ᠶᠤᠸᠠᠨ ᠪᠦᠦ ᠱᠠᠨ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠬᠢᠲᠠᠳ ᠡᠮᠨᠡᠯᠭᠡ ︵ᠮᠣᠩᠭᠤᠯ ᠡᠮᠨᠡᠯᠭᠡ︶᠎ ᠶᠢᠨ ᠡᠮᠴᠢᠯᠡᠭᠡ ᠪᠠ ᠰᠤᠪᠢᠯᠠᠯᠲᠠ ᠶᠢᠨ ᠶᠠᠰᠤ ᠴᠢᠨᠠᠷ ᠤᠨ ᠬᠠᠮᠢᠶᠠᠷᠤᠯᠲᠠ ᠶᠢᠨ ᠪᠣᠯᠪᠠᠰᠤᠷᠠᠯ ᠤᠨ ᠠᠩᠭᠢ ᠡᠷᠭᠢᠯᠡᠪᠡ
ᠨᠡᠶᠢᠲᠡᠯᠡᠭᠰᠡᠨ ᠴᠠᠭ᠄
2023/6/14
    ᠪᠦᠬᠦ ᠲᠣᠭᠤᠷᠢᠭ ᠤᠨ ᠡᠯ᠎ᠡ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠬᠢᠲᠠᠳ ᠡᠮᠨᠡᠯᠭᠡ ︵ᠮᠣᠩᠭᠤᠯ ᠡᠮᠨᠡᠯᠭᠡ︶᠎ ᠶᠢᠨ ᠡᠮᠴᠢᠯᠡᠭᠡ᠂ ᠰᠤᠪᠢᠯᠠᠯᠲᠠ ᠶᠢᠨ ᠶᠠᠰᠤ ᠴᠢᠨᠠᠷ ᠤᠨ ᠬᠠᠮᠢᠶᠠᠷᠤᠯᠲᠠ ᠶᠢᠨ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠬᠢᠲᠠᠳ ᠡᠮᠨᠡᠯᠭᠡ ︵ᠮᠣᠩᠭᠤᠯ ᠡᠮᠨᠡᠯᠭᠡ︶᠎ ᠶᠢᠨ ᠡᠮᠴᠢᠯᠡᠭᠡᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠤᠬᠠᠮᠰᠠᠷ ᠢ ᠴᠢᠩᠭᠠᠳᠬᠠᠵᠤ᠂ ᠬᠢᠲᠠᠳ ᠡᠮᠨᠡᠯᠭᠡ ︵ᠮᠣᠩᠭᠤᠯ ᠡᠮᠨᠡᠯᠭᠡ︶᠎ ᠶᠢᠨ ᠡᠮᠴᠢᠯᠡᠭᠡᠨ ᠤ ᠦᠢᠯᠡᠴᠢᠯᠡᠭᠡᠨ ᠤ ᠶᠠᠰᠤ ᠴᠢᠨᠠᠷ ᠢ ᠦᠷᠭᠦᠯᠵᠢᠯᠡᠨ ᠰᠠᠶᠢᠵᠢᠷᠠᠭᠤᠯᠤᠨ ᠂ ᠬᠢᠲᠠᠳ ᠡᠮᠨᠡᠯᠭᠡ ︵ᠮᠣᠩᠭᠤᠯ ᠡᠮᠨᠡᠯᠭᠡ︶᠎ ᠶᠢᠨ ᠡᠮᠴᠢᠯᠡᠭᠡᠨ ᠤ ᠠᠮᠤᠷ ᠲᠦᠪᠰᠢᠨ ᠢ ᠪᠠᠲᠤᠯᠠᠬᠤ ᠶᠢᠨ ᠲᠥᠯᠥᠭᠡ ᠂ ᠣᠶᠢᠷ᠎ᠠ ᠳᠤ᠂ ᠶᠤᠸᠠᠨ ᠪᠦᠦ ᠱᠠᠨ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠯᠠᠭᠠᠨᠬᠠᠳᠠ ᠶᠢᠨ ᠪᠦᠦ ᠱᠠᠨ ᠬᠢᠲᠠᠳ ᠡᠮᠨᠡᠯᠭᠡ ᠶᠢᠨ ᠬᠤᠷᠢᠶ᠎ᠠ ᠳᠤ ᠬᠢᠲᠠᠳ ᠡᠮᠨᠡᠯᠭᠡ ︵ᠮᠣᠩᠭᠤᠯ ᠡᠮᠨᠡᠯᠭᠡ︶᠎ ᠶᠢᠨ ᠡᠮᠴᠢᠯᠡᠭᠡ ᠪᠠ ᠰᠤᠪᠢᠯᠠᠯᠲᠠ ᠶᠢᠨ ᠶᠠᠰᠤ ᠴᠢᠨᠠᠷ ᠤᠨ ᠬᠠᠮᠢᠶᠠᠷᠤᠯᠲᠠ ᠶᠢᠨ ᠪᠣᠯᠪᠠᠰᠤᠷᠠᠯ ᠤᠨ ᠠᠩᠭᠢ ᠡᠷᠭᠢᠯᠡᠪᠡ᠃ ᠡᠯ᠎ᠡ ᠰᠢᠶᠠᠩ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠂ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠂ ᠠᠷᠠᠳ ᠤᠨ ᠡᠵᠡᠩᠨᠡᠯᠲᠡ ᠶᠢᠨ ᠡᠮᠨᠡᠯᠭᠡ ᠶᠢᠨ ᠬᠤᠷᠢᠶᠠᠨ ᠤ ᠬᠠᠮᠢᠶ᠎ᠠ ᠪᠦᠬᠦᠢ ᠬᠠᠷᠢᠭᠤᠴᠠᠯᠭᠠᠲᠠᠨ ᠂ ᠬᠢᠲᠠᠳ ᠡᠮᠨᠡᠯᠭᠡ ᠶᠢᠨ ᠣᠷᠳᠣᠨ ︵ ᠰᠠᠯᠠᠭ᠎ᠠ ︶ ᠵᠢᠴᠢ ᠬᠢᠲᠠᠳ ᠡᠮᠨᠡᠯᠭᠡ ᠶᠢᠨ ᠰᠤᠪᠢᠯᠠᠯᠲᠠ ᠶᠢᠨ ᠬᠠᠷᠢᠭᠤᠴᠠᠯᠭᠠᠲᠠᠨ ᠂ ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ ᠂ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠦᠷᠳᠡᠭᠡ ᠂ ᠬᠢᠲᠠᠳ ᠡᠮᠨᠡᠯᠭᠡ ᠶᠢᠨ ᠲᠦᠷᠦᠯ ᠤᠨ ᠬᠤᠪᠢ ᠶᠢᠨ ᠡᠮᠴᠢᠯᠡᠭᠡᠨ ᠤ ᠭᠠᠵᠠᠷ ᠤᠨ ᠭᠤᠣᠯ ᠬᠠᠷᠢᠭᠤᠴᠠᠯᠭᠠᠲᠠᠨ ᠨᠡᠶᠢᠳᠡ 120 ᠭᠠᠷᠤᠢ ᠬᠥᠮᠥᠨ ᠪᠣᠯᠪᠠᠰᠤᠷᠠᠯ ᠳᠤ ᠣᠷᠤᠯᠴᠠᠪᠠ᠃    ᠡᠨᠡ ᠤᠳᠠᠭᠠᠨ ᠤ ᠪᠣᠯᠪᠠᠰᠤᠷᠠᠯ ᠳᠤ᠂ ᠤᠯᠠᠭᠠᠨᠬᠠᠳᠠ ᠶᠢᠨ ᠪᠣᠥ ᠱᠠᠨ ᠬᠢᠲᠠᠳ ᠡᠮᠨᠡᠯᠭᠡ ᠶᠢᠨ ᠬᠤᠷᠢᠶᠠᠨ ᠤ 4 ᠲᠤᠰᠬᠠᠢ ᠮᠡᠷᠭᠡᠵᠢᠯᠲᠡᠨ ᠡᠮᠴᠢᠯᠡᠭᠡᠨ ᠤ ᠪᠣᠳᠠᠲᠤ ᠬᠡᠷᠡᠭ ᠤᠨ ᠵᠢᠱᠢᠶ᠎ᠡ ᠲᠠᠢ ᠤᠶᠠᠯᠳᠤᠭᠤᠯᠤᠨ᠂ ᠬᠢᠲᠠᠳ ᠡᠮ ᠤᠨ ᠵᠣᠷ ᠤᠨ ᠪᠢᠴᠢᠯᠭᠡ ᠶᠢᠨ ᠬᠡᠯᠪᠡᠷᠢ ᠵᠢᠴᠢ ᠪᠢᠴᠢᠯᠭᠡ ᠶᠢᠨ ᠳᠦᠷᠢᠮᠵᠢᠯ᠂ ᠬᠢᠲᠠᠳ ᠡᠮᠨᠡᠯᠭᠡ ᠶᠢᠨ ᠡᠪᠡᠳᠴᠢᠨ ᠤ ᠥᠩᠭᠡᠷᠡᠯᠲᠡ ᠶᠢ ᠪᠢᠴᠢᠬᠦ ᠪᠠ ᠬᠠᠮᠢᠶᠠᠷᠤᠯᠲᠠ ᠶᠢᠨ ᠦᠨᠳᠦᠰᠦᠨ ᠳᠦᠷᠢᠮᠵᠢᠯ᠂ ᠬᠢᠲᠠᠳ ᠡᠮᠨᠡᠯᠭᠡ ᠶᠢᠨ ᠡᠮ ᠤᠨ ᠪᠤᠰᠤ ᠵᠠᠰᠠᠯᠭ᠎ᠠ ᠶᠢᠨ ᠲᠦᠭᠰᠢᠭᠦᠷᠢ ᠶᠢ ᠰᠡᠷᠭᠡᠶᠢᠯᠡᠬᠦ᠂ ᠬᠢᠲᠠᠳ ᠡᠮᠨᠡᠯᠭᠡ ᠶᠢᠨ ᠰᠤᠪᠢᠯᠠᠯᠲᠠ ᠶᠢᠨ ᠣᠨᠴᠠᠯᠢᠭᠲᠤ ᠮᠡᠷᠭᠡᠵᠢᠯ ᠤᠨ ᠠᠵᠢᠯᠯᠠᠬᠤ ᠠᠷᠭ᠎ᠠ ᠵᠢᠴᠢ ᠠᠩᠬᠠᠷᠬᠤ ᠵᠦᠢᠯᠡᠰ᠂ ᠮᠣᠩᠭᠤᠯ ᠡᠮᠨᠡᠯᠭᠡ ᠶᠢᠨ ᠦᠷᠭᠦᠯᠵᠢ ᠬᠡᠷᠡᠭᠯᠡᠳᠡᠭ ᠭᠠᠳᠠᠷ ᠵᠠᠰᠠᠯᠭ᠎ᠠ ᠶᠢᠨ ᠠᠷᠭ᠎ᠠ ᠶᠢᠨ ᠡᠮᠴᠢᠯᠡᠭᠡᠨ ᠤ ᠬᠡᠷᠡᠭᠯᠡᠯᠲᠡ ᠵᠡᠷᠭᠡ ᠠᠭᠤᠯᠭ᠎ᠠ ᠳᠤ ᠭᠦᠨ ᠭᠦᠨᠵᠡᠭᠡᠢ᠂ ᠨᠠᠷᠢᠨ ᠲᠠᠶᠢᠯᠪᠤᠷᠢᠯᠠᠯᠲᠠ ᠬᠢᠵᠦ᠂ ᠦᠨᠳᠦᠰᠦᠨ ᠱᠠᠲᠤᠨ ᠤ ᠬᠢᠲᠠᠳ ᠡᠮᠨᠡᠯᠭᠡ ︵ᠮᠣᠩᠭᠤᠯ ᠡᠮᠨᠡᠯᠭᠡ︶᠎ ᠶᠢᠨ ᠬᠠᠮᠢᠶᠠᠷᠤᠯᠲᠠ᠂ ᠡᠮᠴᠢᠯᠡᠭᠡ ᠵᠢᠴᠢ ᠰᠤᠪᠢᠯᠠᠭᠴᠢ ᠶᠢᠨ ᠵᠢᠷᠤᠮᠵᠢᠭᠤᠯᠤᠨ ᠠᠵᠢᠯ ᠡᠷᠭᠢᠯᠡᠬᠦ ᠳᠤ ᠪᠦᠲᠦᠮᠵᠢᠲᠡᠶ ᠵᠢᠯᠣᠭᠤᠳᠤᠯᠭ᠎ᠠ ᠬᠠᠩᠭᠠᠭᠰᠠᠨ ᠪᠠᠶᠢᠨ᠎ᠠ᠃ ᠪᠣᠯᠪᠠᠰᠤᠷᠠᠯ ᠤᠨ ᠬᠤᠷᠠᠯ ᠤᠨ ᠳᠠᠷᠠᠭ᠎ᠠ ᠣᠨᠣᠯ ᠤᠨ ᠮᠡᠳᠡᠯᠭᠡ ᠶᠢᠨ ᠬᠢᠨᠠᠨ ᠰᠢᠯᠭᠠᠯᠲᠠ ᠬᠢᠭᠰᠡᠨ ᠤ ᠳ᠋ᠦᠩ ᠳᠤ ᠪᠦᠷ ᠬᠢᠷᠢ ᠲᠡᠩᠴᠡᠭᠰᠡᠨ ᠪᠠᠶᠢᠨ᠎ᠠ᠃    ᠲᠤᠰ ᠤᠳᠠᠭᠠᠨ ᠤ ᠪᠣᠯᠪᠠᠰᠤᠷᠠᠯ ᠢᠶᠠᠷ ᠳᠡᠮᠵᠢᠨ᠂ ᠡᠯ᠎ᠡ ᠱᠠᠲᠤᠨ ᠤ ᠡᠮᠴᠢᠯᠡᠭᠡᠨ ᠤ ᠪᠠᠶᠢᠭᠤᠯᠤᠮᠵᠢ ᠶᠢᠨ ᠬᠢᠲᠠᠳ ᠡᠮᠨᠡᠯᠭᠡ ︵ᠮᠣᠩᠭᠤᠯ ᠡᠮᠨᠡᠯᠭᠡ︶᠎ ᠶᠢᠨ ᠠᠵᠢᠯᠲᠠᠨ ᠤ ᠵᠣᠷ ᠵᠢᠴᠢ ᠡᠪᠡᠳᠴᠢᠨ ᠤ ᠲᠡᠦᠬᠡ ᠵᠡᠷᠭᠡ ᠪᠢᠴᠢᠭ ᠬᠠᠷ᠎ᠠ ᠶᠢᠨ ᠪᠢᠴᠢᠯᠭᠡ ᠶᠢ ᠤᠯᠠᠮ ᠨᠢᠭᠡ ᠠᠯᠬᠤᠮ ᠵᠢᠷᠤᠮᠵᠢᠭᠤᠯᠵᠤ᠂ ᠬᠢᠲᠠᠳ ᠡᠮᠨᠡᠯᠭᠡ ︵ᠮᠣᠩᠭᠤᠯ ᠡᠮᠨᠡᠯᠭᠡ︶᠎ ᠶᠢᠨ ᠣᠨᠣᠰᠢᠯᠠᠨ ᠡᠮᠨᠡᠬᠦ᠂ ᠰᠤᠪᠢᠯᠠᠬᠤ ᠶᠠᠰᠤ ᠴᠢᠨᠠᠷ ᠢ ᠳᠡᠭᠡᠭᠰᠢᠯᠡᠭᠦᠯᠦᠨ᠂ ᠬᠢᠲᠠᠳ ᠡᠮᠨᠡᠯᠭᠡ ︵ᠮᠣᠩᠭᠤᠯ ᠡᠮᠨᠡᠯᠭᠡ︶᠎ ᠶᠢᠨ ᠲᠣᠬᠢᠷᠠᠬᠤ ᠮᠡᠷᠭᠡᠵᠢᠯ ᠤᠨ ᠠᠵᠢᠯᠯᠠᠭᠠᠨ ᠤ ᠵᠢᠷᠤᠮᠵᠢᠯ ᠢ ᠴᠢᠩᠭᠠᠳᠬᠠᠵᠤ᠂ ᠬᠢᠲᠠᠳ ᠡᠮᠨᠡᠯᠭᠡ ︵ᠮᠣᠩᠭᠤᠯ ᠡᠮᠨᠡᠯᠭᠡ︶᠎ ᠶᠢᠨ ᠠᠵᠢᠯ ᠡᠷᠬᠢᠯᠡᠭᠰᠡᠳ ᠤᠨ ᠬᠠᠤᠯᠢ ᠶᠣᠰᠣᠭᠠᠷ ᠠᠵᠢᠯ ᠡᠷᠭᠢᠯᠡᠬᠦ ᠪᠠ ᠡᠮᠴᠢᠯᠡᠭᠡᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠦᠵᠡᠯ ᠤᠬᠠᠮᠰᠠᠷ ᠢ ᠴᠢᠩᠭᠠᠷᠠᠭᠤᠯᠤᠨ᠂ ᠮᠠᠨ ᠤ ᠲᠣᠭᠤᠷᠢᠭ ᠤᠨ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶᠎ ᠶᠢ ᠬᠥᠭᠵᠢᠭᠦᠯᠦᠨ ᠮᠠᠨᠳᠤᠭᠤᠯᠬᠤ ᠪᠠ ᠤᠯᠠᠮᠵᠢᠯᠠᠨ ᠵᠠᠯᠭᠠᠮᠵᠢᠯᠠᠬᠤ ᠳᠤ ᠬᠢᠮᠠᠭᠠᠳᠠᠯᠭ᠎ᠠ ᠵᠢᠯᠣᠭᠤᠳᠤᠯᠭ᠎ᠠ ᠦᠵᠡᠭᠦᠯᠪᠡ᠃ 
 
ᠢᠷᠡᠯᠲᠡ᠄ ᠶᠤᠸᠠᠨ ᠪᠣᠥ ᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠰᠥᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1