ᠶᠤᠸᠠᠨ ᠪᠦᠦ ᠱᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠵᠣᠨ ᠤ ᠤᠯᠠᠷᠢᠯ ᠤᠨ ︽ᠰᠡᠷᠢᠭᠦᠨ ᠨᠤᠭᠤᠭ᠎ᠠ︾᠎ ᠳᠤ ᠢᠳᠡᠭᠡᠨ ᠤ ᠠᠮᠤᠷ ᠲᠦᠪᠰᠢᠨ ᠤ ︽ᠱᠣᠰᠢᠭ᠎ᠠ︾ ᠨᠠᠭᠠᠭᠰᠠᠨ ᠪᠠᠶᠢᠳᠠᠯ ᠢ ᠪᠠᠶᠢᠴᠠᠭᠠᠨ ᠥᠵᠡᠪᠡ
ᠨᠡᠶᠢᠲᠡᠯᠡᠭᠰᠡᠨ ᠴᠠᠭ᠄
2023/6/14
    ᠢᠳᠡᠭᠡᠨ ᠳᠤ ᠬᠤᠣᠷᠳᠠᠭᠳᠠᠬᠤ ᠪᠠ ᠢᠳᠡᠭᠡᠨ ᠠᠴᠠ ᠢᠷᠡᠯᠲᠡ ᠲᠠᠢ ᠡᠪᠡᠳᠴᠢᠨ ᠡᠮᠭᠡᠭ ᠡᠭᠦᠰᠬᠦ ᠶᠢ ᠢᠳᠡᠪᠬᠢᠲᠡᠢ ᠰᠡᠷᠭᠡᠶᠢᠯᠡᠬᠦ ᠪᠠ ᠪᠦᠲᠦᠮᠵᠢᠲᠡᠶ ᠠᠷᠭᠠᠴᠠᠵᠤ᠂ ᠢᠳᠡᠭᠡᠨ ᠳᠤ ᠬᠤᠣᠷᠳᠠᠭᠳᠠᠬᠤ ᠬᠡᠮ ᠰᠣᠭᠤᠭ ᠢ ᠵᠢᠭᠰᠠᠭᠠᠨ ᠪᠠᠶᠢᠴᠠᠭᠠᠵᠤ᠂ ᠢᠳᠡᠭᠡᠨ ᠳᠤ ᠬᠤᠣᠷᠳᠠᠭᠳᠠᠬᠤ ᠬᠡᠷᠡᠭ ᠡᠭᠦᠰᠬᠦ ᠶᠢ ᠰᠡᠷᠭᠡᠶᠢᠯᠡᠬᠦ ᠶᠢᠨ ᠲᠤᠰᠠᠳᠠ᠂ ᠶᠤᠸᠠᠨ ᠪᠦᠦ ᠱᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠵᠣᠨ ᠤ ᠤᠯᠠᠷᠢᠯ ᠤᠨ ᠢᠳᠡᠭᠡᠨ ᠤ ᠠᠮᠤᠷ ᠲᠦᠪᠰᠢᠨ ᠤ ᠲᠤᠰᠬᠠᠢ ᠪᠠᠶᠢᠴᠠᠭᠠᠯᠲᠠ ᠶᠢᠨ ᠠᠵᠢᠯᠯᠠᠭ᠎ᠠ ᠥᠷᠨᠢᠭᠦᠯᠵᠦ᠂ ᠭᠦᠢᠯᠭᠡᠭᠡᠨ ᠤ ᠬᠦᠷᠢᠶᠡᠨ ᠳᠠᠬᠢ ᠲᠤᠬᠠᠢ ᠶᠢᠨ ᠲᠠᠯᠠᠪᠤᠷ ᠲᠤ  ᠰᠡᠷᠢᠭᠦᠨ ᠨᠤᠭᠤᠭ᠎ᠠ ᠬᠢᠵᠦ ᠪᠣᠷᠣᠯᠠᠭᠤᠯᠬᠤ ᠳᠤ ᠬᠤᠯᠪᠣᠭᠳᠠᠭᠰᠠᠨ ᠡᠵᠡᠩᠨᠡᠯᠲᠡ ᠶᠢᠨ  ᠨᠢᠭᠡᠴᠢ ᠳᠤ ᠢᠳᠡᠭᠡᠨ ᠤ ᠠᠮᠤᠷ ᠲᠦᠪᠰᠢᠨ ᠤ ᠪᠠᠶᠢᠴᠠᠭᠠᠯᠲᠠ ᠬᠢᠪᠡ᠃    ᠨᠢᠭᠡ ᠳᠤ ᠂ ᠪᠠᠶᠢᠴᠠᠭᠠᠬᠤ ᠠᠭᠤᠯᠭ᠎ᠠ ᠶᠢ ᠳᠣᠪᠤᠶᠢᠯᠭᠠᠵᠤ᠂ ᠴᠡᠭᠴᠡᠯᠡᠨ ᠵᠠᠰᠠᠬᠤ ᠭᠤᠣᠯᠳᠠᠯᠭ᠎ᠠ ᠶᠢ ᠲᠣᠳᠤᠷᠬᠠᠶᠢᠯᠠᠪᠠ᠃ ᠡᠵᠡᠩᠨᠡᠯᠲᠡ ᠶᠢᠨ ᠨᠢᠭᠡᠴᠢ ᠶᠢᠨ ᠥᠪᠡᠷᠲᠡᠭᠡᠨ ᠬᠢᠭᠰᠡᠨ ᠰᠡᠷᠢᠭᠦᠨ ᠨᠣᠭᠤᠭ᠎ᠠ ᠵᠢᠴᠢ ᠤᠷᠢᠳᠴᠢᠯᠠᠨ ᠪᠣᠭᠤᠳᠠᠯᠯᠠᠭᠰᠠᠨ ᠢᠳᠡᠭᠡᠨ ᠢᠶᠠᠷ ᠭᠤᠣᠯᠳᠠᠯᠭ᠎ᠠ ᠪᠣᠯᠭᠠᠨ ᠲᠥᠷᠥᠯ ᠵᠦᠢᠯ ᠢ ᠪᠠᠶᠢᠴᠠᠭᠠᠵᠤ᠂ ᠭᠤᠣᠯᠳᠠᠭᠤ ᠡᠯ᠎ᠡ ᠭᠤᠣᠯ ᠴᠣᠭᠴᠠ ᠶᠢᠨ ᠨᠢᠭᠡᠴᠢ ᠶᠢᠨ ᠪᠠᠷᠠᠭᠠᠨ ᠤ ᠲᠠᠯᠪᠢᠭᠤᠷ ᠳᠡᠭᠡᠷᠡᠬᠢ ᠲᠠᠸᠠᠷ ᠤᠨ ᠪᠠᠷᠠᠭ᠎ᠠ ᠣᠷᠣᠭᠤᠯᠤᠭᠰᠠᠨ ᠡᠬᠡ ᠲᠠᠩᠰᠠ ᠶᠢᠨ ᠲᠡᠮᠳᠡᠭᠯᠡᠯ ᠵᠢᠴᠢ ᠬᠠᠮᠢᠶ᠎ᠠ ᠪᠦᠬᠦᠢ ᠫᠢᠶᠣᠣ ᠪᠠᠷᠢᠮᠲᠠ ᠶᠢ ᠬᠠᠷᠭᠤᠭᠤᠯᠤᠨ ᠪᠠᠶᠢᠴᠠᠭᠠᠪᠠ︔ ᠲᠤᠬᠠᠢ ᠶᠢᠨ ᠲᠠᠯᠠᠪᠤᠷ ᠲᠤ ᠰᠡᠷᠢᠭᠦᠨ ᠨᠤᠭᠤᠭ᠎ᠠ ᠬᠢᠵᠦ ᠪᠣᠷᠣᠯᠠᠭᠤᠯᠬᠤ ᠳᠤ ᠬᠤᠯᠪᠣᠭᠳᠠᠬᠤ ᠡᠵᠡᠩᠨᠡᠯᠲᠡ ᠶᠢᠨ ᠨᠢᠭᠡᠴᠢ ᠶᠢᠨ ᠠᠵᠢᠯᠲᠠᠨ ᠤ ᠡᠷᠡᠭᠦᠯ ᠮᠡᠨᠳᠦ ᠶᠢᠨ ᠭᠡᠷᠡᠴᠢᠯᠡᠯ ᠤᠨ ᠪᠠᠶᠢᠳᠠᠯ᠂ ᠠᠵᠢᠯᠯᠠᠬᠤ ᠣᠷᠴᠢᠨ ᠲᠣᠭᠤᠷᠢᠨ ᠤ ᠡᠷᠡᠭᠦᠯ ᠬᠠᠮᠠᠭᠠᠯᠠᠯ᠂ ᠠᠵᠢᠯᠯᠠᠬᠤ ᠠᠵᠢᠯᠲᠠᠨ ᠤ ᠡᠮᠦᠰᠴᠦ ᠵᠡᠭᠦᠭᠰᠡᠨ ᠪᠠᠶᠢᠳᠠᠯ᠂ ᠡᠳ᠋ᠰᠢᠭᠦᠯᠬᠦ ᠶᠠᠪᠤᠴᠠ ᠶᠢᠨ ᠵᠢᠷᠤᠮᠵᠢᠯ ᠢ ᠭᠤᠣᠯᠳᠠᠯᠭ᠎ᠠ ᠲᠠᠢ ᠪᠠᠶᠢᠴᠠᠭᠠᠪᠠ ᠃    ᠬᠤᠶᠠᠷ ᠲᠤ ᠂ ᠤᠬᠠᠭᠤᠯᠤᠨ ᠬᠥᠲᠥᠯᠥᠨ ᠵᠢᠯᠤᠭᠤᠳᠬᠤ ᠶᠢ ᠴᠢᠩᠭᠠᠳᠬᠠᠵᠤ᠂ ᠠᠵᠤ ᠠᠬᠤᠶᠢᠯᠠᠯ ᠤᠨ ᠥᠪᠡᠷ ᠢ ᠪᠠᠨ ᠱᠠᠭᠠᠷᠳᠠᠬᠤ ᠶᠢ ᠴᠢᠩᠭᠠᠳᠬᠠᠪᠠ ᠃ ᠬᠠᠤᠯᠢ ᠬᠡᠷᠡᠭᠵᠢᠭᠦᠯᠬᠦ ᠠᠵᠢᠯᠲᠠᠨ ᠲᠤᠬᠠᠢ ᠶᠢᠨ ᠲᠠᠯᠠᠪᠤᠷ ᠲᠤ ᠡᠵᠡᠩᠨᠡᠯᠲᠡ ᠶᠢᠨ ᠭᠤᠣᠯ ᠴᠣᠭᠴᠠ ᠶᠢᠨ ᠬᠠᠷᠢᠭᠤᠴᠠᠯᠭᠠᠲᠠᠨ᠂ ᠠᠵᠢᠯᠲᠠᠨ ᠳᠤ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠳᠡᠭᠡᠨ ᠤ ᠠᠮᠤᠷ ᠲᠦᠪᠰᠢᠨ ᠤ ᠬᠠᠤᠯᠢ︾ ᠵᠡᠷᠭᠡ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠪᠠ ᠢᠳᠡᠭᠡᠨ ᠤ ᠠᠮᠤᠷ ᠲᠦᠪᠰᠢᠨ ᠤ ᠮᠡᠳᠡᠯᠭᠡ ᠶᠢ ᠢᠳᠡᠪᠬᠢᠲᠡᠢ ᠪᠠᠷ ᠤᠬᠠᠭᠤᠯᠵᠤ᠂ ᠬᠤᠳᠠᠯᠳᠤᠭᠠᠨ ᠤ ᠬᠠᠷᠢᠭᠤᠴᠠᠯᠭᠠᠲᠠᠨ ᠢ ᠡᠷᠬᠡᠪᠰᠢ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠵᠤ᠂ ᠠᠮᠤᠷ ᠲᠦᠪᠰᠢᠨ ᠤ ᠤᠬᠠᠮᠰᠠᠷ ᠢᠶᠠᠨ ᠳᠡᠭᠡᠭᠰᠢᠯᠡᠭᠦᠯᠦᠨ᠂ ᠢᠳᠡᠭᠡᠨ ᠤ ᠠᠮᠤᠷ ᠲᠦᠪᠰᠢᠨ ᠤ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠢᠳᠡᠪᠬᠢᠲᠡᠢ ᠭᠦᠢᠴᠡᠳᠬᠡᠵᠦ᠂ ᠵᠢᠷᠤᠮᠵᠢᠭᠰᠠᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ ᠰᠡᠷᠢᠭᠦᠨ ᠨᠤᠭᠤᠭ᠎ᠠ ᠶᠢ ᠡᠳ᠋ᠰᠢᠭᠦᠯᠦᠨ ᠨᠠᠶᠢᠷᠠᠭᠤᠯᠵᠤ᠂ ᠢᠳᠡᠭᠡᠨ ᠤ ᠠᠮᠤᠷ ᠲᠦᠪᠰᠢᠨ ᠤ ᠬᠠᠮᠢᠶ᠎ᠠ ᠪᠦᠬᠦᠢ ᠠᠳᠡᠯ ᠭᠠᠷᠬᠤ ᠠᠴᠠ ᠵᠠᠶᠢᠯᠠᠰᠬᠢᠬᠦ ᠬᠡᠷᠡᠭᠲᠡᠢ ᠭᠡᠵᠦ ᠱᠠᠭᠠᠷᠳᠠᠪᠠ᠃    ᠭᠤᠷᠪᠠ ᠳᠤ ᠂ ᠵᠠᠭᠠᠯᠳᠤᠯᠭ᠎ᠠ ᠢᠯᠡᠴᠢᠯᠡᠨ ᠮᠡᠳᠡᠭᠦᠯᠦᠯᠲᠡ ᠶᠢ ᠰᠢᠯᠤᠭᠤᠳᠬᠠᠵᠤ ᠂ ᠨᠡᠶᠢᠭᠡᠮ ᠨᠡᠶᠢᠲᠡ ᠪᠠᠷ ᠢᠶᠠᠨ ᠬᠠᠮᠲᠤᠪᠠᠷ ᠵᠠᠰᠠᠬᠤ ᠶᠢ ᠠᠬᠢᠭᠤᠯᠪᠠ᠃ 12315 ᠲᠠᠪᠴᠠᠩ ᠢ ᠭᠦᠢᠴᠡᠳ ᠠᠰᠢᠭᠯᠠᠨ᠂ ᠵᠠᠭᠠᠯᠳᠤᠵᠤ ᠢᠯᠡᠴᠢᠯᠡᠨ ᠮᠡᠳᠡᠭᠦᠯᠬᠦ ᠵᠡᠷᠭᠡ ᠠᠷᠭ᠎ᠠ ᠮᠠᠶ᠋ᠢᠭ ᠢ ᠰᠠᠭᠠᠳ ᠦᠭᠡᠢ ᠨᠠᠪᠲᠠᠷᠡᠭᠦᠯᠵᠦ᠂ ᠣᠯᠠᠨ ᠲᠦᠮᠡᠨ ᠢ ᠢᠳᠡᠪᠬᠢᠲᠡᠢ ᠪᠠᠷ ᠳᠠᠶᠢᠴᠢᠯᠠᠨ ᠵᠠᠭᠠᠯᠳᠤᠵᠤ ᠢᠯᠡᠴᠢᠯᠡᠨ ᠮᠡᠳᠡᠭᠦᠯᠬᠦ ᠰᠦᠪᠡᠭᠴᠢ ᠬᠠᠩᠭᠠᠬᠤ ᠶᠢᠨ ᠬᠠᠮᠲᠤ ᠴᠠᠭ ᠲᠤᠬᠠᠢ ᠳᠤᠨᠢ ᠮᠥᠷᠳᠡᠨ ᠰᠢᠢᠳᠪᠦᠷᠢᠯᠡᠵᠦ᠂ ᠨᠡᠶᠢᠭᠡᠮ ᠤᠨ ᠬᠢᠨᠠᠯᠲᠠ ᠳᠤ ᠬᠠᠮᠲᠤᠪᠠᠷ ᠣᠷᠣᠯᠴᠠᠬᠤ ᠶᠢ ᠠᠬᠢᠭᠤᠯᠤᠨ᠂ ᠬᠦᠴᠦᠷᠬᠡᠭ ᠶᠡᠭᠡ ᠨᠡᠶᠢᠯᠡᠮᠡᠯ ᠬᠦᠴᠦᠨ ᠢ ᠪᠣᠶ ᠪᠣᠯᠭᠠᠵᠤ᠂ ᠡᠵᠡᠩᠨᠡᠭᠴᠢᠳ ᠢ ᠭᠡᠳᠡᠷᠭᠦ ᠰᠢᠬᠠᠮᠳᠠᠭᠤᠯᠵᠤ ᠪᠠᠶᠢᠭᠠᠳ ᠬᠠᠮᠢᠶᠠᠷᠤᠯᠲᠠ ᠶᠢ ᠰᠠᠶᠢᠲᠤᠷ ᠬᠢᠯᠭᠡᠬᠦ ᠪᠠ ᠬᠠᠮᠢᠶ᠎ᠠ ᠪᠦᠬᠦᠢ ᠬᠠᠷᠢᠭᠤᠴᠠᠯᠭ᠎ᠠ ᠶᠢ ᠨᠢ ᠭᠥᠢᠴᠡᠳᠬᠡᠭᠦᠯᠪᠡ ᠃    ᠲᠠᠷᠠᠭᠠᠴᠢ ᠶᠢᠨ ᠠᠯᠬᠤᠮ ᠳᠤ᠂ ᠲᠣᠰ ᠲᠣᠪᠴᠢᠶ᠎ᠠ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠦᠷᠭᠦᠯᠵᠢᠯᠡᠨ ᠨᠠᠶᠢᠳᠠᠪᠤᠷᠢᠵᠢᠭᠤᠯᠵᠤ᠂ ᠲᠤᠰᠢᠶᠠᠯ ᠬᠠᠷᠢᠭᠤᠴᠠᠯᠭ᠎ᠠ ᠪᠠ ᠡᠭᠦᠷᠭᠡ ᠴᠢᠳᠠᠪᠤᠷᠢ ᠲᠠᠢ ᠪᠠᠨ ᠤᠶᠠᠯᠳᠤᠭᠤᠯᠤᠨ᠂ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢᠨ ᠬᠦᠷᠢᠶ᠎ᠡ ᠬᠡᠪᠴᠢᠶ᠎ᠡ ᠶᠢ ᠤᠯᠠᠮ ᠨᠢᠭᠡ ᠠᠯᠬᠤᠮ ᠥᠷᠭᠡᠳᠬᠡᠵᠦ᠂ ᠤᠯᠠᠷᠢᠯ ᠤᠨ ᠴᠢᠨᠠᠷᠲᠠᠢ ᠢᠳᠡᠭᠡᠨ ᠤ ᠵᠦᠢᠯ ᠤᠨ ᠲᠤᠰᠬᠠᠢ ᠪᠠᠶᠢᠴᠠᠭᠠᠯᠲᠠ ᠶᠢ ᠦᠷᠭᠦᠯᠵᠢᠯᠡᠨ ᠥᠷᠨᠢᠭᠦᠯᠵᠦ᠂ ᠠᠭᠠᠭᠢᠮ᠎ᠠ ᠬᠠᠯᠠᠭᠤᠨ ᠵᠣᠨ ᠤ ᠡᠳᠥᠷ ᠤᠨ ᠠᠮᠲᠠᠳᠤ ᠰᠠᠶᠢᠬᠠᠨ ᠰᠡᠷᠢᠭᠦᠨ ᠢᠳᠡᠭᠡᠨ ᠳᠤ ᠢᠳᠡᠭᠡᠨ ᠤ ᠠᠮᠤᠷ ᠲᠦᠪᠰᠢᠨ ᠤ ︽ ᠱᠣᠰᠢᠭ᠎ᠠ︾᠎ ᠶᠢ ᠪᠠᠲᠤ ᠨᠠᠭᠠᠭᠠᠯᠭᠠᠬᠤ ᠪᠣᠯᠤᠨ᠎ᠠ᠃ 
 
ᠢᠷᠡᠯᠲᠡ᠄ ᠶᠤᠸᠠᠨ ᠪᠣᠥ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠰᠥᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1