷᠭᠠᠵᠤ ᠂ ᠨᠡᠶᠢᠭᠡᠮ ᠤᠨ ᠠᠮᠢᠳᠤᠷᠠᠯ ᠪᠠ ᠰᠤᠷᠤᠭᠴᠢᠳ ᠤᠨ ᠠᠮᠢᠳᠤᠷᠠᠯ ᠤᠨ ᠪᠣᠳᠠᠲᠤ ᠪᠠᠶᠢᠳᠠᠯ ᠲᠠᠢ ᠨᠢᠭᠲᠠ ᠤᠶᠠᠯᠳᠤᠭᠤᠯᠤᠨ ᠂ ᠰᠤᠷᠤᠭᠴᠢᠳ ᠤᠨ ᠦᠵᠡᠵᠦ ᠰᠣᠨᠢᠷᠬᠠᠬᠤ ᠳᠤᠷᠠᠲᠠᠢ ᠵᠢᠭᠠᠨ ᠰᠤᠷᠭᠠᠯᠲᠠ ᠶᠢᠨ ᠬᠡᠯᠪᠡᠷᠢ ᠪᠠᠷ ᠨᠠᠮ ᠪᠠ ᠤᠯᠤᠰ ᠤᠨ ᠴᠢᠬᠤᠯᠠ ᠶᠡᠭᠡ ᠦᠢᠯᠡᠳᠦᠯᠭᠡ ᠪᠠ ᠤᠨᠤᠯ ᠤᠨ ᠰᠢᠨ᠎ᠡ ᠡᠭᠦᠳᠦᠯᠲᠡ ᠶᠢᠨ ᠦᠷ᠎ᠡ ᠪᠦᠲᠦᠭᠡᠯ ᠢ ᠬᠢᠴᠢᠶᠡᠯ ᠤᠨ ᠲᠠᠩᠬᠢᠮ ᠳᠤ ᠣᠷᠣᠭᠤᠯᠵᠤ ᠂ ᠶᠡᠭᠡ ᠳᠤᠮᠳᠠᠳᠤ ᠪᠠᠭ᠎ᠠ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠦᠷᠦ ᠶᠢ ᠨᠢᠭᠡ ᠴᠣᠭᠴᠠᠵᠢᠭᠤᠯᠬᠤ ᠪᠠᠶᠢᠭᠤᠯᠤᠯᠲᠠ ᠶᠢ ᠨᠠᠶᠢᠳᠠᠪᠤᠷᠢᠵᠢᠭᠤᠯᠬᠤ ᠶᠢ ᠲᠦᠯᠬᠢᠨ ᠠᠬᠢᠭᠤᠯᠤᠨ᠎ᠠ ᠃ ᠣᠳᠣᠬᠠᠨ ᠳᠤ᠂ ︽ᠤᠯᠠᠭᠠᠨ ᠣᠲᠣ ᠭᠢᠯᠠᠯᠵᠠᠨ ᠬᠡᠷᠡᠯ ᠭᠢᠯᠪᠠᠭ᠎ᠠ ᠰᠠᠴᠤᠷᠠᠭᠤᠯᠤᠨ᠎ᠠ︾ ᠂ ︽ᠨᠡᠷᠡᠨ ᠬᠤᠸᠠᠷ ᠳᠡᠯᠭᠡᠷᠡᠨ᠎ᠡ︾ ᠂ ︽ᠡᠯᠡᠰᠦ ᠬᠤᠷᠠᠵᠤ ᠰᠤᠪᠤᠷᠭ᠎ᠠ ᠪᠣᠯᠤᠨ᠎ᠠ︾ ᠵᠡᠷᠭᠡ ᠭᠤᠣᠯ ᠰᠡᠳᠦᠪᠲᠦ ᠶᠣᠰᠣ ᠰᠤᠷᠲᠠᠬᠤᠨ ᠤ ᠬᠥᠮᠦᠵᠢᠯ ᠤᠨ ᠲᠥᠷᠥᠯ ᠲᠡᠮᠳᠡᠭᠲᠦ ᠶᠢᠨ ᠲᠥᠰᠥᠯ ᠢ ᠨᠡᠭᠡᠭᠡᠨ ᠬᠥᠭᠵᠢᠭᠦᠯᠵᠦ᠂ 6000 ᠭᠠᠷᠤᠢ ᠬᠥᠮᠥᠨ ᠤᠳᠠᠭ᠎ᠠ ᠣᠷᠣᠯᠴᠠᠭᠰᠠᠨ ᠪᠠᠶᠢᠨ᠎ᠠ  
 
ᠢᠷᠡᠯᠲᠡ᠄ ᠶᠤᠸᠠᠨ ᠪᠣᠥ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠰᠥᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1