ᠶᠤᠸᠠᠨ ᠪᠦᠦ ᠱᠠᠨ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠶᠢᠨ ︽ ᠣᠶᠢᠷ᠎ᠠ | ᠬᠠᠪᠢ ᠳᠠᠭᠠᠨ ᠭᠥᠢᠴᠡᠳᠬᠡᠬᠦ︾ ᠶᠡᠷᠦᠩᠬᠡᠶᠢᠯᠡᠭᠰᠡᠨ ᠴᠣᠩᠬᠤᠪᠴᠢ ᠶᠢᠨ ᠥᠭᠡᠷᠡᠴᠢᠯᠡᠯᠲᠡ ᠨᠢ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠬᠦᠷᠢᠶ᠎ᠡ ᠴᠠᠷᠠᠭ᠎ᠠ ᠶᠢ ᠦᠨᠳᠦᠰᠦᠨ ᠱᠠᠲᠤ ᠲᠡᠶᠢᠰᠢ ᠥᠷᠭᠡᠳᠬᠡᠬᠦ ᠶᠢ ᠲᠥᠯᠬᠢᠨ | ᠠᠬᠢᠭᠤᠯᠪᠠ᠃ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠴᠤᠩᠬᠤᠪᠴᠢ ᠨᠤᠭᠤᠳ ᠤᠨ ᠶᠠᠭᠠᠷᠠᠥ ᠰᠡᠯᠡᠭᠦᠥ ᠨᠢ | ᠵᠢᠭᠳᠡ ᠪᠣᠰᠤ ᠪᠠᠶᠢᠬᠤ ᠂ ᠣᠯᠠᠨ ᠲᠦᠮᠡᠨ ᠤ ᠠᠵᠢᠯ ᠶᠠᠪᠤᠳᠠᠯ ᠰᠢᠢᠳᠪᠦᠷᠢᠯᠡᠬᠦ ᠳᠤ ᠳᠥᠭᠦᠮ ᠦᠭᠡᠢ ᠪᠠᠶᠢᠬᠤ ᠵᠡᠷᠭᠡ | ᠠᠰᠠᠭᠤᠳᠠᠯ ᠢ ᠰᠢᠢᠳᠪᠦᠷᠢᠯᠡᠬᠦ ᠶᠢᠨ ᠲᠥᠯᠥᠭᠡ᠂ ᠲᠣᠰ ᠲᠣᠪᠴᠢᠶ᠎ᠠ ᠨᠢ ᠲᠣᠰᠬᠤᠨ ᠪᠠᠯᠭᠠᠰᠤ ᠶᠢᠨ ᠱᠠᠲᠤᠨ ᠤ | ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠲᠥᠪ ᠢ ᠥᠭᠡᠷᠡᠴᠢᠯᠡᠬᠦ ᠪᠠᠷ ᠳᠠᠮᠵᠢᠭᠤᠯᠤᠨ᠂ ︽ᠣᠶᠢᠷ᠎ᠠ | ᠬᠠᠪᠢ ᠳᠠᠭᠠᠨ ᠭᠦᠢᠴᠡᠳᠬᠡᠬᠦ ︾ ᠶᠡᠷᠦᠩᠬᠡᠶᠢᠯᠡᠭᠰᠡᠨ ᠭᠥᠯᠢᠶᠡᠨ ᠠᠪᠴᠤ ᠰᠢᠢᠳᠪᠦᠷᠢᠯᠡᠬᠦ ᠴᠤᠩᠬᠤᠪᠴᠢ ᠭᠠᠷᠭᠠᠵᠤ᠂ | ᠪᠠᠯᠭᠠᠰᠤ ᠰᠢᠶᠠᠩ ᠵᠡᠭᠡᠯᠢ ᠭᠤᠳᠤᠮᠵᠢ ᠶᠢᠨ 47 ᠵᠦᠢᠯ᠂ ᠲᠣᠰᠬᠤᠨ ᠨᠡᠶᠢᠭᠡᠮ ᠲᠣᠭᠤᠷᠢᠭ ᠤᠨ 78 ᠵᠦᠢᠯ ᠤᠨ | ᠦᠢᠯᠡᠴᠢᠯᠡᠭᠡᠨ ᠤ ᠵᠦᠢᠯᠡᠰ ᠢ ᠡᠮᠬᠢᠯᠡᠨ ᠲᠣᠳᠣᠷᠬᠠᠶᠢᠯᠠᠵᠤ᠂ ︽ᠲᠤᠰᠬᠠᠢ ᠴᠣᠩᠬᠤᠪᠴᠢ ᠪᠠᠷ ᠭᠦᠢᠴᠡᠳᠬᠡᠬᠦ︾ ᠶᠢ ︽ | ᠨᠢᠭᠡ ᠴᠣᠩᠬᠤ ᠪᠠᠷ ᠨᠡᠶᠢᠳᠡᠮ ᠭᠦᠢᠴᠡᠳᠬᠡᠬᠦ︾ ᠪᠣᠯᠭᠠᠨ ᠬᠤᠪᠢᠷᠠᠭᠤᠯᠵᠤ᠂ ᠠᠷᠠᠳ ᠲᠤ ᠲᠥᠬᠦᠮ ᠦᠵᠡᠭᠦᠯᠬᠦ | ᠦᠢᠯᠡᠴᠢᠯᠡᠭᠡᠨ ᠤ ᠬᠢᠷᠢ ᠲᠦᠪᠰᠢᠨ ᠢ ᠪᠥᠬᠦ ᠬᠦᠴᠦᠨ ᠢᠶᠠᠷ ᠢᠶᠠᠨ ᠳᠡᠭᠡᠭᠰᠢᠯᠡᠭᠦᠯᠪᠡ᠃ ᠣᠳᠣᠬᠠᠨ ᠳᠤ᠂ | ᠲᠣᠭᠤᠷᠢᠭ ᠤᠨ ᠳᠣᠲᠣᠷᠠᠬᠢ ᠴᠧᠩ ᠴᠢᠥᠢ ᠵᠡᠭᠡᠯᠢ ᠭᠤᠳᠤᠮᠵᠢ᠂ ᠰᠢ ᠴᠧᠩ ᠵᠡᠭᠡᠯᠢ ᠭᠤᠳᠤᠮᠵᠢ᠂ ᠫᠢᠩᠵᠤᠸᠠᠩ | ᠪᠠᠯᠭᠠᠰᠤ ᠵᠡᠷᠭᠡ 6 ᠪᠠᠯᠭᠠᠰᠤ ᠰᠢᠶᠠᠩ ᠵᠡᠭᠡᠯᠢ ᠭᠤᠳᠤᠮᠵᠢ ᠶᠢᠨ ᠶᠡᠷᠦᠩᠬᠡᠶᠢᠯᠡᠭᠰᠡᠨ ᠭᠥᠯᠢᠶᠡᠨ ᠠᠪᠴᠤ ᠰᠢᠢᠳᠪᠦᠷᠢᠯᠡᠬᠦ | ᠴᠣᠩᠬᠤᠪᠴᠢ ᠶᠢ ᠨᠢᠭᠡᠨᠲᠡ ᠵᠢᠩᠬᠢᠨᠢ ᠪᠠᠷ ᠡᠬᠢᠯᠡᠨ ᠬᠡᠷᠡᠭᠯᠡᠵᠦ᠂ ᠣᠯᠠᠨ ᠲᠦᠮᠡᠨ ᠤ ᠠᠵᠢᠯ ᠶᠠᠪᠤᠳᠠᠯ ᠭᠦᠢᠴᠡᠳᠬᠡᠬᠦ | ᠴᠠᠭ ᠢ 35% ᠪᠠᠷ ᠪᠠᠭᠠᠰᠬᠠᠪᠠ᠃ | |