ᠶᠤᠸᠠᠨ ᠪᠦᠦ ᠱᠠᠨ ᠲᠣᠭᠤᠷᠢᠭ ᠬᠥᠮᠥᠨ ᠤ ᠬᠦᠴᠦ ᠪᠠᠷ ᠪᠣᠷᠣᠭᠠᠨ ᠣᠷᠣᠭᠤᠯᠵᠤ ᠭᠠᠩ ᠬᠠᠭᠰᠠᠷᠠᠭᠠᠨ ᠲᠠᠢ ᠲᠡᠮᠡᠴᠡᠬᠦ ᠳᠤ ᠬᠦᠴᠦ ᠨᠡᠮᠡᠷᠢᠯᠡᠪᠡ
ᠨᠡᠶᠢᠲᠡᠯᠡᠭᠰᠡᠨ ᠴᠠᠭ᠄
2023/6/14
    ᠡᠨᠡ ᠵᠢᠯ ᠤᠨ 5 ᠳ᠋ᠤᠭᠠᠷ ᠰᠠᠷ᠎ᠠ ᠠᠴᠠ ᠨᠠᠭᠠᠰᠢ ᠂ ᠮᠠᠨ ᠤ ᠲᠣᠭᠤᠷᠢᠭ ᠤᠨ ᠬᠤᠷ᠎ᠠ ᠲᠤᠨᠳᠠᠰᠤ ᠲᠤᠶᠢᠯ ᠤᠨ ᠪᠠᠭ᠎ᠠ ᠪᠠᠶᠢᠵᠤ᠂ ᠭᠠᠩ ᠬᠠᠭᠰᠠᠷᠠᠭᠠᠨ ᠲᠠᠢ ᠲᠡᠮᠡᠴᠡᠬᠦ ᠪᠠᠶᠢᠳᠠᠯ ᠬᠦᠨᠳᠦ ᠬᠡᠴᠡᠭᠦᠦ ᠪᠠᠶᠢᠨ᠎ᠠ᠃ ᠶᠤᠸᠠᠨ ᠪᠦᠦ ᠱᠠᠨ ᠲᠣᠭᠤᠷᠢᠭ ᠤᠨ ᠴᠠᠭ ᠠᠭᠤᠷ ᠤᠨ ᠬᠤᠪᠢᠶᠠᠷᠢ ᠲᠣᠪᠴᠢᠶ᠎ᠠ ᠠᠰᠢᠭᠲᠠᠢ ᠴᠠᠭ ᠠᠭᠤᠷ ᠤᠨ ᠨᠥᠬᠦᠴᠡᠯ ᠢ ᠠᠳᠬᠤᠨ ᠬᠥᠮᠥᠨ ᠤ ᠬᠦᠴᠦ ᠪᠠᠷ ᠪᠣᠷᠣᠭᠠᠨ ᠣᠷᠣᠭᠤᠯᠬᠤ ᠠᠵᠢᠯ ᠢ ᠠᠮᠵᠢᠯᠲᠠ ᠲᠠᠢ ᠬᠢᠵᠦ ᠂ ᠭᠠᠩ ᠬᠠᠭᠰᠠᠷᠠᠭᠠᠨ ᠤ ᠪᠠᠶᠢᠳᠠᠯ ᠢ ᠨᠠᠮᠳᠠᠭᠤᠯᠤᠨ᠂ ᠲᠠᠷᠢᠮᠠᠯ ᠎ ᠢ ︽ᠤᠮᠳᠠ ᠳᠠᠷᠤᠭᠤᠯᠵᠠᠢ︾ ᠃    6 ᠰᠠᠷ᠎ᠠ ᠶᠢᠨ 12᠎ ᠤᠨ ᠡᠳᠦᠷ ᠤᠨ 11 ᠴᠠᠭ 20 ᠮᠢᠨᠦ᠋ᠲ ᠠᠴᠠ 11 ᠴᠠᠭ 28 ᠮᠢᠨᠦ᠋ᠲ ᠪᠣᠯᠲᠠᠯ᠎ᠠ᠂ ᠶᠤᠸᠠᠨ ᠪᠦᠦ ᠱᠠᠨ ᠲᠣᠭᠤᠷᠢᠭ ᠤᠨ ᠴᠠᠭ ᠠᠭᠤᠷ ᠤᠨ ᠬᠤᠪᠢᠶᠠᠷᠢ ᠲᠣᠪᠴᠢᠶ᠎ᠠ ᠮᠣᠬᠤᠷ ᠭᠤᠤᠯ ᠪᠠᠯᠭᠠᠰᠤᠨ ᠤ ᠴᠢᠩ ᠱᠠᠨ ᠲᠣᠰᠬᠤᠨ ᠤ ᠬᠥᠮᠥᠨ ᠤ ᠬᠦᠴᠦ ᠪᠠᠷ ᠪᠣᠷᠣᠭᠠᠨ ᠣᠷᠣᠭᠤᠯᠬᠤ ᠠᠵᠢᠯ ᠤᠨ ᠴᠡᠭ ᠲᠤ ᠬᠥᠮᠥᠨ ᠤ ᠬᠦᠴᠦ ᠪᠠᠷ ᠪᠣᠷᠣᠭᠠᠨ ᠣᠷᠣᠭᠤᠯᠬᠤ ᠠᠵᠢᠯ ᠬᠢᠵᠦ᠂ 8 ᠲᠡᠶᠢᠷᠦᠯᠲᠦ ᠰᠤᠮᠤ ᠬᠠᠷᠪᠤᠵᠠᠢ᠃    ᠴᠠᠭ ᠠᠭᠤᠷ ᠤᠨ ᠬᠢᠨᠠᠨ ᠬᠡᠮᠵᠢᠯᠲᠡ ᠠᠴᠠ ᠦᠵᠡᠪᠡᠯ᠂ ᠪᠣᠷᠣᠭᠠᠨ ᠤ ᠬᠡᠮᠵᠢᠶ᠎ᠡ ᠨᠢ ᠡᠷᠬᠢᠨ ᠲᠣᠭᠤᠷᠢᠨ ᠤ ᠭᠠᠵᠠᠷ ᠣᠷᠣᠨ ᠠᠴᠠ ᠢᠯᠡᠳᠲᠡ ᠶᠡᠭᠡ ᠪᠠᠶᠢᠨ᠎ᠠ᠃ ᠡᠨᠡ ᠤᠳᠠᠭᠠᠨ ᠤ ᠬᠥᠮᠥᠨ ᠤ ᠬᠦᠴᠦ ᠪᠠᠷ ᠪᠣᠷᠣᠭᠠᠨ ᠣᠷᠣᠭᠤᠯᠤᠭᠰᠠᠨ ᠎ ᠨᠢ ᠣᠳᠣᠬᠠᠨ ᠤ ᠭᠠᠩ ᠬᠠᠭᠰᠠᠷᠠᠭᠠᠨ ᠤ ᠪᠠᠶᠢᠳᠠᠯ ᠢ ᠨᠠᠮᠳᠠᠭᠤᠯᠵᠤ᠂ ᠲᠠᠷᠢᠮᠠᠯ ᠤᠨ ᠤᠷᠭᠤᠯᠲᠠ ᠳᠤ ᠠᠰᠢᠭᠲᠠᠢ ᠪᠥᠭᠡᠳ ᠠᠭᠠᠷ ᠤᠨ ᠴᠢᠨᠠᠷ ᠢ ᠰᠠᠶᠢᠵᠢᠷᠠᠭᠤᠯᠬᠤ ᠳᠤ ᠴᠦ ᠠᠰᠢᠭᠲᠠᠢ ᠶᠤᠮ᠃    ᠣᠳᠣᠬᠠᠨ ᠳᠤ᠂ ᠶᠤᠸᠠᠨ ᠪᠦᠦ ᠱᠠᠨ ᠲᠣᠭᠤᠷᠢᠭ ᠤᠨ ᠴᠠᠭ ᠠᠭᠤᠷ ᠤᠨ ᠬᠤᠪᠢᠶᠠᠷᠢ ᠲᠣᠪᠴᠢᠶ᠎ᠠ ᠨᠢᠭᠡᠨᠲᠡ ᠬᠦᠨᠳᠦ ᠶᠡᠭᠡ ᠴᠠᠭ ᠠᠭᠤᠷ ᠤᠨ ᠭᠠᠮᠰᠢᠭ ︵ᠴᠠᠭ ᠠᠭᠤᠷ ᠤᠨ ᠭᠠᠩ ᠬᠠᠭᠰᠠᠷᠠᠭᠠᠨ︶᠎ ᠤᠨ Ⅳ ᠲᠠᠰ ᠤᠨ ᠪᠠᠴᠢᠮ ᠪᠠᠶᠢᠳᠠᠯ ᠢ ᠠᠷᠭᠠᠴᠠᠬᠤ ᠲᠥᠰᠥᠯ ᠢ ᠬᠡᠷᠡᠭᠵᠢᠭᠦᠯᠵᠦ᠂ ᠶᠤᠸᠠᠨ ᠪᠦᠦ ᠱᠠᠨ ᠲᠣᠭᠤᠷᠢᠭ ᠤᠨ ᠴᠠᠭ ᠠᠭᠤᠷ ᠤᠨ ᠰᠠᠯᠠᠭ᠎ᠠ ᠮᠥᠴᠢᠷ ᠶᠠᠭ ᠪᠡᠯᠡᠳᠬᠡᠯ ᠲᠥᠰᠥᠯ ᠤᠨ ᠱᠠᠭᠠᠷᠳᠠᠯᠭ᠎ᠠ ᠶᠣᠰᠣᠭᠠᠷ᠂ ᠠᠰᠢᠭᠲᠠᠢ ᠴᠠᠭ ᠲᠣᠬᠢᠶᠠᠯ ᠢ ᠦᠷᠭᠦᠯᠵᠢᠯᠡᠨ ᠠᠮᠵᠢᠵᠤ ᠂ ᠬᠥᠮᠥᠨ ᠤ ᠬᠦᠴᠦ ᠪᠠᠷ ᠪᠣᠷᠣᠭᠠᠨ ᠣᠷᠣᠭᠤᠯᠬᠤ ᠠᠵᠢᠯ ᠢ ᠴᠠᠭ ᠲᠤᠬᠠᠢ ᠳᠤᠨᠢ ᠥᠷᠨᠢᠭᠦᠯᠥᠨ᠂ ᠭᠠᠩ ᠬᠠᠭᠰᠠᠷᠠᠭᠠᠨ ᠲᠠᠢ ᠲᠡᠮᠡᠴᠡᠵᠦ ᠴᠢᠬᠢᠭ ᠢ ᠬᠠᠮᠠᠭᠠᠯᠠᠬᠤ ᠳᠤ ᠬᠦᠴᠦ ᠨᠡᠮᠡᠷᠢᠯᠡᠵᠦ ᠪᠠᠶᠢᠨ᠎ᠠ᠃ 
 
ᠢᠷᠡᠯᠲᠡ᠄ ᠶᠤᠸᠠᠨ ᠪᠣᠥ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠰᠥᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1