ᠶᠤᠸᠠᠨ ᠪᠦᠦ ᠱᠠᠨ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶᠠᠨ ᠤ ᠶᠣᠰᠣ ᠰᠤᠷᠲᠠᠬᠤᠨ ᠤ | ᠬᠥᠮᠦᠵᠢᠯ ᠤᠨ ᠨᠡᠷᠡᠳᠦ ᠪᠠᠭᠰᠢ ᠶᠢᠨ ᠠᠵᠢᠯᠯᠠᠬᠤ ᠲᠠᠰᠤᠭ ᠨᠢ ᠶᠣᠰᠣ ᠰᠤᠷᠲᠠᠬᠤᠨ ᠤ ᠬᠥᠮᠦᠵᠢᠯ ᠤᠨ ᠠᠵᠢᠯ ᠳᠤ | ᠡᠨᠧᠷᠭᠢ ᠣᠯᠭᠤᠨ ᠬᠥᠴᠥᠨ ᠨᠡᠮᠡᠷᠢᠯᠡᠨ᠎ᠡ᠃ ᠶᠣᠰᠣ ᠰᠤᠷᠲᠠᠬᠤᠨ ᠤ ᠬᠥᠮᠦᠵᠢᠯ ᠤᠨ ᠠᠵᠢᠯ ᠤᠨ ᠲᠤᠰᠬᠠᠶᠢᠵᠢᠯᠲᠠ ᠶᠢ | ᠠᠬᠢᠭᠤᠯᠬᠤ ᠪᠠᠷ ᠬᠠᠷᠠᠯᠲᠠ ᠪᠣᠯᠭᠠᠵᠤ ᠂ ᠶᠣᠰᠣ ᠰᠤᠷᠲᠠᠬᠤᠨ ᠢᠶᠠᠷ ᠬᠥᠮᠥᠨ ᠢ ᠬᠥᠮᠥᠵᠢᠭᠦᠯᠬᠦ ᠪᠠᠷ ᠦᠨᠳᠦᠰᠦᠨ | ᠡᠭᠦᠷᠭᠡ ᠪᠣᠯᠭᠠᠬᠤ ᠶᠢ ᠨᠠᠶᠢᠳᠠᠪᠤᠷᠢᠵᠢᠭᠤᠯᠤᠨ᠎ᠠ ᠃ ᠲᠣᠭᠤᠷᠢᠭ ᠤᠨ ᠳᠣᠲᠣᠷᠠᠬᠢ ᠬᠡᠯᠡ ᠪᠢᠴᠢᠭ᠂ ᠦᠵᠡᠯ ᠰᠠᠨᠠᠭ᠎ᠠ | ᠤᠯᠤᠰ ᠲᠥᠷᠥ᠂ ᠰᠡᠳᠬᠢᠴᠡ ᠵᠦᠢ ᠵᠡᠷᠭᠡ ᠬᠦᠷᠢᠶᠡᠨ ᠤ ᠲᠡᠷᠢᠭᠦᠨ ᠤ ᠪᠠᠭᠰᠢ᠂ ᠣᠳᠣᠨ ᠳᠡᠰ ᠤᠨ ᠪᠠᠭᠰᠢ᠂ | ᠭᠤᠣᠯᠯᠠᠭᠴᠢ ᠪᠠᠭᠰᠢ ᠶᠢ ᠰᠣᠩᠭᠤᠵᠤ ︽ᠶᠣᠰᠣ ᠰᠤᠷᠲᠠᠬᠤᠨ ᠤ ᠬᠥᠮᠦᠵᠢᠯ ᠤᠨ ᠨᠡᠷᠡᠲᠦ ᠪᠠᠭᠰᠢ ᠶᠢᠨ ᠠᠵᠢᠯᠯᠠᠬᠤ | ᠲᠠᠰᠤᠭ︾ ᠢ ᠵᠣᠬᠢᠶᠠᠨ ᠪᠠᠶᠢᠭᠤᠯᠵᠤ᠂ ᠦᠵᠡᠯ ᠰᠠᠨᠠᠭ᠎ᠠ ᠤᠯᠤᠰ ᠲᠦᠷᠦ ᠶᠢᠨ ᠰᠢᠨᠵᠢᠯᠡᠭᠡᠨ ᠤ ᠰᠠᠯᠠᠭ᠎ᠠ ᠶᠢᠨ ᠲᠣᠮᠣ | ᠨᠢᠭᠡᠴᠢ ᠶᠢᠨ ᠭᠤᠣᠯ ᠰᠡᠳᠦᠪᠲᠦ ᠬᠢᠴᠢᠶᠡᠯ ᠤᠨ ᠰᠢᠨ᠎ᠡ ᠬᠡᠪ ᠵᠠᠭᠪᠤᠷ ᠢ ᠰᠢᠨ᠎ᠡ ᠪᠠᠷ ᠡᠭᠦᠳᠦᠨ ᠭᠠᠷᠭᠠᠵᠤ ᠂ | ᠨᠡᠶᠢᠭᠡᠮ ᠤᠨ ᠠᠮᠢᠳᠤᠷᠠᠯ ᠪᠠ ᠰᠤᠷᠤᠭᠴᠢᠳ ᠤᠨ ᠠᠮᠢᠳᠤᠷᠠᠯ ᠤᠨ ᠪᠣᠳᠠᠲᠤ ᠪᠠᠶᠢᠳᠠᠯ ᠲᠠᠢ ᠨᠢᠭᠲᠠ ᠤᠶᠠᠯᠳᠤᠭᠤᠯᠤᠨ ᠂ | ᠰᠤᠷᠤᠭᠴᠢᠳ ᠤᠨ ᠦᠵᠡᠵᠦ ᠰᠣᠨᠢᠷᠬᠠᠬᠤ ᠳᠤᠷᠠᠲᠠᠢ ᠵᠢᠭᠠᠨ ᠰᠤᠷᠭᠠᠯᠲᠠ ᠶᠢᠨ ᠬᠡᠯᠪᠡᠷᠢ ᠪᠠᠷ ᠨᠠᠮ ᠪᠠ ᠤᠯᠤᠰ ᠤᠨ | ᠴᠢᠬᠤᠯᠠ ᠶᠡᠭᠡ ᠦᠢᠯᠡᠳᠦᠯᠭᠡ ᠪᠠ ᠤᠨᠤᠯ ᠤᠨ ᠰᠢᠨ᠎ᠡ ᠡᠭᠦᠳᠦᠯᠲᠡ ᠶᠢᠨ ᠦᠷ᠎ᠡ ᠪᠦᠲᠦᠭᠡᠯ ᠢ ᠬᠢᠴᠢᠶᠡᠯ ᠤᠨ | ᠲᠠᠩᠬᠢᠮ ᠳᠤ ᠣᠷᠣᠭᠤᠯᠵᠤ ᠂ ᠶᠡᠭᠡ ᠳᠤᠮᠳᠠᠳᠤ ᠪᠠᠭ᠎ᠠ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠦᠷᠦ ᠶᠢ ᠨᠢᠭᠡ | ᠴᠣᠭᠴᠠᠵᠢᠭᠤᠯᠬᠤ ᠪᠠᠶᠢᠭᠤᠯᠤᠯᠲᠠ ᠶᠢ ᠨᠠᠶᠢᠳᠠᠪᠤᠷᠢᠵᠢᠭᠤᠯᠬᠤ ᠶᠢ ᠲᠦᠯᠬᠢᠨ ᠠᠬᠢᠭᠤᠯᠤᠨ᠎ᠠ ᠃ ᠣᠳᠣᠬᠠᠨ ᠳᠤ᠂ ︽ | ᠤᠯᠠᠭᠠᠨ ᠣᠲᠣ ᠭᠢᠯᠠᠯᠵᠠᠨ ᠬᠡᠷᠡᠯ ᠭᠢᠯᠪᠠᠭ᠎ᠠ ᠰᠠᠴᠤᠷᠠᠭᠤᠯᠤᠨ᠎ᠠ︾ ᠂ ︽ᠨᠡᠷᠡᠨ ᠬᠤᠸᠠᠷ ᠳᠡᠯᠭᠡᠷᠡᠨ᠎ᠡ︾ ᠂ ︽ᠡᠯᠡᠰᠦ | ᠬᠤᠷᠠᠵᠤ ᠰᠤᠪᠤᠷᠭ᠎ᠠ ᠪᠣᠯᠤᠨ᠎ᠠ︾ ᠵᠡᠷᠭᠡ ᠭᠤᠣᠯ ᠰᠡᠳᠦᠪᠲᠦ ᠶᠣᠰᠣ ᠰᠤᠷᠲᠠᠬᠤᠨ ᠤ ᠬᠥᠮᠦᠵᠢᠯ ᠤᠨ ᠲᠥᠷᠥᠯ | ᠲᠡᠮᠳᠡᠭᠲᠦ ᠶᠢᠨ ᠲᠥᠰᠥᠯ ᠢ ᠨᠡᠭᠡᠭᠡᠨ ᠬᠥᠭᠵᠢᠭᠦᠯᠵᠦ᠂ 6000 ᠭᠠᠷᠤᠢ ᠬᠥᠮᠥᠨ ᠤᠳᠠᠭ᠎ᠠ ᠣᠷᠣᠯᠴᠠᠭᠰᠠᠨ ᠪᠠᠶᠢᠨ᠎ᠠ | ᠃ | |