ᠶᠤᠸᠠᠨ ᠪᠦᠦ ᠱᠠᠨ ᠲᠣᠭᠤᠷᠢᠭ ᠤᠨ ᠬᠢᠨᠠᠨ ᠪᠤᠳᠤᠬᠤ ᠲᠣᠪᠴᠢᠶ᠎ᠠ 2023 ᠣᠨ ᠤ ᠠᠩᠬᠠᠳᠤᠭᠠᠷ ᠤᠳᠠᠭᠠᠨ ᠤ ᠬᠢᠨᠠᠨ ᠲᠢᠭᠯᠡᠬᠦ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/6/14
   
1_副本.jpg
       ᠣᠶᠢᠷ᠎ᠠ ᠳᠤ᠂ ᠶᠤᠸᠠᠨ ᠪᠦᠦ ᠱᠠᠨ ᠲᠣᠭᠤᠷᠢᠭ ᠤᠨ ᠬᠢᠨᠠᠨ ᠪᠤᠳᠤᠬᠤ ᠲᠣᠪᠴᠢᠶ᠎ᠠ ᠲᠦᠷᠦᠭᠦᠸ ᠬᠠᠭᠠᠰ ᠵᠢᠯ ᠤᠨ ᠬᠢᠨᠠᠨ ᠪᠤᠳᠤᠬᠤ ᠠᠵᠢᠯ ᠤᠨ ᠳᠤᠮᠳᠠ ᠢᠯᠡᠷᠡᠭᠦᠯᠦᠭᠰᠡᠨ ᠠᠰᠠᠭᠤᠳᠠᠯ ᠳᠤ ᠴᠢᠭᠯᠡᠭᠦᠯᠦᠨ ᠬᠢᠨᠠᠨ ᠲᠢᠭᠯᠡᠬᠦ ᠬᠤᠷᠠᠯ ᠬᠤᠷᠠᠯᠳᠤᠭᠤᠯᠵᠤ᠂ ᠬᠢᠨᠠᠨ ᠪᠤᠳᠤᠬᠤ ᠲᠤᠬᠠᠶᠢᠯᠠᠭᠰᠠᠨ ᠠᠵᠢᠯ ᠤᠨ ᠬᠢᠨᠠᠨ ᠲᠢᠭᠯᠡᠬᠦ ᠠᠵᠢᠯ ᠢ ᠪᠥᠬᠦ ᠲᠠᠯ᠎ᠠ ᠪᠠᠷ ᠴᠢᠩᠭᠠᠳᠬᠠᠨ᠂ ᠬᠢᠨᠠᠨ ᠪᠤᠳᠤᠬᠤ ᠠᠵᠢᠯᠯᠠᠭ᠎ᠠ ᠶᠢ ᠤᠯᠠᠮ ᠨᠢᠭᠡ ᠠᠯᠬᠤᠮ ᠵᠢᠷᠤᠮᠵᠢᠭᠤᠯᠵᠤ᠂ ᠬᠢᠨᠠᠨ ᠪᠤᠳᠤᠬᠤ ᠶᠠᠰᠤ ᠴᠢᠨᠠᠷ ᠢ ᠳᠡᠭᠡᠭᠰᠢᠯᠡᠭᠦᠯᠦᠨ᠂ ᠰᠣᠳᠣᠨ ᠪᠦᠲᠦᠭᠡᠯ ᠤᠨ ᠦᠵᠡᠯ ᠤᠬᠠᠮᠰᠠᠷ ᠢ ᠴᠢᠩᠭᠠᠷᠠᠭᠤᠯᠵᠤ᠂ ᠬᠢᠨᠠᠨ ᠪᠤᠳᠤᠬᠤ ᠲᠦᠭᠰᠢᠭᠦᠷᠢ ᠶᠢ ᠰᠡᠷᠭᠡᠶᠢᠯᠡᠪᠡ᠃    ᠬᠤᠷᠠᠯ ᠳᠡᠭᠡᠷ᠎ᠡ᠂ ᠬᠢᠨᠠᠨ ᠪᠤᠳᠤᠬᠤ ᠳᠤᠭᠤᠶᠢᠯᠠᠩ ᠤᠨ ᠪᠦᠷᠢᠯᠳᠦᠭᠦᠨ ᠨᠠᠷ ᠬᠢᠨᠠᠨ ᠪᠣᠳᠣᠯᠲᠠ ᠪᠠᠷ ᠢᠯᠡᠷᠡᠭᠦᠯᠦᠭᠰᠡᠨ ᠠᠰᠠᠭᠤᠳᠠᠯ᠂ ᠰᠠᠨᠠᠯ ᠬᠤᠷᠢᠶᠠᠭᠰᠠᠨ ᠪᠠᠶᠢᠳᠠᠯ ᠵᠢᠴᠢ ᠬᠢᠨᠠᠨ ᠪᠣᠳᠣᠯᠲᠠ ᠬᠢᠯᠭᠡᠭᠰᠡᠨ ᠨᠢᠭᠡᠴᠢ ᠶᠢᠨ ᠬᠠᠷᠢᠭᠤ ᠲᠤᠰᠬᠠᠭᠰᠠᠨ ᠰᠠᠨᠠᠯ ᠤᠨ ᠪᠠᠶᠢᠳᠠᠯ ᠢ ᠲᠣᠰ ᠲᠣᠰ ᠬᠠᠷᠢᠭᠤ ᠮᠡᠳᠡᠭᠦᠯᠪᠡ᠃ ᠲᠤᠰ ᠲᠣᠪᠴᠢᠶᠠᠨ ᠤ ᠤᠳᠤᠷᠢᠳᠬᠤ ᠪᠠᠭ ᠤᠨ ᠪᠦᠷᠢᠯᠳᠦᠭᠦᠨ ᠪᠣᠯᠣᠨ ᠡᠯ᠎ᠡ ᠲᠠᠰᠤᠭ ᠤᠨ ᠬᠠᠷᠢᠭᠤᠴᠠᠯᠭᠠᠲᠠᠨ ᠬᠤᠷᠠᠯ ᠎ ᠳᠤ ᠳᠤᠷᠠᠳᠤᠭᠰᠠᠨ ᠡᠯ᠎ᠡ ᠵᠦᠢᠯ ᠤᠨ ᠠᠰᠠᠭᠤᠳᠠᠯ ᠤᠨ ᠲᠤᠬᠠᠢ ᠰᠠᠨᠠᠯ ᠢᠶᠠᠨ ᠭᠦᠢᠴᠡᠳ ᠢᠯᠡᠳᠬᠡᠵᠦ ᠂ ᠲᠤᠰᠬᠠᠭᠰᠠᠨ ᠠᠰᠠᠭᠤᠳᠠᠯ ᠂ ᠬᠠᠤᠯᠢ ᠲᠣᠭᠲᠠᠭᠠᠯ ᠢ ᠡᠰᠢᠯᠡᠨ ᠬᠡᠷᠡᠭᠯᠡᠬᠦ ᠂ ᠰᠢᠢᠳᠪᠦᠷᠢᠯᠡᠬᠦ ᠰᠠᠨᠠᠯ ᠂ ᠬᠢᠨᠠᠨ ᠪᠣᠳᠣᠯᠲᠠ ᠶᠢᠨ ᠰᠠᠨᠠᠭᠤᠯᠭ᠎ᠠ ᠵᠡᠷᠭᠡ ᠲᠠᠯ᠎ᠠ ᠪᠠᠷ ᠭᠦᠢᠴᠡᠳ ᠶᠠᠷᠢᠯᠴᠠᠵᠤ ᠂ ᠬᠢᠨᠠᠨ ᠪᠣᠳᠣᠯᠲᠠ ᠶᠢᠨ ᠦᠷ᠎ᠡ ᠳ᠋ᠦᠩ ᠤᠨ ᠭᠤᠣᠯᠳᠠᠯᠭ᠎ᠠ ᠶᠢ ᠲᠤᠪᠤᠶᠢᠯᠭᠠᠬᠤ ᠂ ᠰᠢᠨᠵᠢ ᠴᠢᠨᠠᠷ ᠢ ᠣᠨᠣᠪᠴᠢᠲᠠᠢ ᠲᠣᠭᠲᠠᠭᠠᠬᠤ ᠂ ᠬᠢᠨᠠᠨ ᠪᠣᠳᠣᠯᠲᠠ ᠶᠢᠨ ᠰᠠᠨᠠᠭᠤᠯᠭ᠎ᠠ ᠶᠢ ᠵᠦᠢ ᠵᠣᠬᠢᠰᠲᠠᠢ ᠪᠠᠶᠢᠯᠭᠠᠬᠤ ᠶᠢ ᠪᠠᠲᠤᠯᠠᠵᠠᠢ ᠃    ᠬᠢᠨᠠᠨ ᠲᠢᠭᠯᠡᠬᠦ ᠬᠤᠷᠠᠯ ᠬᠤᠷᠠᠯᠳᠤᠭᠤᠯᠬᠤ ᠪᠠᠷ ᠳᠠᠮᠵᠢᠭᠤᠯᠤᠨ᠂ ᠬᠢᠨᠠᠨ ᠪᠤᠳᠤᠬᠤ ᠲᠤᠬᠠᠶᠢᠯᠠᠭᠰᠠᠨ ᠠᠵᠢᠯ ᠤᠨ ᠶᠠᠰᠤ ᠴᠢᠨᠠᠷ ᠢ ᠪᠥᠬᠦ ᠲᠠᠯ᠎ᠠ ᠪᠠᠷ ᠡᠵᠡᠮᠳᠡᠭᠰᠡᠨ ᠢᠶᠠᠷ ᠪᠠᠷᠠᠬᠤ ᠦᠭᠡᠢ ᠪᠠᠰᠠ ᠬᠢᠨᠠᠨ ᠪᠤᠳᠤᠬᠤ ᠡᠷᠬᠡ ᠶᠢᠨ ᠠᠵᠢᠯᠯᠠᠭᠠᠨ ᠢ ᠵᠢᠷᠤᠮᠵᠢᠭᠤᠯᠵᠤ᠂ ᠬᠢᠨᠠᠨ ᠪᠤᠳᠤᠬᠤ ᠡᠷᠬᠡ ᠳᠤ ᠬᠢᠨᠠᠯᠲᠠ ᠪᠠ ᠬᠢᠵᠠᠭᠠᠷᠯᠠᠯ ᠣᠯᠭᠤᠵᠤ᠂ ᠬᠢᠨᠠᠨ ᠪᠤᠳᠤᠬᠤ ᠬᠢᠨᠠᠯᠲᠠ ᠲᠠᠯᠪᠢᠬᠤ ᠦᠢᠯᠡᠴᠢᠯᠡᠭᠡᠨ ᠤ ᠠᠵᠤ ᠠᠬᠤᠢ ᠶᠢᠨ ᠬᠥᠭᠵᠢᠯᠲᠡ ᠶᠢ ᠪᠠᠲᠤᠯᠠᠬᠤ ᠴᠢᠬᠤᠯᠠ ᠦᠢᠯᠡᠳᠦᠯ ᠢ ᠨᠠᠩ ᠰᠠᠶᠢᠨ ᠪᠠᠳᠠᠷᠠᠭᠤᠯᠪᠠ᠃ 
 
ᠢᠷᠡᠯᠲᠡ᠄ ︽ᠾᠦᠸᠧ ᠯᠢ ᠶᠤᠸᠠᠨ ᠪᠦᠦ ᠱᠠᠨ ︾ ᠸᠢᠴᠠᠲ ᠨᠡᠶᠢᠲᠡ ᠶᠢᠨ ᠲᠠᠪᠴᠠᠩ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002984号-1