ᠥ᠋ ᠵᠢᠶᠠ ᠪᠠᠯᠭᠠᠰᠤ ᠰᠢᠤᠳᠠᠨ ᠤ ᠬᠠᠳᠠᠭᠠᠯᠠᠮᠵᠢ ᠶᠢᠨ ᠪᠠᠩᠬᠢ ᠶᠢᠨ ᠶᠤᠸᠠᠨ ᠪᠦᠦ ᠱᠠᠨ ᠲᠣᠭᠤᠷᠢᠭ ᠤᠨ ᠰᠠᠯᠪᠤᠷᠢ ᠪᠠᠩᠬᠢ ᠲᠠᠢ ᠬᠤᠯᠪᠤᠭᠠᠯᠠᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠦᠢᠯᠡᠴᠢᠯᠡᠭᠡ ᠶᠢ ᠲᠣᠰᠬᠤᠨ ᠳᠤ ᠣᠷᠣᠭᠤᠯᠬᠤ ᠠᠵᠢᠯᠯᠠᠭ᠎ᠠ ᠥᠷᠨᠢᠭᠦᠯᠵᠦ ᠳᠠᠷᠢᠵᠤ ᠲᠡᠵᠢᠭᠡᠨ ᠦᠷᠡᠵᠢᠭᠦᠯᠬᠦ ᠡᠷᠦᠬᠡ ᠶᠢᠨ ᠪᠡᠯᠡ ᠮᠥᠩᠭᠦ ᠳᠤᠲᠠᠭᠳᠠᠵᠤ ᠪᠠᠶᠢᠭ᠎ᠠ ᠬᠦᠴᠢᠷ ᠠᠰᠠᠭᠤᠳᠠᠯ ᠢ ᠰᠢᠢᠳᠪᠦᠷᠢᠯᠡᠪᠡ
ᠨᠡᠶᠢᠲᠡᠯᠡᠭᠰᠡᠨ ᠴᠠᠭ᠄
2023/6/14
    ᠣᠶᠢᠷ᠎ᠠ ᠳᠤ᠂ ᠥ᠋ ᠵᠢᠶᠠ ᠪᠠᠯᠭᠠᠰᠤᠨ ᠤ ᠵᠠᠰᠠᠭ ᠤᠨ ᠣᠷᠳᠣᠨ ᠰᠢᠤᠳᠠᠨ ᠤ ᠬᠠᠳᠠᠭᠠᠯᠠᠮᠵᠢ ᠶᠢᠨ ᠪᠠᠩᠬᠢ ᠶᠢᠨ ᠶᠤᠸᠠᠨ ᠪᠦᠦ ᠱᠠᠨ ᠲᠣᠭᠤᠷᠢᠭ ᠤᠨ ᠰᠠᠯᠪᠤᠷᠢ ᠪᠠᠩᠬᠢ ᠲᠠᠢ ᠬᠠᠮᠲᠤᠷᠠᠨ ᠪᠧᠢ ᠲᠠᠢ ᠽᠢ ᠲᠣᠰᠬᠤᠨ ᠳᠤ ᠬᠦᠷᠴᠦ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠦᠢᠯᠡᠴᠢᠯᠡᠭᠡ ᠶᠢ ᠲᠣᠰᠬᠤᠨ ᠳᠤ ᠬᠦᠷᠭᠡᠬᠦ ᠠᠵᠢᠯᠯᠠᠭ᠎ᠠ ᠥᠷᠨᠢᠭᠦᠯᠥᠨ᠂ ᠥ᠋ ᠵᠢᠶᠠ ᠪᠠᠯᠭᠠᠰᠤᠨ ᠤ ᠬᠡᠪᠴᠢᠶᠡᠨ ᠳᠠᠬᠢ ᠳᠠᠷᠢᠵᠤ ᠲᠡᠵᠢᠭᠡᠨ ᠦᠷᠡᠵᠢᠭᠦᠯᠬᠦ ᠲᠣᠮᠣ ᠡᠷᠦᠬᠡ ᠶᠢᠨ ᠪᠡᠯᠡ ᠮᠥᠩᠭᠦ ᠳᠤᠲᠠᠭᠳᠠᠵᠤ ᠪᠠᠶᠢᠭ᠎ᠠ ᠠᠰᠠᠭᠤᠳᠠᠯ ᠢ ᠰᠢᠢᠳᠪᠦᠷᠢᠯᠡᠪᠡ᠃ ᠦ᠋ ᠵᠢᠶᠠ ᠪᠠᠯᠭᠠᠰᠤᠨ ᠤ ᠵᠠᠰᠠᠭ ᠤᠨ ᠣᠷᠳᠣᠨ ᠵᠢᠴᠢ ᠨᠠᠮ ᠪᠠ ᠤᠯᠠᠨ ᠲᠦᠮᠡᠨ ᠤ ᠦᠢᠯᠡᠴᠢᠯᠡᠭᠡᠨ ᠤ ᠲᠥᠪ ᠪᠣᠯᠣᠨ ᠰᠢᠤᠳᠠᠨ ᠤ ᠬᠠᠳᠠᠭᠠᠯᠠᠮᠵᠢ ᠶᠢᠨ ᠪᠠᠩᠬᠢ ᠶᠢᠨ ᠶᠤᠸᠠᠨ ᠪᠦᠦ ᠱᠠᠨ ᠲᠣᠭᠤᠷᠢᠭ ᠤᠨ ᠰᠠᠯᠪᠤᠷᠢ ᠪᠠᠩᠬᠢ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠠᠵᠢᠯᠯᠠᠭ᠎ᠠ ᠳᠤ ᠣᠷᠣᠯᠴᠠᠪᠠ ᠃
1_副本.jpg
       ᠠᠵᠢᠯᠯᠠᠭ᠎ᠠ ᠶᠢᠨ ᠳᠤᠮᠳᠠ᠂ ᠲᠣᠰᠬᠤᠨ ᠤ ᠳᠠᠷᠢᠵᠤ ᠲᠡᠵᠢᠭᠡᠨ ᠦᠷᠡᠵᠢᠭᠦᠯᠬᠦ ᠲᠣᠮᠣ ᠡᠷᠦᠬᠡ ᠨᠡᠶᠢᠲᠡ 30 ᠭᠠᠷᠤᠢ ᠡᠷᠦᠬᠡ ᠰᠢᠤᠳᠠᠨ ᠤ ᠬᠠᠳᠠᠭᠠᠯᠠᠮᠵᠢ ᠶᠢᠨ ᠪᠠᠩᠬᠢ ᠶᠢᠨ ᠠᠵᠢᠯᠲᠠᠳ ᠲᠠᠢ ᠨᠢᠭᠡ ᠲᠠᠩᠬᠢᠮ ᠳᠤ ᠴᠤᠭᠯᠠᠷᠠᠵᠤ᠂ ᠠᠵᠢᠯᠲᠠᠳ ᠲᠤᠬᠠᠢ ᠶᠢᠨ ᠲᠠᠯᠠᠪᠠᠶ ᠳᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠵᠤ ᠲᠠᠷᠢᠶᠠᠯᠠᠩ ᠢ ᠲᠤᠰᠠᠯᠠᠬᠤ ᠢᠲᠡᠭᠡᠮᠵᠢᠲᠦ ᠵᠢᠭᠡᠯᠡᠯᠭᠡ ᠶᠢᠨ ᠲᠥᠷᠥ ᠶᠢᠨ ᠪᠣᠳᠣᠯᠭ᠎ᠠ᠂ ᠢᠲᠡᠭᠡᠮᠵᠢᠲᠦ ᠵᠢᠭᠡᠯᠡᠯᠭᠡ ᠶᠢᠨ ᠪᠦᠲᠦᠭᠡᠭᠳᠡᠬᠦᠨ ᠤ ᠲᠤᠬᠠᠢ ᠨᠠᠷᠢᠨ ᠲᠠᠶᠢᠯᠪᠤᠷᠢᠯᠠᠨ ᠥᠭᠴᠦ᠂ ᠲᠠᠷᠢᠶᠠᠴᠢᠨ ᠡᠷᠦᠭᠡ ᠥᠪᠡᠷ ᠥᠪᠡᠷ ᠤᠨ ᠡᠵᠡᠩᠨᠡᠯᠲᠡ ᠶᠢᠨ ᠪᠠᠶᠢᠳᠠᠯ ᠂ ᠬᠦᠴᠢᠷᠳᠡᠯ ᠲᠤᠯᠭᠠᠷᠠᠭᠰᠠᠨ ᠂ ᠢᠲᠡᠭᠡᠮᠵᠢᠲᠦ ᠵᠢᠭᠡᠯᠡᠯᠭᠡ ᠶᠢᠨ ᠬᠡᠷᠡᠭᠴᠡᠭᠡ ᠵᠡᠷᠭᠡ ᠶᠢ ᠨᠢᠭᠡᠳ ᠨᠢᠭᠡ ᠪᠠᠷ ᠲᠠᠨᠢᠯᠴᠠᠭᠤᠯᠵᠤ ᠂ ᠠᠵᠢᠯᠲᠠᠳ ᠲᠤᠬᠠᠢ ᠶᠢᠨ ᠲᠠᠯᠠᠪᠤᠷ ᠲᠤ ᠨᠢᠭᠡᠳ ᠨᠢᠭᠡ ᠪᠠᠷ ᠵᠣᠯᠭᠠᠭᠤᠯᠵᠤ ᠂ ᠲᠠᠷᠢᠶᠠᠴᠢᠨ ᠡᠷᠦᠭᠡ ᠶᠢᠨ ᠥᠪᠡᠷ ᠥᠪᠡᠷ ᠤᠨ ᠡᠵᠡᠩᠨᠡᠯᠲᠡ ᠶᠢᠨ ᠪᠠᠶᠢᠳᠠᠯ ᠢ ᠦᠨᠳᠦᠰᠦᠯᠡᠨ ᠂ ᠲᠠᠷᠢᠶᠠᠯᠠᠩ ᠢ ᠲᠤᠰᠠᠯᠠᠬᠤ ᠢᠲᠡᠭᠡᠮᠵᠢᠲᠦ ᠵᠢᠭᠡᠯᠡᠯᠭᠡ ᠶᠢᠨ ᠲᠣᠬᠢᠷᠠᠮᠵᠢᠲᠠᠢ ᠪᠦᠲᠦᠭᠡᠭᠳᠡᠬᠦᠨ ᠢ ᠲᠠᠨᠢᠯᠴᠠᠭᠤᠯᠬᠤ ᠶᠢᠨ ᠬᠠᠮᠲᠤ ᠲᠣᠰᠬᠤᠨ ᠤ ᠠᠷᠠᠳ ᠲᠤ ᠮᠥᠩᠭᠦᠨ ᠭᠦᠢᠯᠭᠡᠭᠡᠨ ᠤ ᠮᠡᠳᠡᠯᠭᠡ ᠶᠢ ᠲᠦᠭᠡᠮᠡᠯᠵᠢᠭᠦᠯᠬᠦ ᠪᠠ ᠴᠠᠬᠢᠯᠭᠠᠨ ᠬᠤᠯᠪᠣᠭ᠎ᠠ ᠪᠠᠷ ᠮᠡᠬᠡᠯᠡᠬᠦ ᠶᠢ ᠰᠡᠷᠭᠡᠶᠢᠯᠡᠬᠦ ᠵᠡᠷᠭᠡ ᠮᠡᠳᠡᠯᠭᠡ ᠶᠢ ᠲᠦᠭᠡᠮᠡᠯᠵᠢᠭᠦᠯᠵᠦ ᠂ ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ ᠮᠥᠩᠭᠦᠨ ᠭᠦᠢᠯᠭᠡᠭᠡᠨ ᠤ ᠮᠡᠳᠡᠯᠭᠡ ᠶᠢ ᠤᠬᠠᠭᠤᠯᠤᠨ ᠲᠠᠶᠢᠯᠪᠤᠷᠢᠯᠠᠵᠠᠢ ᠃    ᠲᠠᠷᠢᠶᠠᠴᠢᠨ ᠡᠷᠦᠬᠡ ᠯᠢᠦ ᠭᠤᠸᠠᠢ ᠲᠠᠷᠢᠶᠠᠯᠠᠩ ᠤᠨ ᠪᠠᠭᠠᠵᠢ ᠬᠡᠷᠡᠭᠰᠡᠯ ᠢ ᠬᠤᠳᠠᠯᠳᠤᠨ ᠠᠪᠬᠤ ᠳᠤ ᠳᠤᠲᠠᠭᠳᠠᠯ ᠲᠠᠢ ᠤᠴᠢᠷ ᠠᠴᠠ ᠲᠤᠷᠰᠢᠵᠤ ᠦᠵᠡᠬᠦ ᠣᠪᠣᠷ ᠢᠶᠠᠷ ᠰᠢᠢᠳᠪᠦᠷᠢᠯᠡᠵᠦ ᠪᠣᠯᠬᠤ ᠡᠰᠡᠬᠦ ᠶᠢ ᠠᠰᠠᠭᠤᠨ ᠯᠠᠪᠯᠠᠵᠤ ᠂ ᠠᠵᠢᠯᠲᠠᠨ ᠠᠴᠠ ᠯᠢᠦ ᠭᠤᠸᠠᠢ ᠶᠢᠨ ᠡᠵᠡᠩᠨᠡᠯᠲᠡ ᠶᠢᠨ ᠪᠠᠶᠢᠳᠠᠯ ᠢ ᠣᠶᠢᠯᠠᠭᠠᠵᠤ ᠂ ᠰᠦᠯᠵᠢᠶᠡᠨ ᠳᠡᠭᠡᠷᠡᠬᠢ ᠪᠦᠲᠦᠭᠡᠭᠳᠡᠬᠦᠨ ᠢ ᠬᠦᠯᠢᠴᠡᠩᠭᠦᠢ ᠪᠠᠷ ᠲᠠᠨᠢᠯᠴᠠᠭᠤᠯᠵᠤ ᠂ ᠬᠤᠯᠪᠣᠭᠳᠠᠯ ᠪᠦᠬᠦᠢ ᠠᠰᠠᠭᠤᠯᠲᠠ ᠳᠤ ᠬᠠᠷᠢᠭᠤᠯᠲᠠ ᠥᠭᠬᠦ ᠶᠢᠨ ᠬᠠᠮᠲᠤ ᠲᠡᠭᠦᠨ ᠢ ᠬᠠᠪᠰᠤᠷᠴᠤ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠵᠢᠭᠡᠯᠡᠯᠭᠡ ᠶᠢ ᠤᠷᠤᠭᠰᠢᠲᠠᠢ ᠡᠷᠡᠮᠡᠯᠵᠡᠯᠡᠭᠦᠯᠬᠦ ᠶᠢᠨ ᠬᠠᠮᠲᠤ ᠪᠡᠯᠡ ᠮᠥᠩᠭᠦ ᠶᠢ ᠬᠡᠳᠦᠨ ᠡᠳᠦᠷ ᠤᠨ ᠳᠠᠷᠠᠭ᠎ᠠ ᠳᠠᠩᠰᠠᠨ ᠳᠤ ᠣᠷᠣᠭᠤᠯᠤᠨ᠎ᠠ ᠭᠡᠵᠦ ᠠᠮᠠᠯᠠᠵᠠᠢ ᠃ ᠲᠤᠬᠠᠢ ᠶᠢᠨ ᠡᠳᠦᠷ᠂ ᠲᠤᠬᠠᠢ ᠶᠢᠨ ᠲᠠᠯᠠᠪᠤᠷ ᠲᠤ 20 ᠭᠠᠷᠤᠢ ᠡᠷᠦᠬᠡ ᠶᠢᠨ ᠰᠠᠨᠠᠮᠵᠢ ᠶᠢᠨ ᠵᠢᠭᠡᠯᠡᠯᠭᠡ ᠲᠣᠬᠢᠷᠠᠯᠴᠠᠵᠤ᠂  ᠪᠡᠯᠡ ᠮᠥᠩᠭᠦ ᠶᠢᠨ ᠬᠡᠮᠵᠢᠶ᠎ᠡ 200 ᠭᠠᠷᠤᠢ ᠲᠦᠮᠡᠨ ᠲᠥᠭᠦᠷᠢᠭ  ᠬᠥᠷᠴᠠᠢ᠃    ︽ᠰᠢᠤᠳᠠᠨ ᠤ ᠪᠠᠩᠬᠢ ᠪᠢᠳᠡᠨ ᠢ ᠦᠨᠡᠨ ᠠᠯᠲᠠ ᠮᠥᠩᠭᠦ ᠪᠠᠷ ᠳᠡᠮᠵᠢᠵᠦ ᠪᠠᠶᠢᠨ᠎ᠠ ᠰᠢᠤ᠂ ᠬᠤᠵᠢᠮ ᠪᠢᠳᠡ ᠤᠯᠠᠮ ᠢᠲᠡᠭᠡᠯ ᠵᠣᠷᠢᠭ ᠲᠠᠢ ᠬᠥᠭᠵᠢᠨ ᠳᠠᠪᠰᠢᠨ᠎ᠠ ᠳ᠋ᠠ ︾ ᠭᠡᠵᠦ ᠭᠡᠵᠦ ᠨᠢᠭᠡᠨ ᠲᠠᠷᠢᠶᠠᠯᠠᠩ ᠤᠨ ᠲᠠᠯᠠᠪᠠᠢ ᠶᠢᠨ ᠬᠠᠷᠢᠭᠤᠴᠠᠯᠭᠠᠲᠠᠨ ᠰᠡᠳᠬᠢᠯ ᠳᠣᠭᠳᠣᠯᠤᠨ ᠬᠡᠯᠡᠪᠡ ᠃    ᠵᠠᠯᠭᠠᠭᠠᠳ ᠰᠢᠤᠳᠠᠨ ᠤ ᠬᠠᠳᠠᠭᠠᠯᠠᠮᠵᠢ ᠶᠢᠨ ᠪᠠᠩᠬᠢ ᠶᠢᠨ ᠶᠤᠸᠠᠨ ᠪᠦᠦ ᠱᠠᠨ ᠲᠣᠭᠤᠷᠢᠭ ᠤᠨ ᠰᠠᠯᠪᠤᠷᠢ ᠪᠠᠩᠬᠢ ᠪᠠᠰᠠ ᠥᠷᠭᠦᠯᠵᠢᠯᠡᠨ ᠪᠤᠰᠤᠳ ᠲᠣᠰᠬᠤᠨ ᠳᠤ ᠬᠦᠷᠴᠦ ᠭᠡᠷ ᠪᠦᠯᠢ ᠶᠢᠨ ᠲᠠᠷᠢᠶᠠᠯᠠᠩ ᠤᠨ ᠲᠠᠯᠠᠪᠠᠢ ᠂ ᠲᠠᠷᠢᠶ᠎ᠠ ᠲᠠᠷᠢᠬᠤ ᠲᠣᠮᠣ ᠡᠷᠦᠬᠡ ᠂ ᠮᠠᠯ ᠠᠵᠤ ᠠᠬᠤᠢ ᠲᠡᠵᠢᠭᠡᠨ ᠦᠷᠡᠵᠢᠭᠦᠯᠬᠦ ᠵᠡᠷᠭᠡ ᠲᠠᠷᠢᠶᠠᠯᠠᠩ ᠳᠤ ᠬᠤᠯᠪᠣᠭᠳᠠᠬᠤ ᠠᠵᠤ ᠦᠢᠯᠡᠰ ᠲᠤ ᠲᠠᠷᠢᠶᠠᠯᠠᠩ ᠢ ᠲᠤᠰᠠᠯᠠᠬᠤ ᠵᠢᠭᠡᠯᠡᠯᠭᠡ ᠥᠭᠴᠦ ᠂ ᠮᠥᠩᠭᠦᠨ ᠭᠦᠢᠯᠭᠡᠭᠡᠨ ᠤ ᠥᠭᠭᠢᠶᠡᠮᠥᠷ ᠬᠤᠷ᠎ᠠ ᠪᠠᠷ ᠲᠠᠷᠢᠶᠠᠨ ᠭᠠᠵᠠᠷ ᠎ ᠢ ᠤᠰᠤᠯᠠᠵᠤ᠂ ᠬᠥᠳᠡᠭᠡ ᠲᠣᠰᠬᠤᠨ ᠤ ᠬᠥᠭᠵᠢᠯᠲᠡ ᠳᠤ ᠡᠨᠧᠷᠭᠢ ᠣᠯᠭᠤᠬᠤ ᠶᠢ ᠥᠨᠡᠨ ᠬᠦ ᠪᠡᠶᠡᠯᠡᠭᠦᠯᠥᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠲᠦᠷᠭᠡᠳᠬᠡᠬᠦ ᠳᠤ ᠰᠦᠷ ᠳᠠᠯᠠᠶᠢᠴᠠᠲᠠᠢ ᠮᠥᠩᠭᠦᠨ ᠭᠦᠢᠯᠭᠡᠭᠡᠨ ᠤ ᠬᠥᠳᠡᠯᠭᠡᠬᠦ ᠬᠦᠴᠦᠨ ᠬᠠᠩᠭᠠᠬᠤ ᠪᠣᠯᠣᠨ᠎ᠠ ᠃  
 
ᠢᠷᠡᠯᠲᠡ᠄ ᠶᠤᠸᠠᠨ ᠪᠣᠥ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠰᠥᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1